2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠵᠦᠪᠯᠡᠯᠭᠡ

2024-03-09 16:57:58

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠳᠦ ᠭᠠᠩ᠄ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠬᠢᠩᠭᠠᠨ ᠠᠢᠮᠠᠭ᠎ᠤᠨ ᠵᠠᠯᠠᠢᠳ ᠬᠣᠰᠢᠭᠤᠨ᠎ᠤ ᠬᠣᠯᠪᠣᠭ᠎ᠠ ᠪᠠᠯᠭᠠᠰᠤᠨ᠎ᠤ ᠦ᠋ ᠳ᠋ᠣᠣ ᠾᠧ ᠽᠢ ᠮᠠᠯ ᠠᠵᠤ ᠠᠬᠤᠢ᠎ᠲᠠᠷᠢᠶᠠᠯᠠᠩ ᠤ᠋ᠨ ᠲᠤᠰᠬᠠᠢ ᠬᠣᠷᠰᠢᠶ᠎ᠠ᠎ᠶᠢᠨ ᠬᠡᠷᠡᠭ ᠡᠷᠬᠢᠯᠡᠭᠴᠢᠳ᠎ᠦᠨ ᠳᠠᠷᠤᠭ᠎ᠠ


截图20240117164823.png


《ᠠᠮᠤ ᠪᠤᠳᠠᠭᠠᠨ᠎ᠤ ᠭᠠᠷᠤᠯᠲᠠ᠎ᠶᠢᠨ ᠲᠣᠮᠣ᠌ ᠰᠢᠶᠠᠨ᠎ᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠭᠣᠣᠯ ᠭᠠᠷᠤᠯᠲᠠ᠎ᠶᠢᠨ ᠣᠷᠣᠨ᠎ᠤ ᠠᠰᠢᠭ᠋ ᠲᠤᠰᠠ᠎ᠶᠢᠨ ᠨᠥᠬᠥᠪᠦᠷᠢ᠎ᠶᠢᠨ ᠲᠣᠭᠲᠠᠴᠠ᠎ᠶᠢ ᠲᠡᠭᠦᠯᠳᠡᠷᠵᠢᠭᠦᠯᠦᠨ᠎ᠡ᠃》《ᠲᠠᠷᠢᠶᠠᠨ ᠭᠠᠵᠠᠷ᠎ᠤᠨ ᠤᠯᠠᠭᠠᠨ ᠱᠤᠭᠤᠮ ᠢ᠋ ᠴᠢᠩᠭ᠎ᠠ ᠰᠠᠬᠢᠵᠤ᠂ ᠲᠠᠷᠢᠶᠠᠨ ᠭᠠᠵᠠᠷ ᠢ᠋ ᠡᠵᠡᠯᠡᠬᠦ ᠪᠠ ᠨᠥᠬᠥᠪᠦᠷᠢᠯᠡᠬᠦ ᠶ᠋ᠢ ᠲᠡᠩᠴᠡᠭᠦᠷᠢᠲᠡᠢ ᠪᠠᠢᠯᠭᠠᠬᠤ ᠳᠦᠷᠢᠮ ᠢ᠋ ᠲᠡᠭᠦᠯᠳᠡᠷᠵᠢᠭᠦᠯᠦᠨ᠂ ᠬᠠᠷ᠎ᠠ ᠬᠥᠷᠥᠰᠥ ᠶ᠋ᠢ ᠬᠠᠮᠠᠭᠠᠯᠠᠬᠤ ᠪᠠ ᠬᠤᠵᠢᠷᠯᠢᠭ᠋ ᠭᠠᠵᠠᠷ ᠢ᠋ ᠶᠡᠷᠦᠩᠬᠡᠢᠯᠡᠨ ᠵᠠᠰᠠᠬᠤ ᠠᠵᠢᠯ ᠢ᠋ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ ᠶ᠋ᠢᠨ ᠪᠡᠯᠡ ᠣᠷᠣᠭᠤᠯᠤᠯᠲᠠ ᠶ᠋ᠢᠨ ᠨᠥᠬᠥᠪᠦᠷᠢ ᠶ᠋ᠢᠨ ᠬᠢᠷᠢ ᠲᠦᠪᠰᠢᠨ ᠢ᠋ ᠳᠡᠬᠡᠭᠰᠢᠯᠡᠬᠦᠯᠦᠨ᠎ᠡ》 …… ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠡᠬᠢ ᠡᠳᠡᠭᠡᠷ ᠠᠭᠤᠯᠭ᠎ᠠ᠎ᠶᠢ ᠦᠵᠡᠭᠡᠳ ᠲᠦᠢᠯ ᠵᠢᠡᠷ ᠰᠡᠳᠬᠢᠯ ᠳᠤᠭᠳᠤᠯᠤᠯ᠎ᠠ᠃

