2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-02-27 20:09:29

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

QQ20250227-201215.png


2025 ᠣᠨ᠎ᠤ ᠪᠥᠬᠥ ᠤᠯᠤᠰ᠎ᠤᠨᠬᠣᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠢᠭ᠎ᠠ ᠲᠠᠰᠢᠷᠠᠮ᠎ᠳᠤ᠂ ᠪᠡᠭᠡᠵᠢᠩ᠎ᠦᠨ ᠪᠠᠷᠠᠭᠤᠨ ᠴᠠᠩ ᠠᠨᠵᠡᠭᠡᠯᠢ᠎ᠶᠢᠨ ᠬᠣᠢᠲᠤ ᠲᠠᠯ᠎ᠠ᠎ᠳᠠᠬᠢ ᠮᠧᠶ ᠳᠢ ᠶᠠ ᠲᠥᠪ ᠎ᠦᠨ ᠪᠥᠬᠥ ᠤᠯᠤᠰ᠎ᠤᠨ ᠬᠣᠶᠠᠷ ᠬᠤᠷᠠᠯ᠎ᠤᠨ ᠰᠣᠨᠢᠨ ᠮᠡᠳᠡᠭᠡᠨ ᠎ᠦᠲᠥᠪ 27᠎ᠤ ᠡᠳᠦᠷ ᠵᠢᠩᠬᠢᠨᠢ᠎ᠪᠡᠷ ᠠᠰᠢᠬᠯᠠᠯᠲᠠ ᠳ᠋ᠤ ᠤᠷᠤᠨ᠎ᠠ᠃

ᠠᠷᠪᠠᠨ ᠳᠥᠷᠪᠡᠳᠦᠭᠡᠷ ᠬᠤᠭᠤᠴᠠᠭᠠᠨ᠎ᠤᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠪᠣᠯᠣᠨ ᠪᠦᠬᠦ ᠤᠯᠤᠰ᠎ᠤᠨᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯᠲᠤᠰ ᠲᠤᠰ 3 ᠰᠠᠷ᠎ᠠ᠎ᠶᠢᠨ 5᠎ᠤ ᠡᠳᠦᠷ ᠪᠣᠯᠣᠨ 3 ᠰᠠᠷ᠎ᠠ᠎ᠶᠢᠨ 4᠎ᠦ ᠡᠳᠦᠷ ᠪᠡᠭᠡᠵᠢᠩ᠎ᠳᠦ ᠡᠬᠢᠯᠡᠨ᠎ᠡ᠃ ᠰᠤᠷᠪᠤᠯᠵᠢᠯᠠᠭ᠍ᠴᠢᠪᠥᠬᠥ ᠤᠯᠤᠰ᠎ᠤᠨ ᠬᠣᠶᠠᠷ ᠬᠤᠷᠠᠯ᠎ᠤᠨ ᠰᠣᠨᠢᠨ ᠮᠡᠳᠡᠭᠡᠨ᠎ᠦ ᠲᠥᠪ᠎ᠡᠴᠡ ᠣᠢᠯᠠᠭᠠᠭᠰᠠᠨ᠎ᠢᠶᠠᠷ᠂ ᠣᠳᠣᠬᠠᠨ᠎ᠳᠤ ᠨᠢᠭᠡᠨᠲᠡ3000 ᠭᠠᠷᠤᠢ ᠳᠤᠮᠳᠠᠳᠤ ᠭᠠᠳᠠᠭᠠᠳᠤ᠎ᠶᠢᠨ ᠰᠤᠷᠪᠤᠯᠵᠢᠯᠠᠭ᠍ᠴᠢ ᠪᠥᠬᠥ ᠤᠯᠤᠰ᠎ᠤᠨ ᠬᠣᠶᠠᠷ ᠬᠤᠷᠠᠯ᠎ᠢ ᠰᠤᠷᠪᠤᠯᠵᠢᠯᠠᠬᠤ᠎ᠪᠠᠷᠨᠡᠷ᠎ᠡ ᠮᠡᠳᠡᠭᠦᠯᠵᠡᠢ᠂ ᠡᠭᠦᠨ᠎ᠳᠦ ᠬᠢᠯᠢ᠎ᠶᠢᠨ ᠳᠣᠲᠣᠨᠠᠬᠢ ᠰᠤᠷᠪᠤᠯᠵᠢᠯᠠᠭ᠍ᠴᠢ 2000 ᠭᠠᠷᠤᠢ᠂ ᠰᠢᠶᠠᠩᠭᠠᠩᠣᠣᠮᠧᠨ ᠲᠠᠢᠸᠠᠨ ᠎ᠤ ᠰᠤᠷᠪᠤᠯᠵᠢᠯᠠᠭ᠍ᠴᠢ ᠪᠣᠯᠣᠨ ᠭᠠᠳᠠᠭᠠᠳᠤ᠎ᠶᠢᠨ ᠰᠤᠷᠪᠤᠯᠵᠢᠯᠠᠭ᠍ᠴᠢ 1000 ᠭᠠᠷᠤᠢ ᠪᠠᠢᠵᠤ᠂ᠨᠡᠷ᠎ᠡ ᠮᠡᠳᠡᠭᠦᠯᠦᠭᠰᠡᠨ ᠰᠤᠷᠪᠤᠯᠵᠢᠯᠠᠭ᠍ᠴᠢ᠎ᠶᠢᠨ ᠲᠣᠭ᠎ᠠ ᠨᠢᠳᠤᠨᠤᠨ᠎ᠤ ᠬᠢ᠎ᠡᠴᠡ ᠨᠡᠮᠡᠭᠳᠡᠵᠡᠢ᠃

2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠶᠢᠨᠰᠡᠭᠦᠯ ᠬᠤᠷᠢᠶᠠᠬᠤ ᠵᠢᠯ ᠮᠥᠨ᠂ ᠪᠠᠰᠠ ᠴᠤ᠌ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷᠭᠦᠨᠵᠡᠭᠡᠢᠷᠡᠭᠦᠯᠬᠦ ᠴᠢᠬᠤᠯᠠ ᠨᠢᠭᠡ ᠵᠢᠯ ᠮᠥᠨ᠃ ᠡᠨᠡ ᠵᠢᠯ᠎ᠦᠨ ᠪᠥᠬᠥ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ᠬᠠᠮᠢᠶ᠎ᠠ ᠪᠦᠬᠦᠢ ᠰᠣᠷᠪᠣᠯᠵᠢᠯᠠᠭ᠍ᠴᠢᠳ᠎ᠤᠨ ᠬᠤᠷᠠᠯ ᠵᠢᠴᠢ ᠠᠯᠢ ᠣᠯᠠᠨ ᠰᠤᠷᠪᠤᠯᠵᠢᠯᠠᠬᠤ ᠠᠵᠢᠯᠯᠠᠭ᠎ᠠ ᠪᠥᠬᠥᠤᠯᠤᠰ᠎ᠤᠨ ᠬᠣᠶᠠᠷ ᠬᠤᠷᠠᠯ᠎ᠤᠨ ᠰᠣᠨᠢᠨ ᠮᠡᠳᠡᠭᠡᠨ᠎ᠦ ᠲᠥᠪ᠎ᠲᠦ ᠶᠠᠪᠤᠭᠳᠠᠬᠤ ᠪᠣᠯᠣᠨ᠎ᠠ᠃ ᠤᠯᠤᠰ᠎ᠤᠨ ᠳᠣᠲᠣᠭᠠᠳᠤᠭᠠᠳᠠᠭᠠᠳᠤ᠎ᠶᠢᠨ ᠠᠩᠬᠠᠷᠤᠯ ᠲᠠᠯᠪᠢᠵᠤ ᠪᠠᠢᠭ᠎ᠠ ᠬᠠᠯᠠᠮᠰᠢᠯ ᠠᠰᠠᠭᠤᠳᠠᠯ᠎ᠳᠤ ᠴᠢᠭᠯᠡᠭᠦᠯᠦᠨ᠂ ᠲᠥᠷᠥ᠎ᠶᠢᠨ ᠶᠠᠪᠤᠳᠠᠯ᠎ᠤᠨᠬᠣᠷᠢᠶ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠰᠣᠷᠪᠣᠯᠵᠢᠯᠠᠭ᠍ᠴᠢᠳ ᠎ᠤᠨᠬᠤᠷᠠᠯ ᠎ᠳᠤ ᠣᠷᠣᠯᠴᠠᠵᠤ᠂ ᠵᠠᠭᠤᠴᠢᠯᠠᠭᠤᠷ᠎ᠤᠨ ᠠᠰᠠᠭᠤᠯᠲᠠ᠎ᠶᠢ ᠬᠠᠷᠢᠭᠤᠯᠬᠤ ᠪᠣᠯᠣᠨ᠎ᠠ᠃

ᠰᠤᠷᠪᠤᠯᠵᠢᠯᠠᠭ᠍ᠴᠢ ᠪᠥᠬᠥᠤᠯᠤᠰ᠎ᠤᠨ ᠬᠣᠶᠠᠷ ᠬᠤᠷᠠᠯ᠎ᠤᠨ ᠰᠣᠨᠢᠨ ᠮᠡᠳᠡᠭᠡᠨ᠎ᠦ ᠲᠥᠪ᠎ᠦᠨ ᠲᠤᠬᠠᠢ᠎ᠶᠢᠨ ᠲᠠᠯᠠᠪᠠᠶ᠎ᠳᠤ ᠣᠯᠵᠤ ᠬᠠᠷᠠᠭᠰᠠᠨᠵᠢᠠᠷ᠂ ᠰᠣᠨᠢᠨ ᠮᠡᠳᠡᠭᠡ ᠨᠡᠢᠲᠡᠯᠡᠬᠦ ᠲᠢᠩᠬᠢᠮ᠂ ᠰᠣᠨᠢᠨ ᠮᠡᠳᠡᠭᠡᠨ᠎ᠦ ᠲᠥᠪ᠎ᠦᠨ ᠰᠤᠷᠪᠤᠯᠵᠢᠯᠠᠬᠤ ᠲᠠᠰᠤᠭ᠎ᠢᠨᠢᠭᠡᠨᠲᠡ ᠪᠡᠯᠡᠳᠬᠡᠵᠦ ᠳᠠᠭᠤᠰᠤᠭᠰᠠᠨ ᠪᠠᠢᠨ᠎ᠠ᠃ ᠬᠢᠯᠢ᠎ᠶᠢᠨ ᠳᠣᠲᠣᠷᠠᠬᠢ ᠰᠣᠷᠪᠣᠯᠵᠢᠯᠠᠭ᠍ᠴᠢᠳ᠎ᠤᠨ ᠳᠤᠭᠤᠢᠯᠠᠩ᠂ᠭᠠᠳᠠᠭᠠᠳᠤ᠎ᠶᠢᠨ ᠰᠣᠷᠪᠣᠯᠵᠢᠯᠠᠭ᠍ᠴᠢᠳ᠎ᠤᠨ ᠳᠤᠭᠤᠢᠯᠠᠩ᠂ ᠰᠢᠶᠠᠩᠭᠠᠩ ᠣᠣᠮᠧᠨ ᠲᠠᠢᠸᠠᠨ᠎ᠤ ᠰᠣᠷᠪᠣᠯᠵᠢᠯᠠᠭ᠍ᠴᠢᠳ᠎ᠤᠨᠳᠤᠭᠤᠢᠯᠠᠩ ᠵᠡᠷᠭᠡ ᠨᠢ ᠨᠢᠭᠡᠨᠲᠡ ᠦᠢᠯᠡᠴᠢᠯᠡᠭᠡᠨ᠎ᠦ ᠪᠡᠯᠡᠳᠬᠡᠯ᠎ᠢᠶᠡᠨ ᠰᠠᠢᠲᠤᠷ ᠬᠢᠭᠰᠡᠨ ᠪᠠᠢᠨ᠎ᠠ᠃ ᠲᠤᠬᠠᠢ᠎ᠶᠢᠨᠲᠠᠯᠠᠪᠠᠶ᠎ᠳᠤ ᠪᠠᠰᠠ ᠳᠤᠮᠳᠠᠳᠤ ᠭᠠᠳᠠᠭᠠᠳᠤ᠎ᠶᠢᠨ ᠰᠤᠷᠪᠤᠯᠵᠢᠯᠠᠭ᠍ᠴᠢ᠎ᠳᠤ ᠴᠠᠢ ᠤᠤᠭᠤᠵᠤ ᠠᠮᠠᠷᠠᠬᠤ ᠭᠠᠵᠠᠷᠭᠠᠷᠭᠠᠵᠤ ᠥᠭᠴᠡᠢ᠃ ᠪᠥᠬᠥ ᠤᠯᠤᠰ᠎ᠤᠨ ᠬᠣᠶᠠᠷ ᠬᠤᠷᠠᠯ᠎ᠤᠨ ᠰᠣᠨᠢᠨ ᠮᠡᠳᠡᠭᠡᠨ᠎ᠦ ᠲᠥᠪ᠎ᠦᠨ ᠬᠠᠷᠢᠭᠤᠴᠠᠯᠭᠠᠲᠠᠨᠨᠡᠭᠡᠭᠡᠯᠲᠡ᠎ᠲᠠᠢ᠂ ᠢᠯᠡ ᠲᠣᠳᠣ᠌ ᠪᠠᠢᠬᠤ ᠵᠣᠷᠢᠭ᠋ ᠰᠠᠨᠠᠭ᠎ᠠ᠎ᠶᠢ ᠪᠠᠷᠢᠮᠲᠠᠯᠠᠨ᠂ ᠳᠤᠮᠳᠠᠳᠤ ᠭᠠᠳᠠᠭᠠᠳᠤ᠎ᠶᠢᠨᠰᠣᠷᠪᠣᠯᠵᠢᠯᠠᠭ᠍ᠴᠢᠳ᠎ᠲᠤ ᠰᠣᠨᠢᠨ ᠮᠡᠳᠡᠭᠡᠨ᠎ᠦ ᠦᠢᠯᠡᠴᠢᠯᠡᠭᠡ ᠬᠠᠩᠭᠠᠨ᠎ᠠ ᠭᠡᠵᠡᠢ᠃

