2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-06 11:05:09

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ 5᠎ᠤ ᠦᠳᠡ᠎ᠶᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠵᠦ᠂ ᠰᠢ ᠵᠢᠨ ᠫᠢᠩ ᠵᠡᠷᠭᠡ ᠨᠠᠮ ᠪᠣᠯᠣᠨ ᠲᠦᠷᠦ᠎ᠶᠢᠨ ᠤᠳᠤᠷᠢᠳᠬᠤ ᠬᠥᠮᠥᠰ ᠡᠬᠢᠯᠡᠯᠲᠡ᠎ᠶᠢᠨ ᠬᠤᠷᠠᠯ᠎ᠳᠤ ᠣᠷᠣᠯᠴᠠᠵᠤ᠂ ᠲᠦᠷᠦ ᠎ᠶᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠴᠢᠶᠠᠩ ᠶᠡᠬᠡ ᠬᠤᠷᠠᠯ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠬᠢᠵᠡᠢ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ᠂ ᠬᠡᠷᠡᠭᠯᠡᠭᠡ᠎ᠶᠢ ᠶᠡᠬᠡ᠎ᠪᠡᠷ ᠬᠥᠭᠵᠢᠭᠡᠵᠦ᠂ ᠪᠡᠯᠡ ᠣᠷᠣᠭᠤᠯᠤᠯᠲᠠ᠎ᠶᠢᠨ ᠦᠷ᠎ᠡ ᠠᠰᠢᠭ᠋᠎ᠢ ᠳᠡᠭᠡᠭᠰᠢᠯᠡᠭᠦᠯᠵᠦ᠂ ᠤᠯᠤᠰ᠎ᠤᠨ ᠳᠣᠲᠣᠭᠠᠳᠤ᠎ᠶᠢᠨ ᠬᠡᠷᠡᠭᠴᠡᠭᠡ᠎ᠶᠢ ᠪᠥᠬᠥ ᠲᠠᠯ᠎ᠠ᠎ᠪᠠᠷ ᠥᠷᠭᠡᠳᠬᠡᠨ᠎ᠡ᠃ ᠬᠡᠷᠡᠭᠯᠡᠭᠡ ᠪᠠ ᠪᠡᠯᠡ ᠣᠷᠣᠭᠤᠯᠤᠯᠲᠠ᠎ᠶᠢᠨ ᠨᠡᠩ ᠰᠠᠢᠨ ᠤᠶᠠᠯᠳᠤᠯ᠎ᠢ ᠠᠬᠢᠭᠤᠯᠵᠤ᠂ ᠳᠣᠲᠣᠭᠠᠳᠤ ᠬᠡᠷᠡᠭᠴᠡᠭᠡ ᠢᠯᠠᠩᠭᠤᠶ᠎ᠠ ᠬᠡᠷᠡᠭᠯᠡᠭᠡᠨ᠎ᠦ ᠳᠤᠲᠠᠭᠤᠳᠠᠯ᠎ᠢ ᠲᠦᠷᠭᠡᠪᠴᠢᠯᠡᠨ ᠨᠥᠬᠥᠪᠦᠷᠢᠯᠡᠵᠦ᠂ ᠳᠣᠲᠣᠭᠠᠳᠤ ᠬᠡᠷᠡᠭᠴᠡᠭᠡ᠎ᠶᠢ ᠠᠵᠤ ᠠᠬᠤᠢ᠎ᠶᠢᠨ ᠨᠡᠮᠡᠭᠳᠡᠯ᠎ᠢ ᠳᠠᠢᠴᠢᠯᠠᠬᠤ ᠰᠠᠨᠠᠭᠠᠴᠢᠯᠠᠭᠠᠲᠤ ᠬᠦᠴᠦᠨ ᠪᠠ ᠲᠣᠭᠲᠠᠪᠤᠷᠢᠵᠢᠭᠤᠯᠤᠭ᠍ᠴᠢ ᠪᠣᠯᠭᠠᠨ᠎ᠠ ᠭᠡᠵᠦ ᠳᠤᠷᠠᠳᠪᠠ᠃


