2024-03-11 11:36:13
ᠸᠠᠩ ᠵᠣᠣ ᠮᠢᠩ᠄ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠮᠸᠩ ᠼᠤᠤ ᠪᠦᠯᠦᠭ᠌ᠯᠡᠯ᠎ᠦᠨ ᠡᠭᠦᠰᠭᠡᠨ ᠪᠠᠢᠭᠤᠯᠤᠭ᠍ᠴᠢ ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠶᠡᠷᠦᠩᠬᠡᠢ ᠬᠢᠨᠠᠭ᠍ᠴᠢ

ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠦᠳᠦᠭᠡᠨ ᠪᠠᠢᠭᠤᠯᠬᠤ ᠪᠣᠯ ᠶᠡᠷᠦᠩᠬᠡᠢ ᠱᠦᠵᠢ᠎ᠶ᠋ᠢᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢᠨ ᠨᠢᠭᠡ ᠪᠣᠯᠤᠨ᠎ᠠ᠂ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠭᠣᠣᠯ ᠲᠠᠯᠠᠪᠤᠷ ᠴᠤ᠌ ᠥᠪᠥᠷ ᠮᠣᠩᠭᠣᠯ᠎ᠳᠤ ᠪᠤᠢ᠃ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ《〈ᠤᠮᠠᠷᠠᠲᠤ᠎ᠶ᠋ᠢᠨ ᠭᠤᠷᠪᠠᠨ ᠣᠷᠣᠨ〉 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠢ ᠰᠠᠢᠲᠤᠷ ᠵᠣᠬᠢᠶᠠᠨ ᠪᠠᠢᠭᠤᠯᠬᠤ ᠬᠡᠷᠡᠭ᠌ᠲᠡᠢ》 ᠭᠡᠵᠦ᠍ ᠳᠠᠬᠢᠨᠲᠠ ᠳᠤᠷᠠᠳᠴᠠᠢ᠂ ᠬᠠᠷᠢᠭᠤᠴᠠᠯᠭ᠎ᠠ ᠬᠦᠨᠳᠦ ᠶᠡᠬᠡ ᠰᠠᠨᠠᠭᠳᠠᠵᠦ ᠪᠠᠢᠨ᠎ᠠ᠃ ᠱᠢᠨ᠎ᠡ ᠠᠶᠠᠨ ᠵᠠᠮ᠎ᠳᠤ᠂ ᠮᠸᠩ ᠼᠤᠤ᠎ᠶ᠋ᠢᠨ ᠲᠤᠰ ᠪᠡᠶ᠎ᠡ᠎ᠶ᠋ᠢᠨ ᠰᠠᠢᠨ ᠬᠥᠭ᠌ᠵᠢᠯᠲᠡ ᠵᠢ ᠪᠠᠳᠤᠯᠠᠬᠤ᠎ᠪᠠᠷ ᠪᠠᠷᠠᠬᠤ ᠦᠭᠡᠢ ᠪᠠᠰᠠ ᠴᠦᠯᠯᠡᠷᠭᠡᠭ᠌ᠵᠢᠯ᠎ᠢ ᠵᠠᠰᠠᠬᠤ᠂ ᠡᠯᠡᠰᠦᠷᠬᠡᠭ᠌ᠵᠢᠯ᠎ᠢ ᠰᠡᠷᠭᠡᠢᠯᠡᠵᠦ᠍ ᠡᠯᠡᠰᠦᠷᠬᠡᠭ᠌ᠵᠢᠯ᠎ᠢ ᠵᠠᠰᠠᠬᠤ ᠲᠠᠯ᠎ᠠ᠎ᠪᠠᠷ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠵᠦ᠍ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠢ᠃
ᠤᠯᠠᠨ ᠵᠢᠯ᠎ᠤᠨ ᠲᠤᠷᠰᠢ᠂ ᠮᠸᠩ ᠼᠤᠤ ᠪᠦᠯᠦᠭᠯᠡᠯ 《ᠬᠣᠶᠠᠷ ᠶᠡᠬᠡ ᠶᠠᠪᠤᠳᠠᠯ》 ᠢ᠋ ᠰᠠᠢᠲᠤᠷ ᠬᠢᠬᠦ᠌᠂ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》᠎ᠶ᠋ᠢ ᠨᠠᠢᠳᠠᠪᠤᠷᠢᠵᠢᠭᠤᠯᠬᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠬᠤ᠂ ᠦᠷ᠎ᠡ᠎ᠶ᠋ᠢᠨ ᠢᠷᠡᠯᠲᠡ᠎ᠶ᠋ᠢ ᠪᠠᠲᠤᠯᠠᠬᠤ ᠱᠢᠰᠲ᠋ᠧᠮ᠎ᠢ ᠲᠡᠭᠦᠯᠳᠡᠷᠵᠢᠭᠦᠯᠬᠦ᠌᠂ ᠡᠯᠡᠰᠦ ᠵᠠᠰᠠᠬᠤ ᠣᠯᠠᠨ ᠵᠦᠶ᠋ᠯ᠎ᠦᠨ ᠮᠡᠷᠭᠡᠵᠢᠯ᠎ᠦᠨ ᠵᠠᠭ᠍ᠪᠤᠷ᠎ᠢ ᠬᠤᠯᠠᠨ ᠱᠢᠷᠭ᠎ᠠ᠂ ᠮᠤᠤᠡᠤᠰᠤ᠂ ᠬᠣᠷᠴᠢᠨ᠎ᠤ ᠡᠯᠡᠰᠦᠷᠬᠡᠭ ᠭᠠᠵᠠᠷ ᠵᠡᠷᠭᠡ ᠠᠳᠠᠯᠢ ᠪᠤᠰᠤ ᠠᠮᠢ ᠠᠬᠤᠶ ᠶ᠋ᠢᠨ ᠣᠷᠣᠨ᠎ᠳᠤ ᠳᠡᠯᠭᠡᠷᠡᠭᠦᠯᠦᠨ ᠬᠡᠷᠡᠭ᠌ᠯᠡᠭ᠌ᠰᠡᠭᠡᠷ ᠢᠷᠡᠵᠡᠶ᠃ ᠮᠢᠨᠦ ᠦᠵᠡᠭᠦ ᠪᠡᠷ᠂ ᠡᠯᠡᠰᠦᠷᠭᠡᠭᠵᠢᠯ᠎ᠢ ᠰᠡᠷᠭᠡᠢᠯᠡᠵᠦ᠍ ᠡᠯᠡᠰᠦᠷᠭᠡᠭᠵᠢᠯ᠎ᠢ ᠵᠠᠰᠠᠬᠤ ᠲᠣᠨᠣᠭ᠍ᠯᠠᠯ ᠤᠨ ᠮᠧᠬᠠᠨᠢᠭ᠍ᠵᠢᠯᠲᠠ᠂ ᠮᠡᠳᠡᠭᠡ ᠵᠠᠩᠭᠢᠵᠢᠯᠲᠠ᠂ ᠤᠶᠤᠨᠴᠢᠯᠠᠯᠳᠠ ᠵᠢᠨ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢ ᠥᠴᠦᠬᠡᠨ ᠴᠦ᠍ ᠤᠳᠠᠭᠠᠱᠢᠷᠠᠭᠤᠯᠵᠤ ᠪᠣᠯᠬᠤ ᠦᠭᠡᠢ᠂ ᠦᠵᠦ᠍ ᠲᠥᠯᠥᠪᠯᠡᠭᠡ᠂ ᠲᠦᠷᠦ᠍᠎ᠶ᠋ᠢᠨ ᠪᠤᠳᠤᠯᠭ᠎ᠠ᠎ᠶ᠋ᠢᠨ ᠵᠢᠯᠤᠭᠤᠳᠤᠯᠭ᠎ᠠ ᠪᠣᠯᠤᠨ ᠡᠳ᠋᠎ᠦᠨ ᠵᠠᠰᠠᠭ᠎ᠤᠨ ᠳᠡᠮᠵᠢᠯᠭᠡ᠎ᠶ᠋ᠢ ᠴᠢᠩᠭᠠᠳᠭᠠᠵᠤ᠂ ᠦᠢᠯᠡᠳᠪᠦᠷᠢᠯᠡᠯ ᠵᠢᠭᠠᠨ ᠰᠤᠷᠭᠠᠯᠲᠠ᠂ ᠰᠤᠳᠤᠯᠭᠠᠨ ᠬᠡᠷᠡᠭ᠌ᠯᠡᠭᠡᠨᠢ ᠨᠢᠭᠡ ᠴᠤᠬ᠍ᠴᠠᠵᠢᠭᠤᠯᠬᠤ ᠵᠢ ᠠᠬᠢᠭᠤᠯᠵᠤ᠂ ᠠᠵᠤ ᠠᠬᠤᠢᠯᠠᠯ᠎ᠤᠨ ᠲᠤᠷᠱᠢᠯᠲᠠ᠎ᠶ᠋ᠢᠨ ᠴᠡᠭ ᠭᠠᠷᠭᠠᠬᠤ᠎ᠶ᠋ᠢ ᠵᠣᠷᠢᠭ᠍ᠵᠢᠭᠤᠯᠵᠤ᠂ ᠲᠦᠷᠢᠶᠡᠰᠦᠯᠡᠭᠦᠯᠬᠦ᠌ ᠦᠢᠯᠡᠴᠢᠯᠡᠭᠡᠨ᠎ᠦ ᠲᠠᠪᠴᠠᠩ᠎ᠢ ᠪᠠᠢᠭᠤᠯᠵᠤ᠂ ᠨᠡᠩ ᠤᠯᠠᠨ ᠦᠨᠳᠦᠰᠦᠨ ᠱᠠᠲᠤᠨ᠎ᠤ ᠨᠢᠭᠡᠴᠢ ᠪᠣᠯᠤᠨ ᠮᠠᠯᠴᠢᠨ ᠲᠠᠷᠢᠶᠠᠴᠢᠨ᠎ᠢ ᠬᠡᠷᠡᠭ᠌ᠯᠡᠵᠦ᠍ ᠳᠡᠢᠯᠬᠦ᠌᠂ ᠲᠦᠷᠢᠶᠡᠰᠦᠯᠡᠵᠦ᠍ ᠳᠡᠢᠯᠬᠦ᠌ ᠪᠣᠯᠭᠠᠬᠤ ᠬᠡᠷᠡᠭ᠌ᠲᠡᠢ᠃
(ᠵᠢᠷᠤᠭ \\ ᠵᠤᠬᠢᠶᠠᠯ ᠄ ᠲᠤᠰ ᠰᠣᠨᠢᠨ᠎ᠤ ᠰᠤᠷᠪᠤᠯᠵᠢᠯᠠᠭ᠍ᠴᠢ ᠱᠢᠤᠢ ᠵᠢᠩ ᠮᠦᠨᠭᠭᠡᠴᠢᠯᠠᠭᠤ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