ᠣᠢᠯᠠᠭᠠᠭᠰᠠᠨ᠎ᠢᠶᠠᠷ᠂ ᠪᠥᠬᠥᠤᠯᠤᠰ ᠎ᠤᠨ ᠬᠣᠶᠠᠷ ᠬᠤᠷᠠᠯ᠎ᠤᠨ ᠰᠣᠨᠢᠨ ᠮᠡᠳᠡᠭᠡᠨ᠎ᠦ ᠲᠥᠪ ᠪᠠᠰᠠ ᠰᠦᠯᠵᠢᠶ᠎ᠡ ᠎ᠪᠡᠷ ᠳᠠᠮᠵᠢᠭᠤᠯᠤᠨ ᠳᠤᠮᠳᠠᠳᠤᠭᠠᠳᠠᠭᠠᠳᠤ᠎ᠶᠢᠨ ᠰᠣᠷᠪᠣᠯᠵᠢᠯᠠᠭ᠍ᠴᠢᠳ᠎ᠤᠨ ᠰᠣᠷᠪᠤᠯᠵᠢᠯᠠᠭ᠎ᠠ᠎ᠳᠤ ᠦᠢᠯᠡᠴᠢᠯᠡᠬᠦ ᠵᠢᠨ ᠬᠠᠮᠲᠤ ᠲᠥᠬᠥᠮ ᠦᠵᠡᠭᠦᠯᠬᠦᠪᠣᠯᠣᠨ᠎ᠠ;ᠬᠤᠷᠠᠯ᠎ᠤᠨ ᠬᠤᠭᠤᠴᠠᠭᠠᠨ᠎ᠳᠤ ᠳᠤᠮᠳᠠᠳᠤ ᠭᠠᠳᠠᠭᠠᠳᠤ᠎ᠶᠢᠨ ᠰᠤᠷᠪᠤᠯᠵᠢᠯᠠᠭ᠍ᠴᠢ᠎ᠳᠤᠬᠤᠷᠠᠯ᠎ᠤᠨ ᠭᠣᠣᠯ ᠪᠢᠴᠢᠭ ᠮᠠᠲᠧᠷᠢᠶᠠᠯ᠎ᠤᠨ ᠡᠯᠧᠺᠲᠷᠣᠨ ᠬᠡᠪᠯᠡᠯ ᠎ᠢ ᠬᠠᠩᠭᠠᠨ᠎ᠠ; ᠲᠥᠯᠥᠭᠡᠯᠡᠭᠴᠢ ᠭᠡᠰᠢᠭᠦᠳ᠎ᠦᠨ ᠰᠠᠭᠤᠭ᠎ᠠ ᠭᠠᠵᠠᠷ᠎ᠲᠤ ᠰᠣᠨᠢᠨ ᠮᠡᠳᠡᠭᠡᠨ᠎ᠦ ᠲᠥᠪ᠎ᠦᠨ ᠰᠣᠷᠪᠤᠯᠵᠢᠯᠠᠭ᠎ᠠ᠎ᠶᠢᠨᠲᠠᠰᠤᠭ ᠭᠠᠷᠭᠠᠵᠤ᠂ ᠲᠥᠯᠥᠭᠡᠯᠡᠭᠴᠢ ᠭᠡᠰᠢᠭᠦᠳ᠎ᠦᠨ ᠵᠠᠭᠤᠴᠢᠯᠠᠭᠤᠷ᠎ᠤᠨ ᠰᠣᠷᠪᠤᠯᠵᠢᠯᠠᠭ᠎ᠠ᠎ᠶᠢ ᠬᠦᠯᠢᠶᠡᠬᠦ᠎ᠳᠦᠳᠥᠭᠥᠮ ᠳᠥᠲᠡ ᠦᠢᠯᠡᠴᠢᠯᠡᠭᠡ ᠬᠠᠩᠭᠠᠨ᠎ᠠ᠃

ᠢᠷᠡᠯᠲᠡ ᠄ ᠰᠢᠨᠬᠤᠸᠠᠬᠤᠷᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面