QQ截图20240904155222.png


ᠬᠡᠷᠡᠭᠯᠡᠭᠡ᠎ᠶᠢ ᠬᠥᠭᠵᠢᠭᠡᠬᠦ ᠲᠤᠰᠬᠠᠢ ᠠᠵᠢᠯᠯᠠᠭ᠎ᠠ᠄

·ᠬᠡᠷᠡᠭᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠬᠦ᠂ ᠴᠢᠨᠠᠷ ᠰᠠᠢᠲᠠᠢ ᠬᠠᠩᠭᠠᠯᠭ᠎ᠠ᠎ᠶᠢ ᠨᠡᠮᠡᠭᠳᠡᠭᠦᠯᠬᠦ᠂ ᠬᠡᠷᠡᠭᠯᠡᠭᠡᠨ᠎ᠦ ᠣᠷᠴᠢᠨ ᠨᠥᠬᠥᠴᠡᠯ᠎ᠢ ᠰᠠᠢᠵᠢᠷᠠᠭᠤᠯᠬᠤ ᠲᠤᠰᠬᠠᠢ ᠠᠷᠭ᠎ᠠ ᠬᠡᠮᠵᠢᠶ᠎ᠡ᠎ᠶᠢ ᠲᠣᠭᠲᠠᠭᠠᠵᠤ᠂ ᠣᠯᠠᠨ ᠶᠠᠩᠵᠤᠴᠢᠯᠠᠭᠰᠠᠨ᠂ ᠵᠦᠷᠢᠶᠡᠴᠢᠯᠡᠭᠰᠡᠨ ᠬᠡᠷᠡᠭᠯᠡᠭᠡᠨ᠎ᠦ ᠳᠠᠯᠳᠠ ᠬᠦᠴᠦᠨ᠎ᠢ ᠪᠠᠳᠠᠷᠠᠭᠤᠯᠵᠤ᠂ ᠬᠡᠷᠡᠭᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠶᠢ ᠠᠬᠢᠭᠤᠯᠤᠨ᠎ᠠ᠃

·ᠰᠠᠭᠤᠭᠠᠯᠢ ᠠᠷᠠᠳ᠎ᠤᠨ ᠣᠷᠣᠯᠭ᠎ᠠ᠎ᠶᠢᠨ ᠨᠡᠮᠡᠭᠳᠡᠯ᠎ᠢ ᠤᠯᠠᠨ ᠠᠷᠭ᠎ᠠ ᠵᠠᠮ᠎ᠢᠶᠠᠷ ᠠᠬᠢᠭᠤᠯᠵᠤ᠂ ᠳᠤᠮᠳᠠ ᠳᠣᠣᠷ᠎ᠠ ᠣᠷᠣᠯᠭ᠎ᠠ᠎ᠲᠠᠢ ᠬᠦᠮᠦᠰ᠎ᠤᠨ ᠣᠷᠣᠯᠭ᠎ᠠ᠎ᠶᠢ ᠨᠡᠮᠡᠭᠳᠡᠭᠦᠯᠦᠨ ᠳᠠᠷᠤᠭᠠᠰᠤ᠎ᠶᠢ ᠬᠥᠩᠭᠡᠷᠡᠭᠦᠯᠬᠦ᠎ᠶᠢ ᠠᠬᠢᠭᠤᠯᠵᠤ᠂ ᠬᠥᠳᠡᠯᠮᠦᠷᠢᠴᠢᠳ᠎ᠦᠨ ᠴᠠᠯᠢᠩ᠎ᠤᠨ ᠬᠡᠪ᠎ᠦᠨ ᠥᠰᠦᠯᠲᠡ᠎ᠶᠢᠨ ᠲᠣᠭᠲᠠᠴᠠ᠎ᠶᠢ ᠲᠡᠭᠦᠯᠳᠡᠷᠵᠢᠭᠦᠯᠦᠨ᠎ᠡ᠃

