2024-03-08 11:41:51
ᠱᠢᠤᠢ ᠷᠦᠢ ᠱᠢᠶᠠ᠄ ᠪᠥᠬᠥ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨᠦ ᠭᠡᠱᠢᠭᠦᠨ᠂ ᠥᠪᠡᠷᠲᠡᠭᠡᠨ ᠵᠠᠰᠠᠬᠤ ᠣᠷᠣᠨ ᠤ᠋ ᠬᠥᠮᠦᠨᠦ ᠬᠦᠴᠦᠨᠦ ᠡᠬᠢ ᠪᠠᠶᠠᠯᠢᠭ ᠪᠠ ᠨᠡᠢᠭᠡᠮᠦᠨ ᠪᠠᠲᠤᠯᠠᠭᠠ ᠵᠢᠨ ᠲᠢᠩᠬᠢᠮ ᠤ᠋ᠨ ᠳᠡᠳ᠋ ᠳᠠᠷᠤᠭᠠ

ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ 《ᠠᠮᠢ ᠠᠬᠤᠶ ᠵᠢᠨ ᠦᠢᠯᠡᠳᠬᠦᠨᠦ ᠦᠷᠳᠡᠭ ᠢ᠋ ᠪᠡᠶᠡᠯᠡᠭᠦᠯᠬᠦ᠌ ᠲᠣᠭ᠍ᠲᠠᠴᠠ ᠶ᠋ᠢ ᠲᠡᠭᠦᠯᠳᠡᠷᠵᠢᠭᠦᠯᠵᠦ᠍᠂ ᠠᠮᠢ ᠠᠬᠤᠶ ᠵᠢᠨ ᠬᠠᠮᠠᠭᠠᠯᠠᠯᠲᠠ ᠵᠢᠨ ᠨᠥᠬᠥᠪᠥᠷᠢ ᠵᠢᠨ ᠲᠦᠷᠢᠮ ᠢ᠋ ᠲᠡᠭᠦᠯᠳᠡᠷᠵᠢᠭᠦᠯᠤᠨ᠂ ᠠᠮᠢ ᠠᠬᠤᠶ ᠣᠷᠴᠢᠨ ᠲᠤᠭᠤᠷᠢᠨ ᠢ᠋ ᠬᠠᠮᠠᠭᠠᠯᠠᠨ ᠰᠠᠢᠵᠢᠷᠠᠭᠤᠯᠬᠤ ᠡᠯᠡ ᠲᠠᠯᠠ ᠵᠢᠨ ᠢᠳᠡᠪᠬᠢᠵᠢᠯ ᠢ᠋ ᠭᠦᠢᠴᠡᠳ ᠳᠠᠢᠴᠢᠯᠠᠬᠤ ᠬᠡᠷᠡᠭ᠌ᠲᠡᠶ》 ᠭᠡᠵᠦ᠍ ᠳᠤᠷᠠᠳᠤᠭ᠍ᠰᠠᠨ ᠳ᠋ᠤ ᠪᠢ ᠲᠤᠢᠯ ᠵᠢᠡᠷ ᠵᠣᠷᠢᠭ᠍ᠵᠢᠪᠠ᠃
ᠨᠤᠲᠤᠭ ᠪᠡᠯᠴᠢᠭᠡᠷᠦᠨ ᠠᠮᠢ ᠠᠬᠤᠶ ᠵᠢᠨ ᠬᠠᠮᠠᠭᠠᠯᠠᠯᠲᠠᠵᠢᠨ ᠱᠠᠩᠨᠠᠯ ᠨᠦᠬᠦᠪᠦᠷᠢ ᠵᠢᠨ ᠲᠥᠷᠥ ᠵᠢᠨ ᠪᠣᠳᠣᠯᠭᠠ ᠪᠣᠯ ᠮᠠᠨ ᠤ᠋ ᠤᠯᠤᠰ ᠤ᠋ᠨ ᠮᠠᠯᠵᠢᠬᠤ ᠣᠷᠣᠨ ᠤ᠋ ᠬᠠᠮᠤᠷᠬᠤ ᠬᠡᠪᠴᠢᠶᠡ ᠪᠡᠷ ᠬᠠᠮᠤᠭ ᠤ᠋ᠨ ᠥᠷᠭᠡᠨ᠂ ᠮᠠᠯᠴᠢᠨ ᠲᠠᠷᠢᠶᠠᠴᠢᠨ ᠳ᠋ᠤ ᠬᠠᠮᠤᠭ ᠢᠯᠡᠬᠦᠦ ᠬᠣᠯᠪᠣᠭ᠍ᠳᠠᠬᠤ ᠠᠷᠠᠳ ᠲᠤ᠌ ᠠᠱᠢᠭ ᠬᠦᠷᠲᠡᠭᠡᠬᠦ᠌ ᠲᠥᠷᠥ ᠵᠢᠨ ᠪᠣᠳᠣᠯᠭᠠ ᠪᠣᠯᠤᠨᠠ᠃ ᠲᠥᠷᠥ ᠵᠢᠨ ᠪᠣᠳᠣᠯᠭᠠ ᠶ᠋ᠢ ᠭᠦᠨᠵᠡᠭᠡᠶ ᠨᠠᠢᠳᠠᠪᠤᠷᠢᠵᠢᠭᠤᠯᠬᠤ ᠶ᠋ᠢ ᠳᠠᠭᠠᠯᠳᠤᠨ᠂ ᠮᠠᠨ ᠤ᠋ ᠣᠷᠣᠨ ᠨᠤᠲᠤᠭ ᠪᠡᠯᠴᠢᠭᠡᠷ ᠢ᠋ ᠦᠷᠭᠦᠯᠵᠢᠯᠡᠨ ᠠᠱᠢᠭ᠍ᠯᠠᠬᠤ ᠲᠠᠯᠠᠪᠠᠷ ᠵᠣᠬᠢᠬᠤ ᠦᠷᠡ ᠪᠦᠲᠦᠮᠵᠢ ᠣᠯᠤᠭ᠍ᠰᠠᠨ ᠪᠣᠯᠪᠠᠴᠤ᠌ ᠪᠡᠯᠴᠢᠭᠡᠷᠦᠨ ᠳᠠᠭᠠᠭᠠᠴᠠ ᠡᠴᠡ ᠬᠡᠲᠦᠷᠡᠲᠡᠯᠡ ᠪᠡᠯᠴᠢᠭᠡᠷᠯᠡᠭᠦᠯᠵᠤ ᠪᠠᠢᠬᠤ ᠠᠰᠠᠭᠤᠳᠠᠯ ᠢ᠋ ᠦᠨᠳᠦᠰᠦᠨᠡᠴᠡ ᠨᠢ ᠱᠢᠶ᠋ᠳᠪᠦᠷᠢᠯᠡᠭᠡᠳᠦᠶ ᠪᠠᠢᠭ᠍ᠰᠠᠭᠠᠷ᠃ ᠡᠨᠡ ᠬᠦ᠌ ᠠᠰᠠᠭᠤᠳᠠᠯ ᠢ᠋ ᠪᠦᠲᠦᠮᠵᠢᠲᠡᠶ ᠱᠢᠶ᠋ᠳᠪᠦᠷᠢᠯᠡᠵᠦ᠍᠂ ᠤᠯᠤᠰ ᠤ᠋ᠨ ᠨᠤᠲᠤᠭ ᠪᠡᠯᠴᠢᠭᠡᠷᠦᠨ ᠠᠮᠢ ᠠᠬᠤᠶ ᠵᠢᠨ ᠬᠠᠮᠠᠭᠠᠯᠠᠯᠲᠠ ᠵᠢᠨ ᠱᠠᠩᠨᠠᠯ ᠨᠥᠬᠥᠪᠥᠷᠢ ᠵᠢᠨ ᠲᠥᠷᠥ ᠵᠢᠨ ᠪᠣᠳᠣᠯᠭᠠ ᠶ᠋ᠢ ᠱᠢᠯᠢᠳᠡᠭ᠌ᠵᠢᠭᠦᠯᠦᠨ ᠲᠣᠬᠢᠷᠠᠭᠤᠯᠬᠤ ᠴᠢᠬᠤᠯᠠᠲᠠᠶ ᠪᠠᠢᠨᠠ᠃ ᠤᠯᠤᠰᠠᠴᠠ ᠨᠥᠬᠥᠪᠥᠷᠢ ᠥᠭ᠌ᠬᠦ ᠡᠷᠴᠢᠮ ᠵᠢᠡᠨ ᠴᠢᠩᠭᠠᠷᠠᠭᠤᠯᠵᠤ᠂ ᠪᠡᠯᠴᠢᠭᠡᠷᠯᠡᠭᠦᠯᠬᠦ᠌ ᠶ᠋ᠢ ᠴᠠᠭᠠᠵᠠᠯᠠᠬᠤ ᠨᠥᠬᠥᠪᠥᠷᠢ ᠪᠠ ᠮᠠᠯ ᠪᠡᠯᠴᠢᠭᠡᠷ ᠢ᠋ ᠲᠡᠩᠴᠡᠭᠦᠷᠢᠲᠡᠶ ᠪᠠᠢᠯᠭᠠᠬᠤ ᠱᠠᠩᠨᠠᠯ ᠢ᠋ ᠳᠡᠭᠡᠭ᠌ᠰᠢᠯᠡᠭᠦᠯᠵᠦ᠍᠂ ᠮᠠᠯᠴᠢᠳ ᠤ᠋ᠨ ᠪᠡᠯᠴᠢᠭᠡᠷᠯᠡᠭᠦᠯᠬᠦ᠌ ᠶ᠋ᠢ ᠴᠠᠭᠠᠵᠠᠯᠠᠬᠤ ᠪᠠ ᠪᠡᠯᠴᠢᠭᠡᠷᠢ ᠠᠮᠠᠷᠠᠭᠤᠯᠬᠤ ᠢᠳᠡᠪᠬᠢᠵᠢᠯ ᠢ᠋ ᠳᠠᠢᠴᠢᠯᠠᠨᠠ; ᠨᠤᠲᠤᠭ ᠪᠡᠯᠴᠢᠭᠡᠷᠦᠨ ᠬᠠᠮᠠᠭᠠᠯᠠᠬᠴᠢᠵᠢᠨ ᠨᠥᠬᠥᠪᠥᠷᠢ ᠶ᠋ᠢ ᠤᠯᠤᠰ ᠤ᠋ᠨ ᠨᠤᠲᠤᠭ ᠪᠡᠯᠴᠢᠭᠡᠷᠦᠨ ᠠᠮᠢ ᠠᠬᠤᠶ ᠵᠢᠨ ᠱᠠᠩᠨᠠᠯ ᠨᠦᠬᠦᠪᠦᠷᠢ ᠵᠢᠨ ᠲᠥᠷᠥ ᠵᠢᠨ ᠪᠣᠳᠣᠯᠭᠠ ᠳ᠋ᠤ ᠬᠠᠮᠤᠷᠤᠭᠤᠯᠵᠤ᠂ ᠨᠤᠲᠤᠭ ᠪᠡᠯᠴᠢᠭᠡᠷᠦᠨ ᠬᠢᠨᠠᠯᠲᠠ ᠬᠠᠮᠢᠶᠠᠷᠤᠯᠲᠠ ᠵᠢᠨ ᠲᠣᠸ᠋ᠷ ᠢ᠋ ᠨᠢᠭ᠍ᠲᠠ ᠰᠦᠯᠵᠢᠵᠦ᠍᠂ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠶ᠋ᠢ ᠳᠡᠭᠡᠭᠰᠢᠯᠡᠭᠦᠯᠦᠨᠡ; ᠴᠢᠨᠠᠷ ᠰᠠᠢᠲᠠᠶ ᠪᠥᠭᠡᠳ ᠱᠢᠯᠢᠳᠡᠭ ᠢ᠋ ᠨᠢ ᠨᠥᠬᠥᠪᠥᠷᠢᠯᠡᠵᠦ᠍᠂ ᠵᠦᠷᠢᠶᠡᠴᠢᠯᠡᠭ᠌ᠰᠡᠨ ᠨᠤᠲᠤᠭ ᠪᠡᠯᠴᠢᠭᠡᠷᠦᠨ ᠠᠮᠢ ᠠᠬᠤᠶ ᠵᠢᠨ ᠬᠠᠮᠠᠭᠠᠯᠠᠯᠲᠠ ᠵᠢᠨ ᠱᠠᠩᠨᠠᠯ ᠨᠥᠬᠥᠪᠥᠷᠢ ᠵᠢᠨ ᠲᠥᠷᠥ ᠵᠢᠨ ᠪᠣᠳᠣᠯᠭᠠᠪᠠᠷ ᠳᠠᠮᠵᠢᠭᠤᠯᠤᠨ᠂ ᠦᠨᠳᠦᠰᠦᠨ ᠨᠤᠲᠤᠭ ᠪᠡᠯᠴᠢᠭᠡᠷᠦᠨ ᠠᠮᠢ ᠠᠬᠤᠶ ᠵᠢᠨ ᠦᠷᠡ ᠠᠱᠢᠭ ᠤ᠋ᠨ ᠨᠥᠬᠥᠪᠥᠷᠢ ᠶ᠋ᠢ ᠪᠡᠶᠡᠯᠡᠭᠦᠯᠵᠦ᠍᠂ ᠨᠤᠲᠤᠭ ᠪᠡᠯᠴᠢᠭᠡᠷᠦᠨ ᠠᠮᠢ ᠠᠬᠤᠶ ᠣᠷᠴᠢᠨ ᠲᠣᠭᠣᠷᠢᠨ ᠤ᠋ ᠦᠷᠭᠦᠯᠵᠢᠯᠡᠨ ᠰᠠᠢᠵᠢᠷᠠᠬᠤ ᠶ᠋ᠢ ᠠᠬᠢᠭᠤᠯᠤᠨᠠ᠃
(ᠵᠤᠬᠢᠶᠠᠯ / ᠵᠢᠷᠤᠭ ᠄ ᠳᠠᠳᠤᠯᠭᠠ ᠵᠢᠨ ᠰᠤᠷᠪᠤᠯᠵᠢᠯᠠᠭ᠍ᠴᠢ ᠭᠣᠸ᠋ ᠬᠣᠶ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨᠠ
ᠣᠷᠴᠢᠭᠤᠯᠤᠭ᠍ᠴᠢ᠄




ᠰᠢᠭᠦᠮᠵᠢ ᠠᠯᠠᠭᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