2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠵᠦᠪᠯᠡᠯᠭᠡ

2024-03-09 17:14:36

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠ᠋ᠠᠯᠳᠠᠡᠲᠡᠯᠡᠶ᠄ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠱᠢᠯᠢ᠎ᠶ᠋ᠢᠨ ᠭᠤᠤᠯ ᠠᠢᠮᠠᠭ᠎ᠤᠨ ᠰᠥᠨᠢᠳ ᠵᠡᠭᠦᠨ ᠬᠣᠱᠢᠭᠤᠨ᠎ᠤ ᠤᠯᠠᠭᠠᠨᠮᠥ᠋ᠴᠢᠷ᠎ᠦᠨ ᠳᠠᠷᠤᠭ᠎ᠠ


QQ截图20231021155438.png


ᠬᠠᠮᠲᠤ᠎ᠪᠠᠷ ᠴᠢᠨᠡᠭᠡᠯᠢᠭ᠌ᠵᠢᠬᠦ᠌ ᠪᠣᠯ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠴᠢᠬᠤᠯᠠ ᠣᠨᠴᠠᠯᠢᠭ ᠮᠥᠨ᠃ ᠬᠠᠮᠲᠤ ᠪᠠᠷ ᠪᠠᠶᠠᠵᠢᠬᠤ᠎ᠶ᠋ᠢ ᠠᠬᠢᠭᠤᠯᠬᠤ᠎ᠶ᠋ᠢᠨ ᠬᠠᠮᠤᠭ᠎ᠤᠨ ᠬᠠᠲᠠᠭᠤ ᠪᠡᠷᠬᠡ ᠬᠠᠮᠤᠭ᠎ᠤᠨ ᠨᠦᠰᠡᠷ ᠬᠦᠨᠳᠦ ᠡᠭᠦᠷᠭᠡ ᠨᠢ ᠮᠠᠯᠵᠢᠬᠤ ᠲᠠᠷᠢᠶᠠᠯᠠᠬᠤ ᠣᠷᠣᠨ᠎ᠳᠤ ᠪᠤᠶ᠃ ᠤᠯᠠᠨ ᠵᠢᠯ᠎ᠦᠨ ᠦᠢᠯᠡᠳᠦᠯᠭᠡ᠎ᠶ᠋ᠢᠨ ᠲᠤᠷᠱᠢᠯᠭ᠎ᠠ᠎ᠠᠴᠠ ᠦᠵᠡᠪᠡᠯ᠂ ᠬᠥᠳᠡᠭᠡ ᠲᠣᠰᠭᠣᠨ᠎ᠤ ᠵᠢᠭᠤᠯᠴᠢᠯᠠᠯ᠎ᠢ ᠬᠥᠭ᠌ᠵᠢᠭᠦᠯᠬᠦ᠌ ᠪᠣᠯ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ 《ᠠᠯᠳᠠᠨ ᠲᠦᠯᠬᠢᠭᠦᠷ》 ᠮᠥᠨ᠂ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠠᠷᠭ᠎ᠠ ᠵᠠᠮ ᠮᠥᠨ᠃ ᠮᠠᠨ᠎ᠤ ᠪᠠᠢᠭ᠎ᠠ ᠱᠢᠯᠢ᠎ᠶ᠋ᠢᠨ ᠭᠤᠤᠯ ᠠᠢᠮᠠᠭ᠎ᠤᠨ ᠵᠢᠭᠤᠯᠴᠢᠯᠠᠯ᠎ᠤᠨ ᠡᠬᠢ ᠪᠠᠶᠠᠯᠢᠭ ᠡᠯᠪᠡᠭ ᠲᠠᠯᠪᠡᠭ᠂ ᠣᠷᠣᠨ ᠪᠠᠢᠷᠢ᠎ᠶ᠋ᠢᠨ ᠨᠥᠬᠥᠴᠡᠯ ᠰᠠᠢᠨ᠂ ᠳᠠᠪᠠᠭᠤᠯᠢᠭ ᠲᠣᠪᠣᠢᠮ᠎ᠠ ᠪᠠᠢᠵᠤ᠂ ᠰᠣᠶᠣᠯ ᠵᠢᠭᠤᠯᠴᠢᠯᠠᠯ᠎ᠤᠨ ᠦᠶ᠋ᠯᠡᠰ᠎ᠢ ᠲᠦᠷᠭᠡᠳᠭᠡᠨ ᠬᠥᠭ᠌ᠵᠢᠭᠦᠯᠬᠦ᠌ ᠪᠠᠢᠭᠠᠯᠢᠯᠢᠭ ᠨᠥᠬᠥᠴᠡᠯ᠎ᠢᠶᠡᠷ ᠰᠠᠢᠨ᠂ ᠳᠠᠯᠳᠠ ᠬᠦᠴᠦᠨ ᠪᠠ ᠣᠷᠣᠨ ᠵᠠᠶ ᠮᠠᠰᠢ ᠶᠡᠬᠡ ᠪᠠᠢᠨ᠎ᠠ᠃

