2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠵᠦᠪᠯᠡᠯᠭᠡ

2024-03-09 16:50:41

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠱᠢᠤᠸᠠᠢ ᡁᠢ ᠯᠦᠩ᠄ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠴᠠᠪ ᠬᠤᠳᠠ᠎ᠶ᠋ᠢᠨ ᠵᠦᠸᠧᠽᠢ ᠱᠢᠶᠠᠨ᠎ᠤ ᠰᠢᠪᠡᠷᠳᠠᠢ ᠪᠠᠯᠭᠠᠰᠤᠨ᠎ᠤ ᠰᠢᠷ᠎ᠠ ᠬᠤᠰᠢᠭᠤ ᠲᠣᠰᠭᠣᠨ᠎ᠤ ᠨᠠᠮ᠎ᠤᠨ ᠡᠭᠦᠷ᠎ᠦᠨ ᠱᠦᠵᠢ᠂ ᠲᠣᠰᠭᠣᠨ᠎ᠤ ᠵᠥᠪᠯᠡᠯ᠎ᠦᠨ ᠡᠷᠬᠢᠯᠡᠭ᠌ᠴᠢ


QQ截图20231021155438.png


ᠬᠠᠮᠲᠤ ᠪᠠᠷ ᠴᠢᠨᠡᠭᠡᠯᠢᠭ᠌ᠵᠢᠬᠦ᠌᠎ᠶ᠋ᠢ ᠠᠬᠢᠭᠤᠯᠬᠤ᠎ᠳᠤ ᠬᠠᠮᠤᠭ᠎ᠤᠨ ᠪᠡᠷᠬᠡ ᠬᠠᠲᠠᠭᠤᠵᠢᠯᠲᠠᠢ ᠬᠠᠮᠤᠭ᠎ᠤᠨ ᠨᠦᠰᠡᠷ ᠬᠦᠨᠳᠦ ᠡᠭᠦᠷᠭᠡ ᠨᠢ ᠮᠥᠨ ᠯᠡ ᠬᠥᠳᠡᠭᠡ ᠲᠣᠰᠭᠣᠨ᠎ᠳᠤ ᠪᠠᠢᠨ᠎ᠠ᠃ ᠤᠢ᠍ᠢᠷ᠎ᠠ᠎ᠶ᠋ᠢᠨ ᠵᠢᠯ᠎ᠦᠳ᠎ᠲᠦ᠂ ᠤᠯᠤᠰ᠎ᠠᠴᠠ ᠬᠥᠳᠡᠭᠡ ᠲᠣᠰᠭᠣᠨ᠎ᠤ ᠨᠠᠰᠤᠵᠢᠯ᠎ᠤᠨ ᠠᠰᠠᠷᠠᠮᠵᠢ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠶᠡᠬᠡ᠎ᠪᠡᠷ ᠲᠦᠯᠬᠢᠨ ᠠᠬᠢᠭᠤᠯᠵᠤ᠂ ᠲᠠᠷᠢᠶᠠᠴᠢᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠪᠡ᠃ ᠭᠡᠪᠡᠴᠦ᠍᠂ ᠬᠥᠳᠡᠭᠡ ᠲᠣᠰᠭᠣᠨ᠎ᠤ ᠨᠠᠰᠤᠵᠢᠯ᠎ᠤᠨ ᠠᠰᠠᠷᠠᠮᠵᠢ᠎ᠶ᠋ᠢᠨ ᠠᠰᠠᠭᠤᠳᠠᠯ ᠨᠢ ᠮᠥᠨ ᠯᠡ ᠨᠡᠢᠭᠡᠮ᠎ᠦᠨ ᠠᠩᠬᠠᠷᠤᠯ᠎ᠤᠨ ᠲᠥᠪ ᠪᠣᠯᠤᠭ᠍ᠰᠠᠭᠠᠷ ᠪᠠᠢᠨ᠎ᠠ᠃

