2025-03-06 16:56:07
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠶ ᠰᠠᠢᠳ ᠯᠢ ᠴᠢᠶᠠᠩ 5 ᠤ᠋ ᠦᠳᠡ᠎ᠶ᠋ᠢᠨ ᠬᠣᠢᠨ᠎ᠠ ᠲᠡᠭᠦᠨ᠎ᠦ ᠪᠠᠢᠭ᠎ᠠ ᠶᠦᠨᠨᠠᠨ᠎ᠤ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠍᠂ ᠲᠥᠯᠥᠭᠡᠯᠡᠭ᠌ᠴᠢᠳ᠎ᠲᠡᠶ ᠬᠠᠮᠲᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠪᠡ᠃ ᠬᠤᠸᠠᠩ ᠴᠦᠨ ᠴᠢᠦ᠂ ᠯᠢ ᠴᠢᠩ ᠯᠢᠨ᠂ ᠱᠢᠶᠦ᠋ᠩ ᠸᠸᠨ ᠯᠠᠨ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠵᠦ᠍᠂ ᠯᠢ ᠴᠢᠶᠠᠩ ᠪᠠᠢᠨ ᠪᠠᠢᠨ ᠤᠯᠠᠨ᠎ᠲᠠᠶ ᠰᠠᠨᠠᠯ᠎ᠢᠶᠠᠨ ᠰᠣᠯᠢᠯᠴᠠᠨ ᠶᠠᠷᠢᠯᠴᠠᠵᠤ ᠪᠠᠢᠯ᠎ᠠ᠃
ᠲᠥᠯᠥᠭᠡᠯᠡᠭ᠌ᠴᠢᠳ᠎ᠦᠨ ᠦᠭᠡ ᠬᠡᠯᠡᠬᠦ ᠵᠢ ᠰᠣᠨᠣᠰᠤᠭ᠍ᠰᠠᠨ᠎ᠤ ᠳᠠᠷᠠᠭ᠎ᠠ ᠯᠢ ᠴᠢᠶᠠᠩ᠂ ᠥᠩᠭᠡᠷᠡᠭ᠌ᠰᠡᠨ ᠨᠢᠭᠡ ᠵᠢᠯ᠎ᠳᠦ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠶᠠᠪᠤᠴᠠ ᠲᠤᠢᠯ᠎ᠤᠨ ᠶᠡᠷᠦ᠍ ᠪᠤᠰᠤ᠎ᠶ᠋ᠢᠨ ᠶᠤᠮ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠡᠷᠡᠮᠡᠬᠡᠢᠯᠡᠨ ᠤᠷᠤᠭ᠍ᠰᠢᠯᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠪᠠ᠃ ᠶᠦᠨᠨᠠᠨ᠎ᠤ ᠥᠷᠭᠡᠨ ᠤᠯᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠰᠢ ᠵᠢᠨ ᠫᠢᠩ᠎ᠦᠨ ᠶᠦᠨᠨᠠᠨ᠎ᠤ ᠠᠵᠢᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠣᠷᠣᠨ᠎ᠢ ᠪᠠᠢᠭᠤᠯᠬᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠬᠣᠱᠢᠭᠤᠴᠢ ᠪᠣᠯᠬᠤ᠎ᠪᠠᠷ ᠴᠢᠷᠮᠠᠢᠬᠤ᠂ ᠡᠮᠦᠨᠡᠲᠦ ᠠᠽᠢᠶ᠎ᠠ ᠵᠡᠭᠦᠨ ᠡᠮᠦᠨᠡᠲᠦ ᠠᠽᠢᠶ᠎ᠠ᠎ᠳᠤ ᠬᠠᠨᠳᠤᠭᠤᠯᠤᠭ᠍ᠰᠠᠨ ᠨᠦᠯᠦᠭᠡᠯᠡᠬᠦ ᠲᠥᠪ᠎ᠢ ᠴᠣᠭ᠍ᠴᠠᠯᠠᠬᠤ ᠵᠡᠷᠭᠡ ᠲᠠᠯ᠎ᠠ᠎ᠪᠠᠷ ᠱᠢᠨ᠎ᠡ ᠦᠷ᠎ᠡ ᠪᠦᠲᠦᠮᠵᠢ ᠣᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠴᠥᠭᠡᠨ ᠪᠤᠰᠤ ᠱᠢᠨ᠎ᠡ ᠬᠢᠯᠠᠰ ᠴᠡᠭ ᠢᠯᠡᠷᠡᠵᠠᠢ ᠭᠡᠵᠤ ᠬᠡᠯᠡᠪᠡ᠃
ᠯᠢ ᠴᠢᠶᠠᠩ᠂ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ ᠪᠣᠯᠤᠨ᠎ᠠ᠂ ᠮᠠᠨ᠎ᠤ ᠤᠯᠤᠰ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢᠨ ᠡᠭᠦᠷᠭᠡ ᠲᠤᠢᠯ᠎ᠤᠨ ᠬᠦᠨᠳᠦ ᠨᠦᠰᠡᠷ ᠪᠠᠢᠵᠤ᠂ ᠭᠠᠳᠠᠭᠠᠳᠤ ᠣᠷᠴᠢᠨ ᠨᠠᠩ ᠨᠠᠷᠢᠨ ᠪᠤᠳᠤᠯᠢᠶᠠᠨᠲᠠᠶ ᠬᠦᠨᠳᠦ ᠨᠣᠴᠢᠲᠠᠶ ᠪᠣᠯᠵᠣ ᠪᠠᠢᠨ᠎ᠠ᠃ ᠤᠷᠤᠭ᠍ᠰᠢᠯᠠᠯᠲᠠ᠎ᠶ᠋ᠢᠨ ᠵᠠᠮ ᠳᠡᠭᠡᠷ᠎ᠡ ᠭᠠᠷᠴᠤ᠌ ᠮᠡᠳᠡᠬᠦ᠌ ᠡᠯ᠎ᠡ ᠵᠦᠢᠯ᠎ᠦᠨ ᠬᠦᠴᠢᠷᠳᠡᠯ ᠥᠷᠢᠰᠥᠯᠳᠦᠭᠡᠨ᠎ᠦ ᠡᠮᠦᠨ᠎ᠡ᠂ ᠡᠷᠬᠡᠪᠰᠢ ᠢᠲᠡᠭᠡᠯ ᠵᠣᠷᠢᠭ᠎ᠢᠶᠠᠨ ᠤᠯᠠᠮ ᠨᠢᠭᠡ ᠠᠯᠬᠤᠮ ᠪᠠᠲᠤᠳᠭᠠᠵᠤ᠂ ᠰᠡᠳᠭᠢᠴᠡ᠎ᠪᠡᠨ ᠤᠯᠠᠮ ᠨᠢᠭᠡ ᠠᠯᠬᠤᠮ ᠥᠷᠭᠡᠳᠭᠡᠵᠦ᠍ ᠂ ᠨᠡᠩ ᠴᠢᠩᠭ᠎ᠠ ᠡᠭᠦᠷᠭᠡᠯᠡᠯ᠂ ᠨᠡᠩ ᠢᠳᠡᠪᠬᠢᠲᠡᠢ ᠵᠢᠳᠬᠦᠯ ᠴᠢᠷᠮᠠᠢᠯᠭ᠎ᠠ᠎ᠪᠠᠷ ᠠᠵᠤ ᠠᠬᠤᠢ᠎ᠶ᠋ᠢᠨ ᠦᠷᠭᠦᠯᠵᠢᠯᠡᠨ ᠳᠡᠭᠡᠭ᠌ᠰᠢᠯᠡᠵᠦ᠍ ᠰᠠᠢᠵᠢᠷᠠᠬᠤ᠎ᠶ᠋ᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠲᠠᠰᠤᠷᠠᠯᠳᠠ ᠦᠭᠡᠢ ᠨᠡᠮᠡᠭ᠌ᠳᠡᠭᠦᠯᠵᠦ᠍᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ᠎ᠢ ᠪᠠᠲᠤᠯᠠᠬᠤ ᠬᠡᠷᠡᠭ᠌ᠲᠡᠢ᠃ ᠶᠦᠨᠨᠠᠨ ᠪᠦᠬᠦ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠴᠢᠬᠤᠯᠠ ᠪᠠᠢᠷᠢ ᠰᠠᠭᠤᠷᠢ ᠪᠠ ᠦᠢᠯᠡᠳᠦᠯ᠎ᠲᠡᠶ ᠶᠤᠮ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠪᠣᠳᠠᠲᠠᠢ ᠲᠤᠬᠢᠷᠠᠭᠤᠯᠤᠯᠳᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠤᠨᠴᠠᠯᠢᠬ᠍ᠳᠤ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠲᠦᠷᠭᠡᠳᠭᠡᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠳᠠ᠎ᠶ᠋ᠢ ᠭᠦᠨᠵᠡᠭᠡᠢᠷᠡᠭᠦᠯᠬᠦ᠌ ᠳᠤᠮᠳᠠ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠬᠤ ᠬᠡᠷᠡᠭ᠌ᠲᠡᠢ᠃ ᠵᠢᠭᠤᠯᠴᠢᠯᠠᠯ᠎ᠤᠨ ᠬᠡᠷᠡᠭ᠌ᠯᠡᠭᠡ᠎ᠶ᠋ᠢᠨ ᠳᠡᠰ ᠳᠡᠪᠱᠢᠭ᠌ᠰᠡᠨ ᠬᠡᠪ᠎ᠢ ᠡᠭᠦᠳᠴᠦ᠍᠂ ᠰᠣᠶᠣᠯ᠂ ᠵᠢᠭᠤᠯᠴᠢᠯᠠᠯ᠎ᠢ ᠡᠮᠴᠢᠯᠡᠭᠡᠨ᠎ᠦ ᠡᠷᠡᠭᠦᠯᠵᠢᠯ ᠰᠤᠪᠢᠯᠠᠯᠲᠠ᠂ ᠰᠡᠯᠡᠭᠦᠴᠡᠯ ᠪᠡᠶ᠎ᠡ ᠴᠢᠭᠢᠷᠠᠭ᠍ᠵᠢᠭᠤᠯᠤᠯᠲᠠ᠂ ᠵᠢᠭᠤᠯᠴᠢᠯᠠᠯ ᠤ᠋ᠨ ᠲᠠᠷᠢᠶᠠᠯᠠᠩ ᠵᠡᠷᠭᠡ᠎ᠲᠡᠶ ᠬᠣᠯᠪᠣᠭᠠᠯᠠᠨ ᠬᠥᠭ᠌ᠵᠢᠭᠦᠯᠬᠦ᠌᠎ᠶ᠋ᠢ ᠠᠬᠢᠭᠤᠯᠵᠤ᠂ ᠬᠡᠷᠡᠭ᠌ᠯᠡᠭᠡᠨ᠎ᠦ ᠪᠠᠢᠳᠠᠯ᠎ᠢ ᠲᠠᠰᠤᠷᠠᠯᠲᠠ ᠦᠭᠡᠢ ᠥᠷᠭᠡᠳᠭᠡᠵᠦ᠍᠂ ᠦᠢᠯᠡᠴᠢᠯᠡᠭᠡᠨ᠎ᠦ ᠬᠡᠯᠬᠢᠶ᠎ᠡ᠎ᠶ᠋ᠢ ᠤᠷᠲᠤᠳᠭᠠᠵᠤ᠂ ᠲᠡᠭᠦᠨ᠎ᠳᠦ ᠬᠠᠳᠠᠭᠠᠯᠠᠭ᠍ᠳᠠᠵᠤ ᠪᠠᠢᠭ᠎ᠠ ᠳᠣᠲᠣᠭᠠᠳᠤ ᠬᠡᠷᠡᠭ᠌ᠴᠡᠭᠡ᠎ᠶ᠋ᠢᠨ ᠳᠠᠯᠳᠠ ᠬᠦᠴᠦᠨ᠎ᠢ ᠦᠷᠭᠦᠯᠵᠢᠯᠡᠨ ᠠᠭᠤᠳᠠᠯᠵᠤ᠂ ᠠᠵᠤ ᠠᠬᠤᠢ᠎ᠶ᠋ᠢᠨ ᠱᠢᠨ᠎ᠡ ᠨᠡᠮᠡᠭ᠌ᠳᠡᠯ᠎ᠦᠨ ᠴᠡᠭ᠎ᠢ ᠪᠦᠷᠢᠯᠳᠦᠭᠦᠯᠬᠦ᠌ ᠬᠡᠷᠡᠭ᠌ᠲᠡᠢ᠃ ᠪᠣᠬᠢᠷᠲᠤᠯ ᠦᠭᠡᠢ ᠬᠥᠭ᠌ᠵᠢᠯᠲᠡ᠎ᠶ᠋ᠢᠨ ᠱᠢᠨ᠎ᠡ ᠣᠷᠣᠨ ᠵᠠᠢ᠎ᠶ᠋ᠢ ᠨᠡᠭᠡᠭᠡᠵᠦ᠍᠂《ᠪᠣᠬᠢᠷᠲᠤᠯ ᠦᠭᠡᠢ ᠴᠠᠬᠢᠯᠭᠠᠨ + ᠲᠡᠷᠢᠭᠦᠨ᠎ᠦ ᠦᠢᠯᠡᠳᠬᠦ᠌ ᠦᠢᠯᠡᠰ》 ᠤ᠋ᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠲᠦᠷᠦᠯ ᠲᠡᠮᠳᠡᠭ᠎ᠢ ᠬᠦᠴᠦᠷᠬᠡᠭ᠌ᠵᠢᠭᠦᠯᠬᠦ᠌᠎ᠪᠡᠷ ᠳᠠᠮᠵᠢᠨ ᠪᠣᠬᠢᠷᠲᠤᠯ ᠦᠭᠡᠢ ᠲᠠᠷᠢᠶᠠᠯᠠᠩ᠎ᠢ ᠬᠥᠭ᠌ᠵᠢᠭᠦᠯᠵᠦ᠍᠂ ᠪᠣᠬᠢᠷᠲᠤᠯ᠎ᠢ ᠵᠠᠰᠠᠬᠤ ᠪᠠ ᠠᠮᠢ ᠠᠬᠤᠢ᠎ᠶ᠋ᠢᠨ ᠱᠢᠰᠲ᠋ᠧᠮ᠎ᠢ ᠬᠠᠮᠠᠭᠠᠯᠠᠨ ᠰᠡᠷᠭᠦᠭᠡᠬᠦ᠌᠎ᠶ᠋ᠢ ᠴᠥᠬᠥᠷᠡᠰᠢ ᠦᠭᠡᠢ ᠴᠢᠩᠭᠠᠳᠭᠠᠵᠤ᠂ ᠪᠠᠷᠠᠭᠤᠨ ᠡᠮᠦᠨᠡᠲᠦ ᠣᠷᠣᠨ᠎ᠤ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠢ᠃ ᠪᠠᠷᠠᠭᠤᠨ ᠡᠮᠦᠨᠡᠰᠢ ᠨᠡᠭᠡᠭᠡᠯᠲᠡ ᠬᠢᠬᠦ᠌ ᠪᠡᠬᠢᠯᠡᠯᠲᠡ᠎ᠶ᠋ᠢ ᠴᠢᠩᠭᠠᠳᠭᠠᠵᠤ᠂ ᠬᠦᠷᠢᠶᠡᠯᠡᠩ ᠲᠣᠭᠣᠷᠢᠭ᠎ᠤᠨ ᠲᠠᠪᠴᠠᠩ᠎ᠤᠨ ᠪᠥᠲᠥᠭᠡᠨ ᠪᠠᠢᠭᠤᠯᠤᠯᠲᠠ ᠪᠣᠯᠤᠨ ᠰᠠᠭᠤᠷᠢ ᠲᠥᠬᠥᠭᠡᠷᠦᠮᠵᠢ᠎ᠶ᠋ᠢᠨ ᠬᠣᠯᠪᠣᠯᠳᠤᠨ ᠨᠡᠪᠲᠡᠷᠡᠯᠴᠡᠬᠦ᠌᠂ ᠪᠠᠷᠢᠮᠵᠢᠶ᠎ᠠ ᠲᠦᠷᠢᠮ᠎ᠢ ᠬᠠᠷᠢᠯᠴᠠᠨ ᠮᠡᠳᠡᠷᠡᠵᠦ᠍ ᠵᠣᠯᠭᠠᠭᠤᠯᠬᠤ᠎ᠶ᠋ᠢ ᠠᠬᠢᠭᠤᠯᠵᠤ᠂ ᠳᠣᠲᠣᠭᠠᠳᠤ᠎ᠳᠠᠭᠠᠨ ᠣᠷᠣᠭᠤᠯᠤᠨ ᠠᠪᠴᠢᠷᠠᠵᠤ ᠭᠠᠳᠠᠭᠠᠳᠤ᠎ᠲᠠᠶ ᠬᠣᠯᠪᠣᠭᠠᠯᠠᠬᠤ ᠨᠡᠭᠡᠭᠡᠯᠲᠡ᠎ᠶ᠋ᠢᠨ ᠴᠢᠳᠠᠮᠵᠢ᠎ᠶ᠋ᠢ ᠤᠯᠠᠮ ᠨᠢᠭᠡ ᠠᠯᠬᠤᠮ ᠴᠢᠩᠭᠠᠳᠭᠠᠬᠤ ᠬᠡᠷᠡᠭ᠌ᠲᠡᠶ᠃ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠶᠠᠵᠢᠯ᠎ᠤᠨ ᠵᠠᠮ᠎ᠢᠶᠠᠷ ᠰᠠᠢᠲᠤᠷ ᠵᠠᠮᠨᠠᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠦᠨᠡᠨ ᠬᠦ᠌ ᠪᠡᠬᠢᠵᠢᠭᠦᠯᠦᠨ ᠥᠷᠭᠡᠳᠭᠡᠵᠦ᠍᠂ ᠬᠡᠪᠴᠢᠶᠡᠵᠢᠯ᠎ᠦᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠵᠤ᠂ ᠦᠨᠳᠦᠰᠦᠲᠡᠨ᠎ᠦ ᠤᠨᠴᠠᠯᠢᠬ᠍ᠳᠤ ᠭᠠᠷ ᠦᠶ᠋ᠯᠡᠳᠪᠦᠷᠢ ᠪᠠ ᠤᠨᠴᠠᠯᠢᠬ᠍ᠳᠤ ᠬᠥᠳᠡᠯᠮᠦᠷᠢ ᠦᠶ᠋ᠯᠡᠴᠢᠯᠡᠭᠡᠨ᠎ᠦ ᠲᠥᠷᠥᠯ ᠲᠡᠮᠳᠡᠭ᠎ᠦᠨ ᠬᠥᠭ᠌ᠵᠢᠯᠲᠡ᠎ᠶ᠋ᠢ ᠢᠳᠡᠪᠬᠢᠲᠡᠶ ᠠᠬᠢᠭᠤᠯᠵᠤ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠤᠨ ᠡᠷᠴᠢᠮ᠎ᠢᠶᠡᠨ ᠴᠢᠩᠭᠠᠷᠠᠭᠤᠯᠵᠤ᠂ ᠳᠣᠲᠣᠭᠠᠳᠤ ᠬᠥᠳᠡᠯᠭᠡᠬᠦ᠌ ᠬᠦᠴᠦᠨ᠎ᠢ ᠴᠢᠩᠭᠠᠳᠭᠠᠵᠤ᠂ ᠲᠠᠷᠢᠶᠠᠴᠢᠳ᠎ᠢ ᠬᠠᠪᠰᠤᠷᠤᠨ ᠣᠷᠣᠯᠭ᠎ᠠ᠎ᠶ᠋ᠢ᠎ᠨᠢ ᠦᠷᠭᠦᠯᠵᠢᠯᠡᠨ ᠨᠡᠮᠡᠭ᠌ᠳᠡᠭᠦᠯᠬᠦ᠌ ᠬᠡᠷᠡᠭ᠌ᠲᠡᠶ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠵᠤ᠂ ᠦᠨᠳᠦᠰᠦᠲᠡᠨ᠎ᠦ ᠭᠠᠵᠠᠷ ᠣᠷᠣᠨ᠎ᠤ ᠬᠥᠭ᠌ᠵᠢᠯᠲᠡ᠎ᠶ᠋ᠢᠨ ᠴᠢᠳᠠᠪᠤᠷᠢ᠎ᠶ᠋ᠢ ᠨᠡᠮᠡᠭ᠌ᠳᠡᠭᠦᠯᠦᠨ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠪᠠ ᠬᠢᠯᠢ ᠬᠢᠵᠠᠭᠠᠷ᠎ᠤᠨ ᠲᠣᠭ᠍ᠲᠠᠭᠤᠨ ᠪᠠᠢᠳᠠᠯ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠢ ᠭᠡᠵᠤ ᠴᠢᠬᠤᠯᠠᠴᠢᠯᠠᠪᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 5 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