·ᠤᠷᠳᠤ ᠬᠤᠭᠤᠴᠠᠭᠠᠨ᠎ᠤ ᠣᠨᠴᠠᠭᠠᠢ ᠤᠯᠤᠰ᠎ᠤᠨ ᠵᠢᠭᠡᠯᠡᠯᠭᠡ᠎ᠶᠢ 3000 ᠳ᠋ᠦᠩᠰᠢᠭᠤᠷ ᠲᠥᠭᠥᠷᠢᠭ ᠲᠣᠬᠢᠷᠠᠭᠤᠯᠤᠨ ᠬᠡᠷᠡᠭᠯᠡᠭᠡᠨ ᠎ᠦ ᠵᠦᠢᠯᠡᠰ᠎ᠤᠨ ᠬᠠᠭᠤᠴᠢᠨ᠎ᠢᠶᠠᠷ ᠰᠢᠨ᠎ᠡ᠎ᠶᠢ ᠰᠣᠯᠢᠬᠤ᠎ᠶᠢ ᠲᠡᠮᠵᠢᠨ᠎ᠡ᠃

·ᠵᠥᠪᠰᠢᠶᠡᠷᠡᠨ ᠣᠷᠣᠭᠤᠯᠬᠤ᠎ᠶᠢ ᠠᠭᠤᠵᠢᠭᠤ ᠲᠠᠯᠪᠢᠬᠤ᠂ ᠬᠢᠵᠠᠭᠠᠷᠯᠠᠯ᠎ᠢ ᠪᠠᠭᠠᠰᠬᠠᠬᠤ᠂ ᠬᠢᠨᠠᠯᠲᠠ ᠬᠠᠮᠢᠶᠠᠷᠤᠯᠲᠠ᠎ᠶᠢ ᠰᠢᠯᠢᠳᠡᠭᠵᠢᠭᠦᠯᠬᠦ ᠵᠡᠷᠭᠡ ᠲᠠᠯ᠎ᠠ᠎ᠠᠴᠠ ᠭᠠᠷᠳᠠᠵᠤ᠂ ᠡᠷᠡᠭᠦᠯ ᠮᠡᠨᠳᠦ᠂ ᠨᠠᠰᠤᠵᠢᠯ᠎ᠤᠨ ᠠᠰᠠᠷᠠᠮᠵᠢ᠂ ᠬᠡᠦᠬᠡᠳ᠎ᠦᠨ ᠴᠡᠴᠡᠷᠯᠢᠭ᠂ ᠭᠡᠷ᠎ᠠᠬᠤᠢ ᠵᠡᠷᠭᠡ ᠣᠯᠠᠨ ᠡᠰᠢᠵᠢᠭᠰᠡᠨ ᠦᠢᠯᠡᠴᠢᠯᠡᠭᠡᠨ᠎ᠦ ᠬᠠᠩᠭᠠᠯᠭ᠎ᠠ᠎ᠶᠢ ᠥᠷᠭᠡᠳᠬᠡᠨ᠎ᠡ᠃

·ᠬᠡᠷᠡᠭᠯᠡᠭᠡ᠎ᠶᠢᠨ ᠠᠬᠤᠢ ᠪᠠᠢᠳᠠᠯ᠎ᠢ ᠰᠢᠨᠡᠴᠢᠯᠡᠨ ᠪᠠᠶᠠᠯᠢᠭ᠍ᠵᠢᠭᠤᠯᠵᠤ᠂ ᠲᠣᠭᠠᠴᠢᠯᠠᠭᠰᠠᠨ᠂ ᠪᠣᠬᠢᠷᠲᠤᠯ ᠦᠭᠡᠢ᠂ ᠣᠶᠤᠨᠴᠢ ᠵᠡᠷᠭᠡ ᠰᠢᠨ᠎ᠡ ᠬᠡᠯᠪᠡᠷᠢ᠎ᠶᠢᠨ ᠬᠡᠷᠡᠭᠯᠡᠭᠡ᠎ᠶᠢᠨ ᠬᠥᠭᠵᠢᠯᠲᠡ᠎ᠶᠢ ᠲᠦᠷᠭᠡᠳᠬᠡᠨ᠎ᠡ᠃

