2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-06 17:01:06

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠸᠠᠩ ᠬ᠍ᠤ ᠨᠢᠩ ᠭᠦᠢᠵᠧᠦ᠍᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ ᠴᠢᠬᠤᠯᠠᠴᠢᠯᠠᠭ᠍ᠰᠠᠨ ᠨᠢ — ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ 《 ᠠᠷᠪᠠᠨ ᠳᠥᠷᠪ

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠤ᠌ ᠨᠢᠩ 5 ᠎ᠤ᠋ ᠡᠳᠦᠷ᠎ᠦᠨ ᠦᠳᠡ᠎ᠶ᠋ᠢᠨ ᠬᠣᠢᠨ᠎ᠠ ᠲᠡᠭᠦᠨ᠎ᠦ ᠪᠠᠢᠭ᠎ᠠ ᠭᠦᠶ᠋ᠵᠧᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠍᠂ ᠲᠥᠯᠥᠭᠡᠯᠡᠭ᠌ᠴᠢᠳ᠎ᠲᠡᠶ ᠬᠠᠮᠲᠤ᠎ᠪᠡᠷ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠪᠡ᠃ ᠯᠢ ᠨᠢ ᠨᠨ᠂ ᠬᠤᠸᠠᠩ ᠸᠧᠢ᠂ ᠳ᠋ᠦ᠋ ᠸᠧᠢ ᠵᠡᠷᠭᠡ ᠲᠥᠯᠥᠭᠡᠯᠡᠭ᠌ᠴᠢ ᠢᠳᠡᠪᠬᠢᠲᠡᠢ ᠦᠭᠡ ᠬᠡᠯᠡᠵᠦ᠍᠂ ᠬᠤᠷᠠᠯ᠎ᠤᠨ ᠲᠠᠯᠠᠪᠠᠢ ᠬᠦᠷ ᠬᠥᠭ᠌ᠵᠢᠶᠡᠨᠲᠡᠢ ᠪᠠᠢᠯ᠎ᠠ᠃

ᠸᠠᠩ ᠬ᠍ᠤ ᠨᠢᠩ ᠲᠥᠯᠥᠭᠡᠯᠡᠭ᠌ᠴᠢᠳ᠎ᠦᠨ ᠦᠭᠡ ᠬᠡᠯᠡᠬᠦ᠎ᠶ᠋ᠢ ᠰᠣᠨᠣᠰᠤᠭ᠍ᠰᠠᠨ᠎ᠤ ᠳᠠᠷᠠᠭ᠎ᠠ᠂ ᠶᠡᠷᠦᠩᠬᠡᠢ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠢᠯᠡᠷᠡᠭᠦᠯᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠬᠣᠶᠠᠳᠤᠭᠠᠷ᠂ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠢᠯᠡᠷᠡᠭᠦᠯᠪᠡ᠃ ᠡᠨᠡ᠎ᠬᠦ ᠢᠯᠡᠳᠭᠡᠯ᠎ᠢ ᠪᠦᠷᠢᠮᠦᠰᠦᠨ ᠵᠥᠪᠱᠢᠶᠡᠷᠡᠵᠦ᠍ ᠪᠠᠢᠨ᠎ᠠ ᠭᠡᠵᠦ ᠢᠯᠡᠳᠭᠡᠪᠡ᠃

ᠸᠠᠩ ᠬ᠍ᠤ ᠨᠢᠩ᠂ ᠥᠩᠭᠡᠷᠡᠭ᠌ᠰᠡᠨ ᠨᠢᠭᠡ ᠵᠢᠯ᠎ᠳᠦ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠤᠢ᠎ᠶ᠋ᠢ ᠦᠪᠡᠳᠡᠭ᠌ᠰᠢ ᠶᠡᠬᠡ᠎ᠪᠡᠷ ᠪᠡᠯᠭᠡᠯᠡᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠭᠤᠷᠪᠠᠳᠤᠭᠠᠷ ᠪᠦᠬᠦᠳᠡ ᠬᠤᠷᠠᠯ᠎ᠢ ᠠᠮᠵᠢᠯᠲᠠ᠎ᠲᠠᠶ ᠬᠤᠷᠠᠯᠳᠤᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠪᠠ᠃ ᠨᠢᠭᠡ ᠵᠢᠯ᠎ᠦᠨ ᠲᠤᠷᠰᠢ ᠣᠯᠤᠭ᠍ᠰᠠᠨ ᠠᠮᠵᠢᠯᠲᠠ᠎ᠶ᠋ᠢᠨ ᠦᠨᠳᠦᠰᠦ ᠨᠢ ᠶᠡᠷᠦᠩᠬᠡᠢ ᠱᠦᠵᠢ ᠰᠢ ᠵᠢᠨ ᠫᠢᠩ ᠵᠠᠯᠠᠭᠤᠷ᠎ᠢ ᠵᠢᠯᠣᠭᠣᠳᠤᠭ᠍ᠰᠠᠨ᠎ᠳᠤ ᠪᠤᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠃ ᠪᠢᠳᠡ 《ᠬᠣᠶᠠᠷ᠎ᠢ ᠲᠣᠭ᠍ᠲᠠᠭᠠᠭᠰᠠᠨ》᠎ᠤ᠋ ᠱᠢᠶ᠋ᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠬᠣᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠢᠲᠡᠭᠡᠯ ᠵᠣᠷᠢᠭ᠎ᠢᠶᠠᠨ ᠨᠠᠩ ᠪᠠᠲᠤᠳᠭᠠᠬᠤ ᠬᠡᠷᠡᠭ᠌ᠲᠡᠶ ᠭᠡᠵᠦ ᠢᠯᠡᠳᠭᠡᠪᠡ᠃