ᠤᠮᠠᠷᠠᠲᠤ ᠬᠢᠯᠢ᠎ᠶ᠋ᠢᠨ ᠰᠣᠶᠣᠯ ᠵᠢᠭᠤᠯᠴᠢᠯᠠᠯ᠎ᠤᠨ ᠦᠢᠯᠡᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠲᠡᠶ ᠨᠢᠭ᠍ᠲᠠ ᠤᠶᠠᠯᠳᠤᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠡᠯᠬᠢᠶ᠎ᠡ᠎ᠶ᠋ᠢᠨ ᠡᠮᠦᠨᠡᠬᠢ᠂ ᠳᠤᠮᠳᠠᠬᠢ ᠪᠣᠯᠤᠨ ᠬᠤᠢᠨᠠᠬᠢ ᠪᠦᠬᠦ᠌ ᠶᠠᠪᠤᠴᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠂ ᠰᠣᠶᠣᠯ ᠵᠢᠭᠤᠯᠴᠢᠯᠠᠯ᠎ᠤᠨ ᠬᠠᠩᠭᠠᠯᠭ᠎ᠠ ᠪᠣᠯᠤᠨ ᠰᠣᠶᠣᠯ ᠵᠢᠭᠤᠯᠴᠢᠯᠠᠯ᠎ᠤᠨ ᠬᠡᠷᠡᠭ᠌ᠴᠡᠭᠡ ᠱᠠᠭᠠᠷᠳᠠᠯᠭ᠎ᠠ᠂ ᠰᠣᠶᠣᠯ ᠵᠢᠭᠤᠯᠴᠢᠯᠠᠯ᠎ᠤᠨ ᠦᠢᠯᠡᠳᠪᠦᠷᠢᠯᠡᠯ ᠪᠣᠯᠤᠨ ᠰᠣᠶᠣᠯ ᠵᠢᠭᠤᠯᠴᠢᠯᠠᠯ᠎ᠤᠨ ᠬᠡᠷᠡᠭ᠌ᠯᠡᠭᠡ᠎ᠶ᠋ᠢ ᠬᠠᠮᠲᠤ᠎ᠳᠤᠨᠢ ᠬᠠᠷᠠᠭᠠᠯᠵᠠᠵᠤ᠂ ᠤᠮᠠᠷᠠᠲᠤ ᠬᠢᠯᠢ᠎ᠶ᠋ᠢᠨ ᠰᠣᠶᠣᠯ ᠵᠢᠭᠤᠯᠴᠢᠯᠠᠯ᠎ᠤᠨ ᠦᠢᠯᠡᠰ᠎ᠦᠨ 《ᠪᠦᠬᠦ᠌ ᠠᠵᠤ ᠦᠢᠯᠡᠰ᠎ᠦᠨ ᠬᠡᠯᠬᠢᠶ᠎ᠡ》 ᠶ᠋ᠢᠨ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠱᠢᠰᠲ᠋ᠧᠮ᠎ᠢ ᠪᠠᠢᠭᠤᠯᠤᠨ ᠪᠦᠷᠢᠨᠱᠢᠬᠦᠯᠬᠦ᠌᠎ᠶ᠋ᠢ ᠳᠡᠮᠵᠢᠵᠦ᠍᠂ ᠪᠦᠬᠦ᠌ ᠣᠷᠣᠨ ᠪᠦᠰᠡ᠎ᠶ᠋ᠢᠨ ᠵᠢᠭᠤᠯᠴᠢᠯᠠᠯ᠎ᠤᠨ ᠰᠣᠳᠣᠨ ᠵᠠᠮ ᠱᠤᠭᠤᠮ᠎ᠦᠨ ᠪᠠᠢᠭᠤᠯᠤᠯᠲᠠ᠎ᠶ᠋ᠢ ᠠᠬᠢᠭᠤᠯᠵᠤ᠂ ᠬᠥᠳᠡᠭᠡ ᠲᠣᠰᠭᠣᠨ᠎ᠤ ᠵᠢᠭᠤᠯᠴᠢᠯᠠᠯ᠎ᠢᠶᠠᠷ ᠠᠷᠠᠳ᠎ᠢ ᠪᠠᠶᠠᠵᠢᠭᠤᠯᠬᠤ ᠢᠨᠵᠧᠨᠧᠷᠢᠩ᠎ᠢ ᠠᠬᠢᠭᠤᠯᠵᠤ᠂ ᠤᠮᠠᠷᠠᠲᠤ ᠬᠢᠯᠢ᠎ᠶ᠋ᠢᠨ ᠰᠣᠶᠣᠯ ᠵᠢᠭᠤᠯᠴᠢᠯᠠᠯ᠎ᠤᠨ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠵᠦ᠍᠂ ᠮᠠᠨ᠎ᠤ ᠣᠷᠣᠨ᠎ᠤ ᠵᠢᠭᠤᠯᠴᠢᠯᠠᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠪᠠᠯ ᠵᠤᠬᠢᠨ᠎ᠠ᠃

(ᠵᠤᠬᠢᠶᠠᠯ / ᠵᠢᠷᠤᠭ᠄ ᠰᠤᠷᠪᠤᠯᠵᠢᠯᠠᠭ᠍ᠴᠢ ᠪᠠᠢ ᠳ᠋ᠠᠨ ᠬᠠᠨ ᠴᠢᠩ ᠯᠢ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面