2024ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠵᠦᠪᠯᠡᠯᠭᠡ

2024-03-11 11:43:59

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠦ᠋ ᠶᠢᠩ᠄ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠤᠰ᠎ᠤᠨ ᠡᠨᠧᠷᠭᠢ ᠎ᠶ᠋ᠢᠨ ᠪᠦᠯᠦᠭ᠌ᠯᠡᠯ᠎ᠦᠨ ᠨᠡᠭᠦᠷᠡᠰᠦ ᠬᠡᠦᠷᠱᠢᠭᠦᠯᠬᠦ᠌ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠰᠢ ᠯᠠᠢ ᠹᠸᠩ ᠬᠤᠪᠢᠶᠠᠷᠢ ᠺᠣᠮᠫᠠᠨᠢ᠎ᠶ᠋ᠢᠨ ᠨᠠᠮ ᠎ᠤᠨ ᠪᠠᠢᠭᠤᠯᠤᠯᠲᠠ᠎ᠶ᠋ᠢᠨ ᠠᠵᠢᠯ ᠎ᠤᠨ ᠬᠡᠯᠲᠡᠰ ᠤ᠋ᠨ ᠭᠣᠣᠯᠯᠠᠨ ᠬᠠᠮᠢᠶᠠᠷᠤᠭᠴᠢ


4978351_tal_1710096380041_m.jpg


ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 《ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠠᠵᠤ ᠠᠬᠤᠶ᠎ᠶ᠋ᠢ ᠶᠡᠬᠡ᠎ᠪᠡᠷ ᠬᠥᠭ᠌ᠵᠢᠭᠦᠯᠦᠨ᠎ᠡ᠃ ᠠᠵᠤ ᠦᠶ᠋ᠯᠡᠰ᠎ᠦᠨ ᠪᠦᠲᠦᠴᠡ᠂ ᠡᠨᠧᠷᠭᠢ᠎ᠶ᠋ᠢᠨ ᠪᠦᠲᠦᠴᠡ᠂ ᠵᠠᠮ ᠲᠡᠭᠡᠭᠡᠪᠦᠷᠢ᠎ᠶ᠋ᠢᠨ ᠪᠦᠲᠦᠴᠡ᠂ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠥᠭ᠌ᠵᠢᠯᠲᠡ᠎ᠶ᠋ᠢᠨ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠤᠨ᠎ᠠ》 ᠬᠡᠵᠤ ᠲᠤᠷᠠᠳᠴᠠᠢ᠃ ᠡᠨᠡ ᠨᠢ ᠮᠢᠨᠦ᠍ ᠲᠡᠪᠰᠢᠬᠦᠯᠦᠭᠰᠡᠨ ᠰᠠᠨᠠᠯ ᠵᠦᠪᠯᠡᠯᠭᠡ ᠎ᠲᠡᠶ ᠬᠣᠯᠪᠣᠭ᠎ᠠ᠎ᠲᠠᠶ ᠪᠤᠯᠬᠤᠷ ᠪᠢ ᠶᠡᠭᠡᠳᠡ ᠤᠷᠮᠠᠰᠢᠨ ᠵᠤᠷᠢᠬᠵᠢᠵᠠᠢ᠃

ᠮᠢᠨᠦ᠍ ᠨᠤᠲᠤᠭ ᠦᠬᠠᠢ ᠪᠤᠯ ᠨᠡᠭᠦᠷᠡᠰᠦᠨ᠎ᠤ ᠡᠬᠢ ᠪᠠᠶᠠᠯᠢᠭ ᠲᠸ᠋ ᠰᠠᠭᠤᠷᠢᠯᠠᠭᠰᠠᠨ ᠬᠤᠳᠠ ᠪᠣᠯᠤᠨ᠎ᠠ᠂ ᠪᠣᠬᠢᠷᠲᠤᠯ ᠦᠬᠡᠢ ᠪᠠᠭ᠎ᠠ ᠨᠡᠭᠦᠷᠡᠰᠦᠲᠥ᠋ᠷᠥᠭ᠌ᠴᠢᠲᠤ ᠠᠵᠤ ᠠᠬᠤᠢ᠎ᠶ᠋ᠢ ᠶᠡᠬᠡ ᠪᠡᠷ ᠬᠥᠭ᠌ᠵᠢᠭᠦᠯᠬᠦ᠌ ᠨᠢ ᠬᠤᠳᠠ᠎ᠶ᠋ᠢᠨ ᠬᠥᠭ᠌ᠵᠢᠯᠲᠡ᠎ᠳᠦ ᠤᠨᠴᠠᠭᠠᠢ ᠴᠢᠬᠤᠯᠠ ᠦᠢᠯᠡᠳᠦᠯ ᠲᠠᠢ ᠶᠤᠮ᠃ ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ᠎ᠳᠤ᠂ ᠪᠢ 《ᠵᠠᠳᠠᠷᠠᠭᠤᠯᠵᠤ ᠪᠣᠯᠬᠤ ᠮᠠᠲ᠋ᠧᠷᠢᠶᠠᠯ᠎ᠤᠨ ᠪᠦᠲᠦᠭᠡᠭ᠌ᠳᠡᠬᠦᠨ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠶᠡᠬᠡ᠎ᠪᠡᠷ ᠳᠡᠮᠵᠢᠬᠦ᠌ ᠲᠤᠬᠠᠢ ᠰᠠᠨᠠᠭᠤᠯᠭ᠎ᠠ》 ᠵᠢ ᠳᠡᠪᠱᠢᠭᠦᠯᠵᠡᠢ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠢᠨ ᠲᠦᠷᠦ᠍᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠬᠤ ᠬᠠᠲᠠᠭᠤ ᠬᠢᠵᠠᠭᠠᠷᠯᠠᠯ᠎ᠢ ᠴᠢᠩᠭᠠᠳᠭᠠᠵᠤ᠂ ᠭᠣᠣᠯᠳᠠᠯᠭ᠎ᠠ᠎ᠲᠠᠶ ᠠᠵᠢᠯ ᠲᠦᠷᠦᠯ᠎ᠤᠨ ᠬᠡᠷᠡᠭ᠌ᠯᠡᠭᠡᠨ ᠎ᠤ ᠱᠠᠭᠠᠷᠳᠠᠯᠭ᠎ᠠ ᠪᠣᠯᠤᠨ ᠲᠦᠷᠦ᠍᠎ᠶ᠋ᠢᠨ ᠪᠤᠳᠤᠯᠭ᠎ᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠬᠤ᠎ᠶ᠋ᠢ ᠬᠦᠰᠡᠵᠦ ᠪᠠᠢᠨ᠎ᠠ᠃ ᠡᠭᠦᠨ᠎ᠦ ᠬᠠᠮᠲᠤ᠂ ᠵᠠᠳᠠᠷᠠᠭᠤᠯᠵᠤ ᠪᠣᠯᠬᠤ ᠮᠠᠲ᠋ᠧᠷᠢᠶᠠᠯ᠎ᠤᠨ ᠪᠦᠲᠦᠭᠡᠭ᠌ᠳᠡᠬᠦᠨ᠎ᠢ ᠬᠣᠷᠢᠶᠠᠨ ᠠᠪᠬᠤ ᠲᠦᠬᠦᠭᠡᠷᠦᠮᠵᠢ᠎ᠶ᠋ᠢ ᠨᠠᠮᠠᠨ ᠪᠠᠢᠭᠤᠯᠵᠤ᠂ ᠠᠵᠤ ᠦᠶ᠋ᠯᠡᠳᠪᠦᠷᠢ᠎ᠶ᠋ᠢᠨ ᠪᠣᠷᠲᠣᠭᠣᠷ᠎ᠤᠨ ᠦᠶ᠋ᠯᠡᠳᠪᠦᠷᠢ᠎ᠶ᠋ᠢ ᠵᠦᠶ ᠵᠣᠬᠢᠰᠲᠠᠶ ᠪᠠᠢᠷᠢᠯᠠᠭᠤᠯᠵᠤ᠂ ᠡᠷᠭᠢᠯᠳᠦᠭᠦᠯᠦᠨ ᠠᠱᠢᠭ᠍ᠯᠠᠬᠤ᠎ᠶ᠋ᠢᠨ ᠠᠷᠭ᠎ᠠ ᠥᠬᠡᠶ ᠵᠠᠳᠠᠷᠠᠭᠤᠯᠵᠤ ᠪᠣᠯᠬᠤ ᠪᠦᠲᠦᠭᠡᠭ᠌ᠳᠡᠬᠦᠨ᠎ᠢ ᠠᠵᠤ ᠦᠶ᠋ᠯᠡᠳᠪᠦᠷᠢ᠎ᠶ᠋ᠢᠨ ᠪᠣᠷᠲᠣᠭᠣᠷ᠎ᠢᠶᠠᠷ ᠱᠢᠶ᠋ᠳᠪᠦᠷᠢᠯᠡᠵᠦ᠍᠂ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠥᠭ᠌ᠵᠢᠯᠲᠡ ᠎ᠶ᠋ᠢᠨ ᠪᠣᠬᠢᠷᠲᠤᠯ ᠥᠬᠡᠶ ᠲᠡᠢᠰᠢ ᠬᠡᠯᠪᠡᠷᠢ ᠪᠡᠨ ᠬᠤᠪᠢᠷᠠᠭᠤᠯᠬᠤ᠎ᠶ᠋ᠢ ᠪᠥᠬᠥ᠌ ᠬᠦᠴᠦᠨ᠎ᠢᠶᠡᠷ ᠠᠬᠢᠭᠤᠯᠬᠤ ᠵᠢ ᠬᠦᠰᠡᠵᠦ ᠪᠠᠢᠨ᠎ᠠ᠃ ᠱᠢᠨ᠎ᠡ ᠠᠶᠠᠨ ᠵᠠᠮ᠂ ᠱᠢᠨ᠎ᠡ ᠡᠭᠦᠷᠭᠡ ᠬᠠᠷᠢᠭᠤᠴᠠᠯᠭ᠎ᠠ᠃ ᠠᠵᠢᠯ᠎ᠤᠨ ᠪᠠᠢᠷᠢᠨ᠎ᠳᠠᠭᠠᠨ ᠪᠤᠴᠠᠭ᠍ᠰᠠᠨ᠎ᠤ ᠲᠠᠷᠠᠭ᠎ᠠ᠂ ᠪᠢ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠠ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠌ ᠵᠣᠷᠢᠭ ᠰᠠᠨᠠᠭ᠎ᠠ᠎ᠶ᠋ᠢ ᠦᠷᠭᠦᠯᠵᠢᠯᠡᠨ ᠪᠠᠳᠠᠷᠠᠭᠤᠯᠵᠤ᠂ ᠠᠵᠤ ᠠᠬᠤᠢᠯᠠᠯ᠎ᠤᠨ ᠴᠢᠨᠠᠷ ᠰᠠᠢᠲᠠᠢ ᠬᠥᠭ᠌ᠵᠢᠯᠲᠡ᠎ᠳᠦ ᠲᠠᠬᠢᠨ ᠱᠢᠨ᠎ᠡ ᠬᠤᠪᠢ ᠨᠡᠮᠡᠷᠢ ᠦᠵᠡᠭᠦᠯᠦᠨ᠎ᠡ᠃

(ᠵᠤᠬᠢᠶᠠᠯ / ᠵᠢᠷᠤᠭ ᠄ ᠲᠤᠰ ᠰᠣᠨᠢᠨ᠎ᠤ ᠰᠤᠷᠪᠤᠯᠵᠢᠯᠠᠭ᠍ᠴᠢ ᠬᠤᠤ ᠵᠢᠶᠠ ᠯᠢ ᠮᠥᠩᠬᠡᠴᠢᠯᠠᠭᠤ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面