ᠸᠠᠩ ᠬᠤ᠌ ᠨᠢᠩ ᠭᠦᠶ᠋ᠵᠧᠸ᠋ ᠮᠤᠵᠢ᠎ᠶ᠋ᠢᠨ᠎ᠬᠢᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠭᠦᠶ᠋ᠵᠧᠦ᠎ᠶ᠋ᠢᠨ ᠠᠵᠢᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠡᠷᠡ ᠬᠡᠪ᠎ᠢᠶᠡᠷ᠎ᠨᠢ ᠨᠠᠢᠳᠠᠪᠤᠷᠢᠵᠢᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠴᠢᠨᠠᠷ ᠰᠠᠢᠲᠠᠶ ᠬᠥᠭ᠌ᠵᠢᠯᠲᠡ᠎ᠪᠡᠷ ᠪᠥᠬᠥ᠌ ᠲᠠᠯ᠎ᠠ᠎ᠶ᠋ᠢ ᠶᠡᠷᠦᠩᠬᠡᠢᠯᠡᠨ ᠵᠢᠯᠣᠭᠣᠳᠭᠤ᠎ᠶ᠋ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠣᠨᠣᠪᠴᠢᠲᠠᠶ᠎ᠪᠠᠷ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠶ᠋ᠯᠡᠴᠢᠯᠡᠬᠦ᠌ ᠪᠠ ᠠᠭᠤᠰᠤᠯᠴᠠᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠲᠠᠯ᠎ᠠ᠎ᠪᠡᠷ ᠭᠦᠨᠵᠡᠭᠡᠢᠷᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠯᠠᠪᠳᠠᠭᠤᠨ ᠪᠠᠲᠤᠲᠠᠶ ᠪᠡᠶᠡᠯᠡᠭᠦᠯᠬᠦ᠌ ᠬᠡᠷᠡᠭ᠌ᠲᠡᠶ᠃ ᠬᠥᠭ᠌ᠵᠢᠯᠲᠡ᠎ᠶ᠋ᠢᠨ ᠵᠣᠭ᠍ᠰᠣᠴᠠ᠎ᠪᠠᠨ ᠴᠢᠨᠠᠷ ᠰᠠᠢᠲᠠᠶ ᠬᠥᠭ᠌ᠵᠢᠯᠲᠡ ᠳᠡᠭᠡᠷ᠎ᠡ ᠲᠠᠯᠪᠢᠵᠤ᠂ ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ᠎ᠶ᠋ᠢ ᠬᠤᠪᠢᠷᠠᠭᠤᠯᠬᠤ᠂ ᠳᠠᠪᠠᠭᠤᠯᠢᠭ ᠠᠵᠤ ᠦᠶ᠋ᠯᠡᠰ᠎ᠢ ᠪᠤᠵᠠᠭᠠᠢᠷᠠᠭᠤᠯᠬᠤ ᠪᠠ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠶ ᠠᠭᠤᠰᠤᠯᠴᠠᠭᠤᠯᠬᠤ᠎ᠶ᠋ᠢ ᠠᠬᠢᠭᠤᠯᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠡᠷᠡᠭᠦᠯ᠎ᠢᠶᠡᠷ ᠬᠥᠭ᠌ᠵᠢᠬᠦ᠌᠂ ᠴᠢᠨᠠᠷ ᠰᠠᠢᠲᠠᠶ ᠬᠥᠭ᠌ᠵᠢᠬᠦ᠌᠎ᠶ᠋ᠢ ᠠᠬᠢᠭᠤᠯᠵᠤ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ᠃ ᠥᠭᠡᠷᠡᠴᠢᠯᠡᠯᠲᠡ᠎ᠶ᠋ᠢᠨ ᠱᠢᠪᠲᠤᠯᠤᠯᠲᠠ ᠪᠣᠯᠤᠨ ᠬᠣᠱᠢᠭᠤᠴᠢ ᠦᠢᠯᠡᠳᠦᠯ᠎ᠢ ᠪᠠᠳᠠᠷᠠᠭᠤᠯᠵᠤ ᠂ ᠠᠵᠤ ᠠᠬᠤᠢ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠲᠤᠰ ᠭᠠᠵᠠᠷ ᠣᠷᠣᠨ᠎ᠳᠤ ᠬᠣᠯᠪᠣᠭ᠍ᠳᠠᠬᠤ ᠴᠢᠬᠤᠯᠠ ᠶᠡᠬᠡ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌᠎ᠶ᠋ᠢ ᠰᠠᠢᠲᠤᠷ ᠠᠳᠭᠤᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠡᠯ᠎ᠡ ᠵᠦᠢᠯ᠎ᠦᠨ ᠡᠭᠦᠷᠭᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠬᠡᠷᠡᠭ᠌ᠲᠡᠢ᠃ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠲᠦᠪᠱᠢᠨ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠵᠦ᠍᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢᠨ ᠠᠵᠢᠯ᠎ᠢ ᠪᠣᠳᠠᠲᠠᠢ ᠠᠳᠭᠤᠨ ᠠᠬᠢᠭᠤᠯᠵᠤ᠂ ᠱᠠᠱᠢᠨ ᠰᠤᠷᠲᠠᠬᠤᠨ᠎ᠤ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠬᠠᠤᠯᠢ᠎ᠪᠡᠷ ᠵᠠᠰᠠᠬᠤ᠎ᠵᠢ ᠴᠢᠩᠭᠠᠳᠭᠠᠬᠤ ᠬᠡᠷᠡᠭ᠌ᠲᠡᠢ᠃ ᠨᠠᠮ᠎ᠤᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠺᠠᠳ᠋ᠷ ᠤᠯᠠᠨ ᠲᠦᠮᠡᠨ᠎ᠦ ᠢᠲᠡᠭᠡᠯ ᠵᠣᠷᠢᠭ᠎ᠢᠶᠠᠨ ᠨᠡᠮᠡᠭ᠌ᠳᠡᠭᠦᠯᠵᠦ᠍᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠍᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠬᠤ᠎ᠶ᠋ᠢ ᠠᠬᠢᠭᠤᠯᠬᠤ ᠬᠡᠷᠡᠭ᠌ᠲᠡᠢ ᠭᠡᠵᠦ ᠬᠦᠰᠡᠪᠡ᠃

(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 5 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面