2024-03-08 11:31:47
ᠵᠢᠢ ᠶᠦᠩ ᠴᠢᠶᠠᠨ᠄ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳᠦᠨ ᠶᠡᠬᠡ ᠬᠤᠷᠠᠯ ᠤ᠋ᠨ ᠲᠥᠯᠥᠭᠡᠯᠡᠭ᠌ᠴᠢ᠂ ᠬᠥᠯᠥᠨ ᠪᠣᠢᠷ ᠬᠣᠲᠠ ᠵᠢᠨ ᠨᠠᠮ ᠤ᠋ᠨ ᠬᠣᠷᠢᠶ᠎ᠠ ᠵᠢᠨ ᠳᠡᠳ᠋ ᠱᠦᠵᠢ᠂ ᠬᠣᠲᠠ ᠵᠢᠨ ᠳᠠᠷᠤᠭ᠎ᠠ

《ᠬᠥᠬᠡᠮᠳᠦᠭ ᠨᠣᠭᠣᠭᠠᠨ ᠠᠭᠤᠯᠠ ᠤᠰᠤ ᠪᠣᠯ ᠳᠠᠷᠤᠢ ᠠᠯᠲᠠ ᠮᠥᠩᠭᠥᠨ ᠠᠭᠤᠯᠠ ᠮᠥᠨ ᠭᠡᠬᠦ᠌ ᠣᠢᠯᠠᠭᠠᠭ᠍ᠳᠠᠬᠤᠨ ᠢ᠋ ᠭᠦᠨᠵᠡᠭᠡᠶ ᠦᠶ᠋ᠯᠡᠳᠦᠯᠭᠡᠵᠢᠭᠦᠯᠵᠦ᠍᠂ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠲᠠ ᠶ᠋ᠢ ᠪᠠᠭᠠᠰᠬᠠᠬᠤ᠂ ᠪᠣᠬᠢᠷᠲᠤᠯ ᠢ᠋ ᠪᠠᠭᠠᠰᠭᠠᠬᠤ᠂ ᠨᠣᠭᠣᠭᠠᠷᠠᠭᠤᠯᠤᠯᠲᠠ ᠶ᠋ᠢ ᠥᠷᠭᠡᠳᠭᠡᠬᠦ ᠵᠢᠴᠢ ᠨᠡᠮᠡᠭᠳᠡᠯ ᠢ ᠬᠠᠮᠵᠢᠯᠴᠠᠨ ᠠᠬᠢᠭᠤᠯᠵᠤ᠂ ᠬᠥᠮᠦᠨ ᠬᠢᠭᠡᠳ ᠪᠠᠢᠭᠠᠯᠢ ᠡᠶ᠎ᠡ ᠵᠣᠬᠢᠴᠠᠯᠲᠠᠶ ᠪᠡᠷ ᠬᠠᠮᠲᠤ ᠣᠷᠣᠱᠢᠬᠰᠡᠨ ᠦᠵᠡᠰᠭᠦᠯᠡᠩᠲᠦ ᠰᠠᠢᠬᠠᠨ ᠳᠤᠮᠳᠠᠳᠤ ᠤᠯᠤᠰ ᠢ᠋ ᠪᠥᠲᠥᠭᠡᠨ ᠪᠠᠢᠭᠤᠯᠤᠨ᠎ᠠ》 ᠭᠡᠰᠡᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯᠳᠡᠬᠢ ᠠᠮᠢ ᠠᠬᠤᠢᠣᠷᠴᠢᠨ ᠲᠣᠭᠣᠷᠢᠨ ᠤ᠋ ᠲᠤᠬᠠᠢ ᠠᠭᠤᠯᠭ᠎ᠠ ᠨᠢ ᠨᠠᠮᠠᠶ᠋ᠢ ᠲᠤᠢᠯ ᠵᠢᠡᠷ ᠤᠷᠮᠠᠱᠢᠭᠤᠯᠪᠠ᠃
ᠣᠢᠷ᠎ᠠ ᠵᠢᠨ ᠵᠢᠯ ᠳ᠋ᠤ᠂ ᠬᠥᠯᠥᠨ ᠪᠣᠢᠷ ᠬᠣᠲᠠ ᠠᠮᠢ ᠠᠬᠤᠶᠣᠷᠴᠢᠨ ᠲᠣᠭᠣᠷᠢᠨ ᠤ᠋ ᠬᠠᠮᠠᠭᠠᠯᠠᠯᠲᠠ ᠶ᠋ᠢ ᠪᠦᠬᠦ᠌ ᠭᠠᠵᠠᠷ ᠣᠷᠣᠨ ᠪᠦᠬᠦ ᠲᠠᠯ᠎ᠠ ᠪᠡᠷ ᠴᠢᠩᠭᠠᠳᠬᠠᠵᠤ᠂ ᠪᠣᠬᠢᠷᠲᠤᠯ ᠦᠭᠡᠢᠲᠡᠢᠰᠢ ᠬᠡᠯᠪᠡᠷᠢᠪᠡᠨ ᠬᠤᠪᠢᠷᠠᠭᠤᠯᠬᠤ ᠶ᠋ᠢ ᠪᠦᠬᠦ᠌ ᠬᠦᠷᠢᠶ᠎ᠠ ᠴᠠᠷᠠᠭ᠎ᠠ ᠪᠦᠬᠦ᠌ ᠶᠠᠪᠤᠴᠠᠳ᠋ᠤ ᠲᠤᠭᠤᠰᠢᠯᠠᠭᠤᠯᠤᠨ᠂ ᠶᠡᠬᠡ ᠪᠠᠭ᠎ᠠ ᠬᠢᠩᠭᠠᠨ ᠳᠠᠪᠠᠭ᠎ᠠ ᠵᠢᠨ ᠠᠮᠢ ᠠᠬᠤᠢ ᠶ᠋ᠢ ᠬᠠᠮᠠᠭᠠᠯᠠᠬᠤ᠂ ᠥᠪᠥᠷ ᠮᠣᠩᠭᠣᠯ ᠤ᠋ᠨ ᠵᠡᠭᠦᠨ ᠬᠡᠰᠡᠭᠦᠨ ᠨᠤᠲᠤᠭ ᠪᠡᠯᠴᠢᠭᠡᠷᠡᠯᠡᠰᠦᠷᠬᠡᠭ ᠭᠠᠵᠠᠷ ᠢ᠋ ᠶᠡᠷᠦᠩᠬᠡᠢᠯᠡᠨ ᠵᠠᠰᠠᠬᠤ ᠵᠡᠷᠭᠡ ᠭᠣᠣᠯᠳᠠᠯᠭᠠᠲᠠᠶ ᠢᠨᠵᠧᠨᠧᠷᠢᠩ ᠢ᠋ ᠨᠠᠷᠢᠨ ᠨᠢᠮᠪᠠᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠪᠦᠬᠦ᠌ ᠬᠤᠳᠠ ᠵᠢᠨ ᠠᠭᠠᠷ ᠤ᠋ᠨ ᠰᠢᠯᠢᠳᠡᠭ ᠰᠠᠢᠨ ᠡᠳᠦᠷᠦᠨ ᠲᠣᠭ᠎ᠠ ᠵᠢᠨ ᠬᠠᠷᠢᠴᠠᠯ 8 ᠵᠢᠯ ᠳᠠᠷᠠᠭᠠᠯᠠᠨ ᠪᠦᠬᠦ᠌ ᠣᠷᠣᠨᠳᠤ ᠨᠢᠭᠡᠳᠦᠭᠡᠷᠲᠦ ᠣᠷᠣᠪᠠ᠃
ᠤᠢ ᠱᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠭᠣᠣᠯ ᠮᠥᠷᠡᠨ ᠵᠡᠷᠭᠡ ᠠᠮᠢ ᠠᠬᠤᠢ ᠵᠢᠨ ᠡᠬᠢ ᠪᠠᠶᠠᠯᠢᠭ ᠤ᠋ᠨ ᠬᠥᠳᠡᠯᠦᠩᠭᠦᠢ ᠬᠢᠨᠠᠨ ᠬᠡᠮᠵᠢᠯᠲᠡ ᠶ᠋ᠢ ᠴᠢᠩᠭᠠᠳᠭᠠᠵᠤ᠂ ᠠᠮᠢ ᠠᠬᠤᠢ ᠵᠢᠨ ᠪᠦᠲᠦᠭᠡᠭ᠌ᠳᠡᠬᠦᠨᠦ ᠦᠷᠳᠡᠭᠦᠨ ᠲᠣᠭᠠᠴᠠᠭ᠎ᠠ ᠪᠠ ᠬᠡᠷᠡᠭ᠌ᠯᠡᠭᠡᠨᠦ ᠲᠠᠪᠴᠠᠩ ᠢ᠋ ᠪᠠᠢᠭᠤᠯᠤᠨ ᠲᠡᠭᠦᠯᠳᠡᠷᠵᠢᠭᠦᠯᠵᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠲᠦᠷᠦ᠍ ᠵᠢᠨ ᠪᠤᠳᠤᠯᠭ᠎ᠠ ᠵᠡᠷᠭᠡ ᠲᠠᠯ᠎ᠠ ᠪᠠᠷ ᠬᠢ ᠳᠡᠮᠵᠢᠬᠦ᠌ ᠡᠷᠴᠢᠮ ᠵᠢᠡᠨ ᠴᠢᠩᠭᠠᠷᠠᠭᠤᠯᠵᠤ᠂ ᠠᠮᠢ ᠠᠬᠤᠢ ᠵᠢᠨ ᠪᠦᠲᠦᠭᠡᠭ᠌ᠳᠡᠬᠦᠨᠦ ᠦᠷᠳᠡᠭᠦᠨ ᠪᠡᠶᠡᠯᠡᠭ᠌ᠳᠡᠬᠦ᠌ ᠶ᠋ᠢ ᠲᠦᠷᠭᠡᠳᠭᠡᠨ ᠠᠬᠢᠭᠤᠯᠵᠤ᠂ ᠠᠮᠢ ᠠᠬᠤᠢ ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠦᠭᠵᠢᠭᠦᠯᠬᠦ ᠪᠡᠷ ᠤᠳᠤᠷᠢᠳᠤᠮᠵᠢ ᠪᠤᠯᠭᠠᠬᠤ ᠱᠢᠨ᠎ᠡ ᠵᠠᠮ ᠵᠢᠡᠷ ᠡᠷᠡᠰ ᠭᠤᠢᠪᠢᠰᠢ ᠦᠭᠡᠢ ᠵᠠᠮᠨᠠᠬᠤ ᠪᠡᠷ ᠨᠡᠩ ᠴᠢᠷᠮᠠᠢᠬᠤ ᠬᠡᠷᠡᠭ᠌ᠲᠡᠢ ᠭᠡᠵᠦ᠍ ᠰᠠᠨᠠᠭᠤᠯᠪᠠ᠃
(ᠵᠤᠬᠢᠶᠠᠯ / ᠵᠢᠷᠤᠭ᠄ ᠲᠤᠰ ᠰᠣᠨᠢᠨ ᠤ᠋ ᠰᠤᠷᠪᠤᠯᠵᠢᠯᠠᠭ᠍ᠴᠢ ᠱᠢᠤᠢ ᠵᠢᠩ ᠮᠦᠩᠬᠡᠴᠢᠯᠠᠭᠤ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