2024-03-08 11:23:17
ᠸᠠᠩ ᠼᠠᠢ ᠶᠦᠨ᠄ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠲᠥᠯᠥᠭᠡᠯᠡᠭ᠌ᠴᠢ᠂ ᠤᠯᠤᠰ ᠤ᠋ᠨ ᠰᠦ ᠵᠢᠨ ᠦᠶ᠋ᠯᠡᠰ᠎ᠦᠨ ᠮᠡᠷᠭᠡᠵᠢᠯ᠎ᠦᠨ ᠱᠢᠨ᠎ᠡ ᠶ᠋ᠢ ᠡᠭᠦᠳᠬᠦ᠌ ᠲᠥᠪ᠎ᠦᠨ ᠦᠨᠳᠦᠷ ᠵᠡᠷᠭᠡ ᠵᠢᠨ ᠲᠤᠰᠭᠠᠶ ᠮᠡᠷᠭᠡᠵᠢᠯᠲᠡᠨ᠂ ᠢ ᠯᠢ ᠪᠦᠯᠦᠭ᠌ᠯᠡᠯ᠎ᠦᠨ ᠪᠥᠬᠥ᠌ ᠪᠥᠮᠪᠥᠷᠴᠡᠭ᠎ᠦᠨ ᠱᠢᠨ᠎ᠡ ᠶ᠋ᠢ ᠡᠭᠦᠳᠬᠦ᠌ ᠲᠥᠪ᠎ᠦᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠶᠡᠷᠦᠩᠬᠡᠢ ᠪᠠᠢᠴᠠᠭᠠᠭᠴᠢ

ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠦᠨ ᠪᠠᠢᠭᠤᠯᠤᠯᠲᠠ ᠶ᠋ᠢ ᠶᠡᠬᠡ ᠪᠡᠷ ᠠᠬᠢᠭᠤᠯᠵᠤ᠂ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ ᠢ᠋ ᠲᠦᠷᠭᠡᠳᠭᠡᠨ ᠬᠥᠭ᠌ᠵᠢᠭᠦᠯᠦᠨ᠎ᠡ ᠭᠡᠵᠦ᠍ ᠳᠤᠷᠠᠳᠪᠠ᠃ ᠰᠦ ᠵᠢᠨ ᠦᠢᠯᠡᠰ᠎ᠦᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠡᠮᠦᠨ᠎ᠡ ᠹᠷᠣᠨᠲ ᠲᠤ᠌ ᠪᠠᠢᠭ᠎ᠠ ᠪᠢᠳᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠶ᠋ᠢ ᠡᠭᠦᠳᠬᠦ ᠪᠡᠷ ᠠᠵᠤ ᠦᠢᠯᠡᠰ᠎ᠦᠨ ᠱᠢᠨ᠎ᠡ ᠶ᠋ᠢ ᠡᠭᠦᠳᠬᠦ᠌ ᠶ᠋ᠢ ᠡᠷᠡᠰ ᠠᠬᠢᠭᠤᠯᠵᠤ᠂ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ ᠢ᠋ ᠪᠦᠷᠢᠯᠳᠦᠭᠦᠯᠬᠦ᠌ ᠶ᠋ᠢ ᠲᠦᠷᠭᠡᠳᠭᠡᠨ ᠠᠬᠢᠭᠤᠯᠵᠤ᠂ ᠰᠦ ᠵᠢᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ ᠶ᠋ᠢ ᠪᠡᠶᠡᠯᠡᠭᠦᠯᠬᠦ᠌ ᠶ᠋ᠢ ᠠᠬᠢᠭᠤᠯᠤᠨ᠎ᠠ᠃
ᠰᠦ ᠵᠢᠨ ᠦᠶ᠋ᠯᠡᠰ ᠪᠣᠯ ᠤᠯᠤᠰ ᠤ᠋ᠨ ᠠᠵᠤ ᠠᠬᠤᠶ ᠠᠷᠠᠳ ᠤ᠋ᠨ ᠠᠮᠢᠳᠤᠷᠠᠯ ᠳ᠋ᠤ ᠬᠣᠯᠪᠣᠭ᠍ᠳᠠᠵᠤ᠂ ᠠᠷᠠᠳ ᠢᠷᠭᠡᠳ᠎ᠦᠨ ᠡᠷᠡᠭᠦᠯ ᠮᠡᠨᠳᠦ᠍ ᠵᠢᠨ ᠰᠠᠭᠤᠷᠢ ᠠᠵᠤ ᠦᠶ᠋ᠯᠡᠰ ᠮᠥᠨ᠂ ᠪᠠᠰᠠ ᠴᠤ᠌ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠢ᠋ ᠦᠨᠡᠨ ᠬᠦ᠌ ᠪᠠᠲᠤᠯᠠᠬᠤ ᠪᠠᠢᠯᠳᠤᠬᠤ ᠪᠣᠳᠣᠯᠭ᠎ᠠ ᠵᠢᠨ ᠴᠢᠨᠠᠷᠲᠠᠶ ᠠᠵᠤ ᠦᠶ᠋ᠯᠡᠰ ᠮᠥᠨ᠃ ᠰᠦ ᠵᠢᠨ ᠦᠢᠯᠡᠰ᠎ᠦᠨ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ ᠢ᠋ ᠪᠦᠷᠢᠯᠳᠦᠭᠦᠯᠬᠦ᠌ ᠶ᠋ᠢ ᠲᠦᠷᠭᠡᠳᠭᠡᠨ ᠠᠬᠢᠭᠤᠯᠬᠤ ᠳ᠋ᠤ᠂ ᠪᠦᠬᠦ᠌ ᠬᠡᠯᠬᠢᠶ᠎ᠡ᠎ᠪᠡᠷ ᠱᠢᠨ᠎ᠡ ᠶ᠋ᠢ ᠡᠭᠦᠳᠬᠦ᠌ ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠦᠷ᠎ᠡ ᠪᠦᠲᠦᠭᠡᠯ᠎ᠦᠨ ᠬᠤᠪᠢᠷᠠᠭᠤᠯᠤᠯᠲᠠ ᠶ᠋ᠢ ᠠᠬᠢᠭᠤᠯᠤᠨ᠎ᠠ; ᠬᠥᠭ᠌ᠵᠢᠯᠲᠡ ᠵᠢᠨ ᠠᠵᠠ ᠲᠣᠬᠢᠶᠠᠯ ᠢ᠋ ᠠᠮᠵᠢᠵᠤ᠂ ᠲᠤᠭᠠᠴᠢᠯᠠᠭᠰᠠᠨ ᠤᠶᠤᠨᠴᠢᠯᠠᠭᠰᠠᠨ ᠲᠡᠰ ᠳᠡᠪᠱᠢᠬᠦ᠌ ᠶ᠋ᠢ ᠥᠨᠳᠥᠷ ᠪᠦᠲᠦᠮᠵᠢᠲᠡᠢ ᠠᠬᠢᠭᠤᠯᠤᠨ᠎ᠠ; ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠶ᠋ᠢ ᠢᠳᠡᠪᠬᠢᠲᠡᠢ ᠠᠬᠢᠭᠤᠯᠵᠤ᠂ ᠨᠡᠭᠦᠷᠡᠰᠦᠲᠥ᠋ᠷᠥᠭ᠌ᠴᠢ ᠦᠭᠡᠢ ᠠᠵᠤ ᠦᠢᠯᠡᠰ᠎ᠦᠨ ᠬᠡᠯᠬᠢᠶ᠎ᠡ ᠶ᠋ᠢ ᠬᠦᠴᠦᠯᠡᠨ ᠪᠠᠢᠭᠤᠯᠤᠨ᠎ᠠ; ᠱᠢᠨ᠎ᠡ ᠶ᠋ᠢ ᠡᠭᠦᠳᠬᠦ᠌ ᠠᠭᠤᠰᠤᠯᠴᠠᠯ ᠤ᠋ᠨ ᠲᠠᠪᠴᠠᠩ ᠢ᠋ ᠪᠠᠢᠭᠤᠯᠵᠤ᠂ ᠴᠢᠳᠠᠪᠤᠷᠢᠲᠠᠨ ᠢ᠋ ᠬᠥᠮᠦᠵᠢᠭᠦᠯᠬᠦ᠌ ᠶ᠋ᠢ ᠦᠨᠡᠨ ᠬᠦ᠌ ᠴᠢᠩᠭᠠᠳᠭᠠᠨ᠎ᠠ᠃
ᠲᠤᠷᠱᠢᠯᠲᠠ ᠵᠢᠨ ᠲᠠᠰᠤᠭ ᠤ᠋ᠨ ᠰᠤᠳᠤᠯᠭᠠᠨ ᠤ᠋ ᠦᠷ᠎ᠡ ᠪᠦᠲᠦᠭᠡᠯ ᠨᠢ ᠦᠢᠯᠡᠳᠪᠦᠷᠢᠯᠡᠯ᠎ᠦᠨ ᠱᠤᠭᠤᠮ ᠤ᠋ᠨ ᠪᠦᠲᠦᠭᠡᠭ᠌ᠳᠡᠬᠦᠨ ᠪᠤᠯᠵᠤ᠂ ᠴᠢᠨᠠᠭ᠍ᠰᠢᠳᠠ ᠬᠡᠷᠡᠭ᠌ᠯᠡᠭ᠌ᠴᠢᠳ᠎ᠦᠨ ᠭᠠᠷ᠎ᠲᠠᠬᠢ ᠢᠳᠡᠭᠡᠨ ᠪᠣᠯᠬᠤ ᠶ᠋ᠢ ᠦᠵᠡᠬᠦ᠌ ᠪᠦᠷᠢ᠂ ᠰᠤᠳᠤᠯᠤᠨ ᠨᠡᠭᠡᠭᠡᠬᠦ᠌ ᠪᠦᠯᠬᠦᠮ᠎ᠦᠨ ᠨᠢᠭᠡ ᠭᠡᠱᠢᠭᠦᠨ ᠪᠣᠯᠤᠭ᠍ᠰᠠᠨ ᠤ᠋ ᠬᠤᠪᠢ ᠳ᠋ᠤ ᠪᠢ ᠲᠤᠢᠯ ᠵᠢᠡᠷ ᠣᠮᠣᠭ᠍ᠰᠢᠳᠠᠭ᠃ ᠪᠢᠳᠡ ᠦᠷᠭᠦᠯᠵᠢᠯᠡᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠶ᠋ᠢ ᠡᠭᠦᠳᠬᠦ᠌ ᠬᠦᠴᠦᠨ ᠵᠢᠡᠷ ᠠᠷᠠᠳ ᠢᠷᠭᠡᠳ᠎ᠦᠨ ᠡᠷᠡᠭᠦᠯ ᠮᠡᠨᠳᠦ᠍ ᠶ᠋ᠢ ᠰᠠᠬᠢᠨ ᠬᠠᠮᠠᠭᠠᠯᠠᠵᠤ᠂ ᠳᠤᠮᠳᠠᠳᠤ ᠤᠯᠤᠰ ᠤ᠋ᠨ ᠰᠦ ᠵᠢᠨ ᠦᠢᠯᠡᠰ᠎ᠦᠨ ᠬᠥᠭ᠌ᠵᠢᠯᠲᠡ ᠳ᠋ᠤ ᠨᠡᠩ ᠤᠯᠠᠨ ᠬᠦᠴᠦᠨ ᠴᠢᠳᠠᠯ ᠵᠢᠡᠨ ᠡᠷᠭᠦᠨ᠎ᠡ᠃
(ᠵᠤᠬᠢᠶᠠᠯ / ᠵᠢᠷᠤᠭ᠄ ᠲᠤᠰ ᠰᠣᠨᠢᠨ ᠤ᠋ ᠰᠤᠷᠪᠤᠯᠵᠢᠯᠠᠭ᠍ᠴᠢ ᠸᠠᠩ ᠬᠤᠸ᠋ ᠮᠠ ᠵᠢᠶᠠᠨ ᠴᠢᠤᠸᠠᠨ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