ᠤᠯᠠᠨ ᠵᠢᠯ᠎ᠦᠨ ᠲᠤᠷᠰᠢ ᠪᠢ ᠦᠨᠳᠦᠰᠦᠨ ᠱᠠᠲᠤᠨ᠎ᠳᠤ ᠦᠨᠳᠦᠰᠦᠯᠡᠵᠦ᠍᠂ 《ᠬᠠᠮᠲᠤ᠎ᠪᠠᠷ ᠴᠢᠨᠡᠭᠡᠯᠢᠭ᠌ᠵᠢᠬᠦ᠌ ᠵᠠᠮ ᠳᠡᠭᠡᠷ᠎ᠡ ᠨᠢᠭᠡ ᠲᠣᠰᠭᠣᠨ᠎ᠤ ᠠᠷᠠᠳ᠎ᠢ ᠴᠤ᠌ ᠡᠩᠨᠡᠭᠡ᠎ᠡᠴᠡ ᠪᠡᠨ ᠬᠣᠴᠣᠷᠤᠭᠤᠯᠬᠤ ᠦᠭᠡᠢ》 ᠭᠡᠳᠡᠭ ᠵᠢᠡᠷ ᠲᠡᠮᠡᠴᠡᠯ᠎ᠤᠨ ᠬᠠᠷᠠᠯᠲᠠ ᠪᠠᠨ ᠪᠤᠯᠭᠠᠭᠰᠠᠭᠠᠷ ᠢᠷᠡᠵᠡᠢ᠃ ᠮᠢᠨᠤ ᠦᠵᠡᠬᠦ ᠪᠡᠷ᠂ ᠰᠠᠭᠤᠷᠢ ᠲᠥᠬᠥᠭᠡᠷᠦᠮᠵᠢ ᠬᠣᠴᠣᠷᠤᠩᠭᠤᠢ᠂ ᠤᠯᠠᠨ ᠨᠡᠢᠲᠡ᠎ᠶ᠋ᠢᠨ ᠦᠢᠯᠡᠴᠢᠯᠡᠭᠡ ᠳᠤᠲᠠᠭ᠍ᠳᠠᠵᠤ ᠪᠠᠢᠬᠤ᠂ ᠨᠡᠢᠭᠡᠮᠴᠢᠯᠡᠭ᠌ᠰᠡᠨ ᠬᠡᠮᠵᠢᠶ᠎ᠡ ᠳᠣᠣᠷ᠎ᠠ ᠪᠠᠢᠬᠤ ᠵᠡᠷᠭᠡ ᠪᠣᠳᠠᠲᠤ ᠠᠰᠠᠭᠤᠳᠠᠯ᠎ᠳᠤ ᠴᠢᠭ᠌ᠯᠡᠭᠦᠯᠦᠨ᠂ ᠬᠥᠳᠡᠭᠡ ᠲᠣᠰᠭᠣᠨ᠎ᠤ ᠨᠠᠰᠤᠵᠢᠯᠲᠠ᠎ᠳᠤ ᠲᠤᠬᠢᠷᠠᠬᠤ ᠥᠭᠡᠷᠡᠴᠢᠯᠡᠯᠲᠡ ᠬᠢᠵᠦ᠍᠂ ᠨᠠᠰᠤᠵᠢᠯ᠎ᠤᠨ ᠠᠰᠠᠷᠠᠮᠵᠢ᠎ᠶ᠋ᠢᠨ ᠪᠡᠯᠡ ᠮᠥᠩᠭᠥ᠎ᠶ᠋ᠢᠨ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠬᠥᠳᠡᠭᠡ ᠲᠣᠰᠭᠣᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠦ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠠᠰᠤᠷᠠᠯᠲᠠ ᠦᠭᠡᠢ ᠲᠡᠭᠦᠯᠳᠡᠷᠵᠢᠭᠦᠯᠬᠦ᠌ ᠬᠡᠷᠡᠭᠳᠡᠢ; ᠪᠦᠯᠬᠦᠮ ᠨᠠᠢᠯᠡᠭᠰᠡᠨ᠎ᠨᠠᠰᠤᠵᠢᠯ᠎ᠦᠨ ᠠᠰᠠᠷᠠᠮᠵᠢ᠂ ᠣᠶᠤᠨᠴᠢ᠎ᠨᠠᠰᠤᠵᠢᠯ᠎ᠦᠨ ᠠᠰᠠᠷᠠᠮᠵᠢ᠂ ᠨᠡᠢᠭᠡᠮ ᠡᠴᠡ ᠤᠷᠤᠯᠴᠠᠭᠰᠠᠨ᠎ᠨᠠᠰᠤᠵᠢᠯ᠎ᠦᠨ ᠠᠰᠠᠷᠠᠮᠵᠢ ᠵᠡᠷᠭᠡ ᠤᠯᠠᠨ ᠵᠦᠢᠯ᠎ᠦᠨ ᠬᠡᠯᠪᠡᠷᠢ᠎ᠶ᠋ᠢ ᠤᠶᠠᠯᠳᠤᠭᠤᠯᠤᠭ᠍ᠰᠠᠨ ᠬᠥᠳᠡᠭᠡ ᠲᠣᠰᠭᠣᠨ᠎ᠤ ᠨᠠᠰᠤᠵᠢᠯ᠎ᠦᠨ ᠠᠰᠠᠷᠠᠮᠵᠢ ᠵᠢᠨ ᠵᠠᠭ᠍ᠪᠤᠷ᠎ᠢ ᠢᠳᠡᠪᠬᠢᠲᠡᠢ ᠪᠡᠷ ᠬᠠᠢᠨ ᠰᠦᠪᠡᠭ᠌ᠴᠢᠯᠡᠬᠦ ᠬᠡᠷᠡᠭᠳᠡᠢ; ᠬᠥᠳᠡᠭᠡ ᠲᠣᠰᠭᠣᠨ᠎ᠤ ᠨᠠᠰᠤᠵᠢᠯ᠎ᠤᠨ ᠠᠰᠠᠷᠠᠮᠵᠢ ᠵᠢᠨ ᠮᠡᠳᠡᠭᠡ ᠵᠠᠩᠭᠢ ᠶ᠋ᠢᠨ ᠲᠠᠪᠴᠠᠩ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠤᠶᠤᠨᠲᠤ ᠨᠠᠰᠤᠵᠢᠯ᠎ᠤᠨ ᠠᠰᠠᠷᠠᠮᠵᠢ ᠵᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠬᠡᠷᠡᠭᠳᠡᠢ᠃

(ᠵᠤᠬᠢᠶᠠᠯ / ᠵᠢᠷᠤᠭ᠄ ᠰᠤᠷᠪᠤᠯᠵᠢᠯᠠᠭ᠍ᠴᠢ ᠠᠨ ᠶᠢᠨ ᠳ᠋ᠦᠩ ᠮᠠ ᠵᠢᠶᠠᠨ ᠴᠢᠤᠸᠠᠨ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面