2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠵᠦᠪᠯᠡᠯᠭᠡ

2024-03-07 11:31:14

ᠵᠣᠬᠢᠶᠠᠭ᠍ᠴᠢ᠄ ᠸᠠᠩ ᠬᠤᠤ ᠮᠠ ᠵᠢᠶᠠᠨ ᠴᠢᠤᠧᠠᠨ ᠣᠩᠱᠢᠭ᠍ᠰᠠᠨ ᠣᠳᠠᠭ᠎ᠠ᠄ 3

ᠱᠢᠩ ᠵᠢᠶᠧ ᠬᠣᠩ᠄

ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠮᠣᠩᠭᠣᠯ ᠡᠮ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠢᠨᠵᠧᠨᠧᠷ


QQ截图20240307103142.png


ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 《ᠮᠠᠯ ᠠᠵᠤ ᠠᠬᠤᠢ᠂ ᠵᠢᠭᠠᠰᠤᠨ ᠠᠵᠤ ᠠᠬᠤᠢ᠎ᠶ᠋ᠢᠨ ᠦᠢᠯᠡᠳᠪᠦᠷᠢᠯᠡᠯ᠎ᠦᠨ ᠴᠢᠳᠠᠪᠤᠷᠢ᠎ᠶ᠋ᠢ ᠲᠣᠭ᠍ᠲᠠᠪᠤᠷᠢᠵᠢᠭᠤᠯᠤᠨ᠎ᠠ》 ᠭᠡᠵᠦ᠍ ᠳᠤᠷᠠᠳᠤᠭ᠍ᠰᠠᠨ ᠨᠢ ᠨᠠᠳᠠ᠎ᠳᠤ ᠭᠦᠨ ᠰᠠᠭᠤᠭ᠍ᠳᠠᠯ ᠦᠯᠡᠳᠡᠭᠡᠵᠡᠢ᠃ ᠣᠳᠣᠬᠠᠨ᠎ᠳᠤ ᠥᠪᠥᠷ ᠮᠣᠩᠭᠣᠯ ᠶᠠᠭ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠯᠠᠪᠳᠠᠭᠤᠨ᠎ᠢᠶᠠᠷ ᠠᠬᠢᠭᠤᠯᠵᠤ ᠪᠣᠶ᠃ ᠮᠢᠨᠦ᠍ ᠪᠠᠢᠭ᠎ᠠ ᠲᠦᠩᠯᠢᠶᠣᠤ ᠬᠣᠲᠠ ᠪᠤᠯ ᠳᠡᠯᠡᠬᠡᠶ᠎ᠶ᠋ᠢᠨ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠱᠢᠵᠢᠷ ᠠᠯᠲᠠᠨ ᠤᠷᠤᠨ ᠪᠦᠰᠡ ᠳ᠋ᠤ ᠪᠠᠢᠷᠢᠰᠢᠵᠤ ᠪᠠᠢᠨ᠎ᠠ᠃ ᠮᠢᠬᠠᠨ᠎ᠤ ᠦᠬᠡᠷ᠎ᠦᠨ ᠦᠷ᠎ᠡ ᠡᠳ᠋᠎ᠤᠨ ᠡᠬᠢ ᠪᠠᠶᠠᠯᠢᠭ᠂ ᠡᠭᠦᠯᠳᠡᠷ᠎ᠢ ᠰᠠᠢᠵᠢᠷᠠᠭᠤᠯᠬᠤ᠂ ᠲᠡᠵᠢᠭᠡᠨ ᠦᠷᠡᠵᠢᠭᠦᠯᠬᠦ᠌ ᠬᠡᠪᠴᠢᠶ᠎ᠡ᠂ ᠨᠠᠷᠠᠲᠤ ᠲᠡᠮᠳᠡᠭᠳᠤ ᠵᠢᠨ ᠦᠨ᠎ᠡ ᠥᠷᠲᠡᠭ᠂ ᠠᠷᠠᠯᠵᠢᠶᠠᠨ᠎ᠤ ᠲᠣᠭ᠎ᠠ ᠬᠡᠮᠵᠢᠶ᠎ᠡ᠂ ᠦᠶ᠋ᠯᠡᠴᠢᠯᠡᠭᠡᠨ᠎ᠦ ᠱᠢᠰᠲ᠋ᠧᠮ ᠵᠡᠷᠭᠡ ᠵᠢᠷᠭᠤᠭᠠᠨ ᠶᠡᠬᠡ ᠭᠦᠶ᠋ᠴᠡᠳᠭᠡᠯ ᠲᠣᠭ᠎ᠠ ᠨᠢ ᠴᠥᠮ ᠪᠥᠬᠥ᠌ ᠤᠯᠤᠰ᠎ᠤᠨ ᠲᠤᠰᠭᠠᠶ ᠣᠷᠣᠨ᠎ᠤ ᠲᠠᠰ᠎ᠤᠨ ᠬᠣᠲᠠ᠎ᠶ᠋ᠢᠨ ᠲᠤᠳᠤᠷ᠎ᠠ ᠲᠡᠷᠢᠭᠦᠨ᠎ᠳᠦ ᠣᠷᠣᠵᠤ ᠪᠠᠢᠨ᠎ᠠ᠃

