2024-03-07 11:36:08
ᠵᠢᠨ ᠵᠤᠧᠠᠩ ᠄
ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠠᠷᠠᠳᠴᠢᠯᠠᠯ᠎ᠢᠶᠠᠷ ᠪᠠᠢᠭᠤᠯᠬᠤ ᠬᠤᠷᠠᠯ᠎ᠤᠨ ᠥᠪᠥᠷ ᠮᠣᠩᠭᠣᠯ᠎ᠤᠨ ᠦᠪᠡᠷᠳᠡᠭᠡᠨ ᠵᠠᠰᠠᠬᠤ ᠤᠷᠤᠨ᠎ᠤ ᠬᠣᠷᠢᠶ᠎ᠠ ᠵᠢᠨ ᠡᠷᠬᠢᠯᠡᠭ᠌ᠴᠢ ᠭᠡᠱᠢᠭᠦᠨ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠶᠡᠬᠡ ᠰᠤᠷᠭᠠᠭᠤᠯᠢ᠎ᠶ᠋ᠢᠨ ᠵᠠᠬᠢᠷᠤᠯ

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠦ ᠭᠠᠵᠠᠷ ᠣᠷᠣᠨ᠎ᠤ ᠣᠳᠣᠬᠢᠴᠢᠯᠠᠬᠤ ᠪᠥᠲᠥᠭᠡᠨ ᠪᠠᠢᠭᠤᠯᠤᠯᠲᠠ᠎ᠶ᠋ᠢᠨ ᠠᠯᠬᠤᠴᠠ᠎ᠪᠠᠨ ᠲᠦᠷᠭᠡᠳᠭᠡᠬᠦ᠌᠎ᠶ᠋ᠢ ᠠᠬᠢᠭᠤᠯᠤᠨ᠎ᠠ ᠬᠡᠵᠤ ᠲᠤᠷᠠᠳᠤᠨ ᠭᠠᠷᠭᠠᠪᠠ᠃ ᠡᠨᠡ ᠬᠦ᠌ ᠲᠤᠬᠢᠷᠠᠭᠤᠯᠤᠯᠳᠠ ᠪᠠᠢᠷᠢᠯᠠᠭᠤᠯᠤᠯᠲᠠ ᠨᠢ ᠨᠠᠮᠠᠶ᠋ᠢ ᠲᠤᠢᠯ᠎ᠢᠶᠠᠷ ᠤᠷᠮᠠᠱᠢᠭᠤᠯᠤᠨ ᠵᠣᠷᠢᠭ᠍ᠵᠢᠭᠤᠯᠵᠠᠢ᠃ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠶᠡᠬᠡ ᠰᠤᠷᠭᠠᠭᠤᠯᠢ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶ᠋ᠢᠨ ᠠᠩᠬᠠᠳᠠᠭ᠍ᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠢᠯᠡᠳᠦᠯᠭᠡ᠎ᠶ᠋ᠢᠨ ᠬᠥᠮᠦᠵᠢᠯ᠎ᠦᠨ ᠰᠠᠭᠤᠷᠢᠨ᠎ᠢ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠰᠠᠭᠤᠷᠢᠨ᠎ᠢᠶᠠᠷ ᠵᠥᠪᠱᠢᠶᠡᠷᠡᠭ᠌ᠳᠡᠪᠡ᠂ 2023 ᠣᠨ᠎ᠳᠤ ᠰᠤᠷᠭᠠᠭᠤᠯᠢ ᠨᠢ ᠪᠠᠰᠠ ᠪᠦᠬᠦ᠌ ᠣᠷᠣᠨ᠎ᠤ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠨᠢᠭᠡᠴᠢ᠎ᠪᠡᠷ ᠰᠣᠩᠭᠣᠭ᠍ᠳᠠᠵᠠᠢ᠃
ᠱᠢᠨ᠎ᠡ ᠠᠶᠠᠨ ᠳᠤ᠂ ᠪᠢᠳᠡ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠰᠤᠷᠤᠭ᠍ᠴᠢᠳ᠎ᠤᠨ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠬᠤ ᠵᠢ ᠬᠦᠳᠦᠯᠦᠨ ᠵᠢᠯᠤᠭᠤᠳᠤᠨ᠎ᠠ᠃ ᠲᠣᠭ᠍ᠲᠠᠴᠠ᠎ᠶ᠋ᠢᠨ ᠪᠠᠲᠤᠯᠠᠭ᠎ᠠ᠂ ᠬᠢᠴᠢᠶᠡᠯ᠎ᠦᠨ ᠠᠭᠤᠰᠤᠯᠴᠠᠯ᠂ ᠲᠤᠰᠭᠠᠶ ᠰᠡᠳᠦᠪᠲᠦ ᠬᠥᠮᠦᠵᠢᠯ᠂ ᠭᠤᠤᠯ ᠰᠡᠳᠦᠪᠲᠦ ᠦᠶ᠋ᠯᠡᠳᠦᠯᠭᠡ᠂ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ ᠵᠡᠷᠭᠡ ᠲᠠᠯ᠎ᠠ᠎ᠪᠠᠷ ᠪᠠᠢᠩᠭᠤᠵᠢᠭ᠍ᠰᠠᠨ᠂ ᠣᠷᠳᠣ ᠬᠤᠭᠤᠴᠠᠭᠠᠨ᠎ᠤ ᠪᠦᠲᠦᠮᠵᠢᠲᠡᠶ ᠬᠥᠮᠦᠨ᠎ᠢ ᠬᠥᠮᠦᠵᠢᠭᠦᠯᠬᠦ᠌ ᠱᠢᠰᠲ᠋ᠧᠮ᠎ᠢ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠰᠤᠷᠭᠠᠭᠤᠯᠢ ᠡᠷᠭᠢᠯᠡᠵᠦ᠍ ᠰᠤᠷᠭᠠᠭᠤᠯᠢ᠎ᠶ᠋ᠢ ᠵᠠᠰᠠᠬᠤ᠂ ᠪᠢᠴᠢᠭ ᠵᠢᠭᠠᠵᠤ ᠬᠥᠮᠦᠨ᠎ᠢ ᠬᠥᠮᠦᠵᠢᠭᠦᠯᠬᠦ᠌ ᠪᠥᠬᠥ᠌ ᠶᠠᠪᠤᠴᠠ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠢᠨ ᠬᠠᠮᠳᠤ᠂ ᠬᠢᠯᠢ ᠬᠢᠵᠠᠭᠠᠷ ᠣᠷᠣᠨ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠰᠤᠳᠤᠯᠬᠤ ᠡᠷᠴᠢᠮ᠎ᠢᠶᠡᠨ ᠴᠢᠩᠭᠠᠷᠠᠭᠤᠯᠵᠤ᠂ ᠦᠨᠳᠦᠰᠦᠲᠡᠨ᠎ᠦ ᠭᠠᠵᠠᠷ ᠣᠷᠣᠨ᠎ᠤ ᠣᠳᠣᠬᠢᠴᠢᠯᠠᠯᠳᠠ ᠵᠢᠨ ᠪᠥᠳᠥᠭᠡᠨ ᠪᠠᠢᠭᠤᠯᠤᠯᠲᠠ᠎ᠶ᠋ᠢᠨ ᠠᠯᠬᠤᠴᠠ᠎ᠪᠠᠨ ᠲᠦᠷᠭᠡᠳᠭᠡᠬᠦ᠌᠎ᠶ᠋ᠢ ᠲᠥᠯᠬᠢᠨ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠦᠨᠡᠨ ᠬᠦ᠌ ᠪᠡᠬᠢᠵᠢᠭᠦᠯᠦᠨ ᠬᠥᠭ᠌ᠵᠢᠭᠦᠯᠦᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