ᠮᠢᠨᠤ ᠨᠤᠲᠤᠭ ᠵᠠᠯᠠᠢᠳ ᠬᠣᠰᠢᠭᠤ ᠵᠡᠭᠦᠨ ᠬᠣᠢᠲᠤ᠎ᠶᠢᠨ ᠬᠠᠷ᠎ᠠ ᠬᠥᠷᠥᠰᠥᠨ᠎ᠳᠦ ᠪᠠᠢᠷᠢᠯᠠᠵᠤ᠂ ᠪᠥᠬᠥ ᠬᠣᠰᠢᠭᠤᠨ᠎ᠤ ᠬᠠᠷ᠎ᠠ ᠬᠥᠷᠥᠰᠥᠨ᠎ᠦ ᠲᠠᠯᠠᠪᠠᠶ 400 ᠲᠦᠮᠡᠨ ᠮᠦ᠍ ᠪᠠᠢᠵᠤ᠂ ᠬᠠᠷ᠎ᠠ ᠬᠥᠷᠥᠰᠥᠨ᠎ᠦ ᠠᠮᠤ ᠪᠤᠳᠠᠭᠠᠨ᠎ᠤ ᠤᠨᠠᠯᠲᠠ ᠨᠢ ᠪᠥᠬᠥ ᠬᠣᠰᠢᠭᠤᠨ᠎ᠤ ᠠᠮᠤ ᠪᠤᠳᠠᠭᠠᠨ᠎ᠤ ᠶᠡᠷᠦᠩᠬᠡᠢ ᠤᠨᠠᠯᠲᠠ᠎ᠶᠢᠨ 90%᠎ᠶᠢ ᠡᠵᠡᠯᠡᠨ᠎ᠡ᠃ ᠡᠨᠡ ᠵᠢᠯ᠎ᠦᠨ ᠪᠦᠬᠦ ᠤᠯᠤᠰ᠎ᠤᠨ ᠬᠣᠶᠠᠷ ᠬᠤᠷᠠᠯ᠎ᠳᠤ᠂ ᠪᠢ ᠵᠡᠭᠦᠨ ᠬᠣᠢᠲᠤ ᠣᠷᠣᠨ᠎ᠤ ᠬᠠᠷ᠎ᠠ ᠬᠥᠷᠥᠰᠥ᠎ᠶᠢ ᠬᠠᠮᠠᠭᠠᠯᠠᠬᠤ ᠲᠤᠬᠠᠢ ᠰᠠᠨᠠᠭᠤᠯᠭ᠎ᠠ ᠳᠡᠪᠰᠢᠭᠦᠯᠪᠡ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠠᠴᠠ ᠵᠠᠯᠠᠢᠳ ᠬᠣᠰᠢᠭᠤᠨ᠎ᠤ 400 ᠲᠦᠮᠡᠨ ᠮᠦ᠍ ᠬᠠᠷ᠎ᠠ ᠬᠥᠷᠥᠰᠥ᠎ᠶᠢ ᠪᠦᠬᠦᠨ᠎ᠢ ᠬᠠᠮᠠᠭᠠᠯᠠᠬᠤ ᠬᠡᠪᠴᠢᠶᠡᠨ᠎ᠳᠦ ᠣᠷᠣᠭᠤᠯᠬᠤ᠎ᠶᠢᠨ ᠬᠠᠮᠲᠤ 3 ᠵᠢᠯ᠎ᠡᠴᠡ ᠳᠡᠭᠡᠭᠰᠢ ᠦᠷᠭᠦᠯᠵᠢᠯᠡᠨ ᠬᠠᠮᠠᠭᠠᠯᠠᠯᠳᠠ ᠬᠢᠵᠦ᠂ ᠡᠨᠡ᠎ᠬᠦ ᠬᠠᠷ᠎ᠠ ᠬᠥᠷᠥᠰᠥ᠎ᠶᠢ ᠪᠦᠬᠦ ᠬᠦᠴᠦᠨ᠎ᠢᠶᠡᠷ᠎ᠢᠶᠡᠨ ᠰᠠᠢᠲᠤᠷ ᠰᠠᠬᠢᠨ ᠬᠠᠮᠠᠭᠠᠯᠠᠬᠤ᠎ᠶᠢ ᠬᠦᠰᠡᠵᠦ ᠪᠠᠢᠨ᠎ᠠ᠃ ᠭᠠᠵᠠᠷ ᠲᠠᠷᠢᠶ᠎ᠠ ᠪᠣᠯ ᠲᠠᠷᠢᠶᠠᠴᠢᠳ᠎ᠤᠨ ᠠᠮᠢ ᠭᠣᠣᠯ ᠮᠥᠨ᠃ ᠭᠠᠭᠴᠠ ᠬᠦ᠌ ᠭᠠᠵᠠᠷ ᠰᠢᠷᠣᠢ᠎ᠪᠠᠨ ᠰᠠᠢᠲᠤᠷ ᠰᠠᠬᠢᠨ ᠬᠠᠮᠠᠭᠠᠯᠠᠪᠠᠯ ᠰᠠᠶᠢ ᠨᠤᠲᠤᠭ᠎ᠤᠨ ᠠᠬ᠎ᠠ ᠳᠡᠭᠦᠦ ᠨᠠᠷ᠎ᠦᠨ ᠬᠠᠷᠮᠠᠨ ᠤᠯᠠᠮ ᠠ᠋ᠴᠠ ᠤᠯᠠᠮ ᠲᠦᠭᠳᠦᠢᠵᠦ᠂ ᠠᠮᠢᠳᠤᠷᠠᠯ ᠡᠳᠦᠷ ᠡᠴᠡ ᠡᠳᠦᠷ ᠦᠬᠡᠳᠡᠯᠡᠨ ᠳᠡᠭᠵᠢᠷᠡᠨ᠎ᠡ᠃

( ᠵᠤᠬᠢᠶᠠᠯ / ᠵᠢᠷᠤᠭ ᠄ ᠰᠤᠷᠪᠤᠯᠵᠢᠯᠠᠭ᠍ᠴᠢ ᠬᠤᠸ᠋ ᠵᠢᠶᠠ ᠯᠢ ᠮᠠ ᠵᠢᠶᠠᠨ ᠴᠢᠤᠸᠠᠨ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面