ᠡᠨᠡ ᠵᠢᠯ᠎ᠦᠨ ᠪᠥᠬᠥ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠪᠢ 《ᠲᠦᠩᠯᠢᠶᠣᠤ ᠬᠣᠲᠠ ᠵᠢᠨ 〈ᠪᠥᠬᠥ᠌ ᠤᠯᠤᠰ᠎ᠤᠨ ᠮᠢᠬᠠᠨ᠎ᠤ ᠦᠬᠡᠷ᠎ᠦᠨ ᠠᠵᠤ ᠦᠶ᠋ᠯᠡᠰ᠎ᠦᠨ ᠨᠢᠭᠡᠳᠦᠭᠡᠷ ᠴᠢᠬᠤᠯᠠ ᠰᠠᠭᠤᠷᠢᠨ᠎ᠢ ᠪᠥᠲᠥᠭᠡᠨ ᠪᠠᠢᠭᠤᠯᠬᠤ᠎ᠶ᠋ᠢ ᠴᠢᠨᠠᠭᠰᠢᠳᠠ ᠳᠡᠮᠵᠢᠬᠦ᠌ ᠲᠤᠬᠠᠶ ᠰᠠᠨᠠᠭᠤᠯᠭ᠎ᠠ》 ᠶ᠋ᠢ ᠠᠪᠴᠢᠷᠠᠵᠤ᠂ ᠤᠯᠤᠰ᠎ᠠᠴᠠ ᠮᠢᠬᠠᠨ᠎ᠤ ᠦᠬᠡᠷ᠎ᠦᠨ ᠡᠬᠦᠯᠳᠡᠷ᠎ᠦᠨ ᠦᠶ᠋ᠯᠡᠰ᠎ᠦᠨ ᠪᠥᠲᠥᠭᠡᠨ ᠪᠠᠢᠭᠤᠯᠤᠯᠲᠠ᠎ᠶ᠋ᠢ ᠳᠡᠮᠵᠢᠬᠦ᠌ ᠡᠷᠴᠢᠮ᠎ᠢᠶᠡᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠦᠩᠯᠢᠶᠣᠤ ᠬᠣᠲᠠ᠎ᠳ᠋ᠤ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠮᠢᠬᠠᠨ᠎ᠤ ᠦᠬᠡᠷ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠤᠯᠤᠰ᠎ᠤᠨ ᠮᠢᠬᠠᠨ᠎ᠤ ᠦᠬᠡᠷ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠣᠯᠭᠠᠨ ᠪᠥᠲᠥᠭᠡᠨ ᠪᠠᠢᠭᠤᠯᠬᠤ᠎ᠶ᠋ᠢ ᠳᠡᠮᠵᠢᠬᠦ᠌᠂ ᠲᠦᠩᠯᠢᠶᠣᠤ ᠬᠣᠲᠠ᠎ᠶ᠋ᠢᠨ 520 ᠲᠦᠮᠡᠨ ᠮᠥ᠍ ᠵᠢᠨ ᠬᠥᠬᠡ ᠳᠠᠷᠤᠰᠢ᠎ᠶ᠋ᠢᠨ ᠡᠷᠳᠡᠨᠢ ᠱᠢᠰᠢ᠂ ᠵᠢᠯ᠎ᠳᠦ 1560 ᠲᠦᠮᠡᠨ ᠲᠣᠨ ᠨᠦᠭᠡᠴᠡᠯᠡᠬᠦ ᠬᠦᠭᠡ ᠳᠠᠷᠤᠰᠢ᠎ᠶ᠋ᠢᠨ ᠪᠤᠷᠳᠤᠭ᠎ᠠ ᠶ᠋ᠢ ᠢᠳᠡᠭ ᠢᠳᠡᠭ᠎ᠢᠶᠠᠷ ᠪᠤᠶᠤ ᠪᠦᠬᠦᠨ᠎ᠢ 《ᠠᠮᠤ ᠪᠤᠳᠠᠭ᠎ᠠ᠎ᠶ᠋ᠢ ᠪᠣᠷᠳᠣᠭ᠎ᠠ ᠪᠣᠯᠭᠠᠨ ᠥᠭᠡᠷᠡᠴᠢᠯᠡᠬᠦ᠌》 ᠨᠥᠬᠥᠪᠥᠷᠢ᠎ᠶ᠋ᠢᠨ ᠬᠡᠪᠴᠢᠶᠡᠨ᠎ᠳᠦ ᠣᠷᠣᠭᠤᠯᠵᠤ᠂ ᠰᠠᠭᠤᠷᠢ ᠡᠭᠡ ᠮᠠᠯ᠎ᠤᠨ ᠰᠦᠷᠦᠭᠵᠢᠯ᠎ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠲᠥᠷᠥᠯ ᠵᠦᠶ᠋ᠯ᠎ᠦᠨ ᠣᠷᠣᠨ᠎ᠢ ᠥᠷᠭᠡᠳᠭᠡᠬᠦ; ᠦᠬᠡᠷ᠎ᠦᠨ ᠮᠢᠬᠠᠨ᠎ᠤ ᠪᠦᠲᠦᠭᠡᠭ᠌ᠳᠡᠬᠦᠨ᠂ ᠳᠠᠭᠠᠯᠲᠠ ᠪᠦᠲᠦᠭᠡᠭ᠌ᠳᠡᠬᠦᠨ᠎ᠢ ᠰᠤᠳᠤᠯᠤᠨ ᠨᠡᠭᠡᠭᠡᠬᠦ᠌᠂ ᠤᠷᠢᠳᠴᠢᠯᠠᠨ ᠦᠶ᠋ᠯᠡᠳᠦᠭ᠌ᠰᠡᠨ ᠢᠳᠡᠭᠡᠨ ᠵᠢᠴᠢ ᠠᠮᠢᠳᠤ ᠪᠣᠳᠠᠰ᠎ᠤᠨ ᠡᠮ ᠦᠶ᠋ᠯᠡᠳᠬᠦ᠌ ᠵᠡᠷᠭᠡ ᠥᠨᠳᠥᠷ ᠨᠡᠮᠡᠯᠲᠡ ᠥᠷᠲᠡᠭ᠎ᠪᠦᠬᠦᠢ ᠪᠦᠲᠦᠭᠡᠭ᠌ᠳᠡᠬᠦᠨ᠎ᠢ ᠦᠶ᠋ᠯᠡᠳᠪᠦᠷᠢᠯᠡᠬᠦ᠌ ᠵᠡᠷᠭᠡ ᠲᠠᠯ᠎ᠠ᠎ᠪᠠᠷ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠦᠵᠡᠭᠦᠯᠬᠦ ᠲᠤᠬᠠᠢ ᠰᠠᠨᠠᠭᠤᠯᠭ᠎ᠠ ᠲᠡᠪᠰᠢᠬᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面