2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠵᠦᠪᠯᠡᠯᠭᠡ

2024-03-09 17:02:52

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠧ ᠱᠢᠶᠤᠤ ᠮᠧᠶ᠄ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠬᠠᠤᠯᠢ᠎ᠶ᠋ᠢᠨ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠫᠷᠤᠹᠧᠰᠰᠤᠷ


截图20240117164823.png


ᠬᠠᠮᠲᠤ᠎ᠪᠠᠷ ᠴᠢᠨᠡᠭᠡᠯᠢᠭ᠌ᠵᠢᠬᠦ᠌ ᠪᠣᠯ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ ᠮᠥᠨ᠃ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 《ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ ᠪᠠ ᠴᠡᠭ ᠲᠣᠭ᠍ᠲᠠᠭᠠᠨ ᠬᠠᠪᠰᠤᠷᠤᠨ ᠲᠡᠳᠬᠦᠬᠦ᠌᠎ᠶ᠋ᠢ ᠭᠦᠨᠵᠡᠭᠡᠢᠷᠡᠭᠦᠯᠬᠦ᠌》 《ᠪᠠᠷᠠᠭᠤᠨ ᠣᠷᠣᠨ᠎ᠢ ᠶᠡᠬᠡ᠎ᠪᠡᠷ ᠨᠡᠭᠡᠭᠡᠨ ᠬᠥᠭ᠌ᠵᠢᠭᠦᠯᠬᠦ᠌᠂ ᠵᠡᠭᠦᠨ ᠬᠣᠢᠲᠤ ᠣᠷᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ ᠳᠤᠮᠳᠠ ᠬᠡᠰᠡᠭ᠎ᠦᠨ ᠭᠠᠵᠠᠷ ᠣᠷᠣᠨ᠎ᠢ ᠲᠦᠷᠭᠡᠳᠬᠡᠨ ᠬᠦᠭᠵᠢᠬᠦᠯᠬᠦ᠂ ᠵᠡᠭᠦᠨ ᠬᠡᠰᠡᠭ᠎ᠦᠨ ᠭᠠᠵᠠᠷ ᠣᠷᠣᠨ᠎ᠤ ᠣᠳᠣᠬᠢᠴᠢᠯᠠᠯᠲᠠ᠎ᠶ᠋ᠢ ᠲᠦᠷᠭᠡᠳᠬᠡᠨ ᠠᠬᠢᠭᠤᠯᠬᠤ ᠵᠡᠷᠭᠡ ᠪᠠᠢᠯᠳᠤᠬᠤ ᠪᠤᠳᠤᠯᠭ᠎ᠠ ᠵᠢ ᠬᠦᠨᠵᠡᠭᠡᠢ ᠬᠡᠷᠡᠭᠵᠢᠬᠦᠯᠵᠦ᠂ ᠵᠡᠭᠦᠨ ᠬᠣᠢᠲᠤ ᠣᠷᠣᠨ ᠪᠠ ᠳᠤᠮᠳᠠ ᠪᠠᠷᠠᠭᠤᠨ ᠣᠷᠣᠨ᠎ᠤ ᠠᠵᠤ ᠦᠶ᠋ᠯᠡᠰ᠎ᠦᠨ ᠱᠢᠯᠵᠢᠯᠲᠡ᠎ᠶ᠋ᠢ ᠭᠥᠯᠢᠶᠡᠨ ᠠᠪᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ》 《ᠬᠤᠪᠢᠰᠭᠠᠯ᠎ᠤᠨ ᠬᠠᠭᠤᠴᠢᠨ ᠰᠠᠭᠤᠷᠢᠨ᠎ᠢ ᠳᠡᠮᠵᠢᠬᠦ᠂ ᠦᠨᠳᠦᠰᠦᠲᠡᠨ᠎ᠦ ᠭᠠᠵᠠᠷ ᠣᠷᠣᠨ᠎ᠢ ᠲᠦᠷᠭᠡᠳᠬᠡᠨ ᠬᠥᠭ᠌ᠵᠢᠭᠦᠯᠬᠦ ᠵᠢ ᠲᠡᠮᠵᠢᠵᠦ᠂ ᠬᠢᠯᠢ ᠬᠢᠵᠠᠭᠠᠷ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠴᠢᠩᠭᠠᠳᠬᠠᠵᠤ᠂ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠨᠢᠭᠡᠳᠦᠯᠲᠡᠶ ᠲᠥᠯᠥᠪᠵᠢᠬᠦᠯᠦᠨ ᠠᠬᠢᠭᠤᠯᠬᠤ》 《ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠵᠤ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠬᠤ》 ᠵᠡᠷᠭᠡ ᠵᠢ ᠲᠤᠷᠠᠳᠴᠤ᠂ ᠨᠠᠮ ᠪᠠ ᠵᠠᠰᠠᠭ᠎ᠤᠨ ᠣᠷᠳᠣᠨ᠎ᠤ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠦᠨ ᠲᠤᠬᠠᠢ ᠬᠦᠰᠡᠯ ᠡᠷᠡᠮᠡᠯᠵᠡᠯ᠎ᠢ ᠪᠠᠶᠡᠯᠡᠬᠦᠯᠬᠦ᠂ ᠪᠦᠬᠦ᠌ ᠠᠷᠠᠳ ᠲᠦᠮᠡᠨ᠎ᠦ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠪᠡᠶᠡᠯᠡᠭᠦᠯᠬᠦ᠌᠎ᠪᠡᠷ ᠡᠯ᠎ᠡ ᠵᠦᠶ᠋ᠯ᠎ᠦᠨ ᠠᠵᠢᠯ᠎ᠤᠨ ᠵᠤᠷᠢᠯᠳᠠ ᠪᠠ ᠲᠤᠰᠤᠯᠳᠠ ᠪᠠᠨ ᠪᠤᠯᠭᠠᠵᠤ ᠪᠠᠢᠭ᠎ᠠ ᠵᠢ ᠬᠦᠢᠴᠡᠳ ᠢᠯᠡᠷᠡᠬᠦᠯᠪᠡ᠃ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠳᠤᠮᠳᠠ ᠬᠠᠮᠲᠤ᠎ᠪᠠᠷ ᠴᠢᠨᠡᠭᠡᠯᠢᠭ᠌ᠵᠢᠬᠦ᠌ ᠲᠡᠢᠰᠢ ᠤᠷᠤᠭ᠍ᠰᠢᠯᠠᠬᠤ ᠬᠡᠷᠡᠭᠳᠡᠢ᠃