·ᠠᠮᠠᠷᠠᠯᠲᠠ᠎ᠶᠢᠨ ᠳᠦᠷᠢᠮ᠎ᠢ ᠨᠠᠢᠳᠠᠪᠤᠷᠢᠵᠢᠭᠤᠯᠤᠨ ᠰᠢᠯᠢᠳᠡᠭᠵᠢᠭᠦᠯᠵᠦ᠂ ᠰᠣᠶᠣᠯ᠂ ᠵᠢᠭᠤᠯᠴᠢᠯᠠᠯ᠂ ᠪᠡᠶ᠎ᠡ᠎ᠶᠢᠨ ᠲᠠᠮᠢᠷ ᠵᠡᠷᠭᠡ ᠬᠡᠷᠡᠭᠯᠡᠭᠡᠨ᠎ᠦ ᠳᠠᠯᠳᠠ ᠬᠦᠴᠦᠨ᠎ᠢ ᠪᠠᠳᠠᠷᠠᠭᠤᠯᠤᠨ᠎ᠠ᠃

·ᠭᠠᠢᠯᠢ ᠬᠡᠯᠲᠦᠷᠢᠭᠦᠯᠬᠦ ᠳᠡᠯᠭᠡᠭᠦᠷ᠎ᠦᠨ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠂ ᠬᠢᠯᠢ᠎ᠳᠦ ᠣᠷᠣᠬᠤ ᠬᠡᠷᠡᠭᠯᠡᠭᠡ᠎ᠶᠢ ᠥᠷᠭᠡᠳᠬᠡᠬᠦ᠎ᠶᠢ ᠠᠬᠢᠭᠤᠯᠤᠨ᠎ᠠ᠃

·ᠣᠯᠠᠨ ᠤᠯᠤᠰ᠎ᠤᠨ ᠬᠡᠷᠡᠭᠯᠡᠭᠡᠨ᠎ᠦ ᠲᠥᠪ ᠬᠣᠲᠠ᠎ᠶᠢᠨ ᠪᠦᠲᠦᠭᠡᠨ ᠪᠠᠢᠭᠤᠯᠤᠯᠲᠠ᠎ᠶᠢ ᠭᠦᠨᠵᠡᠭᠡᠢᠷᠡᠭᠦᠯᠵᠦ᠂ ᠰᠢᠶᠠᠨ᠎ᠤ ᠬᠡᠪᠴᠢᠶᠡᠨ᠎ᠦ ᠬᠤᠳᠠᠯᠳᠤᠭᠠᠨ᠎ᠤ ᠰᠢᠰᠲᠧᠮ᠎ᠢ ᠪᠦᠷᠢᠨᠰᠢᠭᠦᠯᠦᠨ᠎ᠡ᠃

·ᠪᠦᠬᠦ ᠰᠢᠰᠲᠧᠮ᠎ᠦᠨ ᠬᠡᠷᠡᠭᠯᠡᠭᠡ᠎ᠶᠢᠨ ᠪᠦᠷᠢᠳᠬᠡᠯ᠎ᠦᠨ ᠳᠦᠷᠢᠮ᠎ᠢ ᠲᠡᠭᠦᠯᠳᠡᠷᠵᠢᠭᠦᠯᠦᠨ᠎ᠡ᠃

·ᠬᠡᠷᠡᠭᠯᠡᠭᠴᠢᠳ᠎ᠦᠨ ᠡᠷᠬᠡ ᠠᠰᠢᠭ᠋᠎ᠤᠨ ᠬᠠᠮᠠᠭᠠᠯᠠᠯᠲᠠ᠎ᠶᠢ ᠴᠢᠩᠭᠠᠳᠬᠠᠵᠤ᠂ ᠠᠮᠤᠷ ᠲᠦᠪᠰᠢᠨ ᠢᠲᠡᠭᠡᠮᠵᠢᠲᠡᠢ ᠬᠡᠷᠡᠭᠯᠡᠭᠡᠨ᠎ᠦ ᠣᠷᠴᠢᠨ ᠲᠣᠭᠣᠷᠢᠨ᠎ᠢ ᠪᠣᠶ ᠪᠣᠯᠭᠠᠨ᠎ᠠ᠃

ᠢᠷᠡᠯᠲᠡ ᠄ ᠲᠥᠪ ᠲᠧᠯᠸᠢᠰ᠎ᠦᠨ ᠰᠣᠨᠢᠨ ᠮᠡᠳᠡᠭᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面