ᠬᠠᠤᠯᠢᠵᠢᠯ ᠪᠣᠯ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠪᠡᠶᠡᠯᠡᠭᠦᠯᠬᠦ᠌᠎ᠶ᠋ᠢᠨ ᠳᠣᠲᠣᠭᠠᠳᠤ ᠱᠠᠭᠠᠷᠳᠠᠯᠭ᠎ᠠ ᠪᠠ ᠴᠢᠬᠤᠯᠠ ᠪᠠᠲᠤᠯᠠᠭ᠎ᠠ ᠮᠥᠨ᠃ ᠬᠠᠮᠲᠤ ᠪᠠᠷ ᠴᠢᠨᠡᠭᠡᠯᠢᠭ᠌ᠵᠢᠬᠦ᠌᠎ᠶ᠋ᠢ ᠠᠬᠢᠭᠤᠯᠬᠤ᠎ᠳᠤ ᠡᠷᠬᠡᠪᠰᠢ ᠬᠠᠤᠯᠢᠵᠢᠯ᠎ᠤᠨ ᠵᠠᠷᠴᠢᠮ᠎ᠢ ᠪᠠᠷᠢᠮᠲᠠᠯᠠᠨ᠂ ᠬᠠᠤᠯᠢ ᠴᠠᠭᠠᠵᠠ ᠲᠦᠷᠢᠮ ᠲᠤᠭᠳᠠᠭᠠᠯ᠎ᠢ ᠲᠡᠭᠦᠯᠳᠡᠷᠵᠢᠭᠦᠯᠵᠦ᠍᠂ ᠱᠢᠨᠵᠢᠯᠡᠬᠦ᠌ ᠤᠬᠠᠭᠠᠨᠴᠢ ᠪᠠᠷ ᠬᠠᠤᠯᠢ ᠲᠣᠭ᠍ᠲᠠᠭᠠᠬᠤ᠂ ᠬᠠᠤᠯᠢ᠎ᠶ᠋ᠢ ᠴᠢᠩᠭ᠎ᠠ ᠬᠡᠷᠡᠭ᠌ᠵᠢᠭᠦᠯᠬᠦ᠌᠂ ᠲᠥᠪ ᠭᠣᠣᠯᠴᠢ᠎ᠪᠠᠷ ᠬᠠᠤᠯᠢ ᠪᠠᠷᠢᠬᠤ᠂ ᠪᠦᠬᠦ ᠠᠷᠠᠳ ᠵᠢᠡᠷ ᠵᠢᠡᠨ ᠬᠠᠤᠯᠢ᠎ᠶ᠋ᠢ ᠰᠠᠬᠢᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠨᠡᠩ ᠴᠢᠨᠠᠷ ᠰᠠᠢᠲᠠᠢ᠂ ᠨᠡᠩ ᠲᠥᠪ ᠭᠣᠣᠯᠴᠢ ᠬᠠᠤᠯᠢᠵᠢᠯ᠎ᠤᠨ ᠣᠷᠴᠢᠨ ᠨᠥᠬᠥᠴᠡᠯ᠎ᠢ ᠴᠢᠷᠮᠠᠢᠨ ᠴᠤᠭᠴᠠᠯᠠᠵᠤ᠂ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠬᠠᠤᠯᠢᠵᠢᠯ᠎ᠦᠨ ᠪᠠᠲᠤᠯᠠᠭ᠎ᠠ ᠬᠠᠩᠭᠠᠬᠤ ᠬᠡᠷᠡᠭᠳᠡᠢ᠃

(ᠵᠤᠬᠢᠶᠠᠯ / ᠵᠢᠷᠤᠭ᠄ ᠰᠤᠷᠪᠤᠯᠵᠢᠯᠠᠭ᠍ᠴᠢ ᠴᠧᠨ ᠴᠦᠨ ᠶᠠᠨ ᠬᠠᠨ ᠴᠢᠩ ᠯᠢ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面