2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-03 15:33:33

ᠵᠣᠬᠢᠶᠠᠭ᠍ᠴᠢ᠄ ᠢᠤᠢ ᠲᠤᠤ ᠮᠠ ᠵᠢᠶᠠᠨ ᠪᠢᠩ ᠵᠠᠩ ᠺᠦᠢ ᠣᠩᠱᠢᠭ᠍ᠰᠠᠨ ᠣᠳᠠᠭ᠎ᠠ᠄ 3

ᠠᠷᠠᠳ᠎ᠤᠨᠰᠠᠨᠠᠭ᠎ᠠ᠎ᠶᠢ ᠡᠪᠦᠷᠯᠡᠨ ᠦᠪᠡᠳᠡᠭᠰᠢ ᠬᠤᠷᠠᠯ᠎ᠳᠤ ᠬᠦᠷᠴᠦ᠂ ᠳᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠨ ᠬᠥᠭᠵᠢᠯᠲᠡ᠎ᠳᠤᠠᠷᠭ᠎ᠠ ᠤᠬᠠᠭᠠᠨ ᠰᠤᠪᠢᠨ᠎ᠠ᠃ 3 ᠰᠠᠷ᠎ᠠ᠎ᠶᠢᠨ 3᠎ᠤ ᠦᠳᠡ᠎ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ᠎ᠤᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠳᠤ ᠣᠷᠣᠯᠴᠠᠬᠤᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ ᠲᠦᠷᠭᠡᠨ᠎ᠦ ᠭᠠᠯᠲᠤ ᠲᠡᠷᠭᠡᠨ᠎ᠳᠦ ᠰᠠᠭᠤᠵᠤ ᠨᠡᠢᠰᠯᠡᠯ ᠪᠡᠭᠡᠵᠢᠩ᠎ᠳᠦᠬᠥᠷᠪᠡ᠃ ᠢᠷᠡᠬᠦ ᠬᠡᠳᠦᠨ ᠡᠳᠦᠷ᠂ ᠲᠡᠳᠡ 3000 ᠰᠢᠬᠠᠮ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡᠬᠤᠷᠠᠯ᠎ᠤᠨ ᠲᠥᠯᠥᠭᠡᠯᠡᠭᠴᠢ ᠲᠠᠢ ᠬᠠᠮᠲᠤ᠂ ᠥᠭᠡᠷᠡᠴᠢᠯᠡᠯᠲᠡ᠎ᠶᠢᠨ ᠰᠠᠢᠨ ᠪᠣᠳᠣᠯᠭ᠎ᠠ᠎ᠶᠢ ᠬᠠᠮᠲᠤᠪᠠᠷ ᠵᠥᠪᠯᠡᠵᠦ᠂ᠬᠥᠭᠵᠢᠯᠲᠡ᠎ᠶᠢᠨ ᠶᠡᠬᠡ ᠪᠣᠳᠣᠯᠭ᠎ᠠ᠎ᠶᠢ ᠬᠠᠮᠲᠤᠪᠠᠷ ᠰᠦᠪᠡᠭᠴᠢᠯᠡᠬᠦ ᠪᠣᠯᠣᠨ᠎ᠠ᠃


QQ截图20250224163902.png


ᠡᠨᠡᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠰᠡᠬᠦᠯᠬᠤᠷᠢᠶᠠᠬᠤ ᠵᠢᠯ᠂ ᠮᠥᠨ ᠴᠦ᠍ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢ ᠲᠥᠯᠥᠪᠵᠢᠭᠦᠯᠬᠦ ᠵᠢᠯ ᠪᠣᠯᠣᠨ᠎ᠠ᠂ ᠤᠳᠠᠯ ᠦᠭᠡᠢ ᠬᠤᠷᠠᠯᠳᠤᠭᠤᠯᠬᠤᠭᠡᠵᠦ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡᠬᠤᠷᠠᠯ᠎ᠤᠨ ᠭᠤᠷᠪᠠᠳᠤᠭᠠᠷ ᠬᠤᠷᠠᠯ ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠴᠢᠨᠠᠷ ᠰᠠᠢᠲᠠᠢ ᠰᠠᠨᠠᠭᠤᠯᠭ᠎ᠠᠪᠠ ᠰᠠᠨᠠᠯ ᠵᠥᠪᠯᠡᠯᠭᠡ ᠪᠡᠯᠡᠳᠬᠡᠬᠦ᠎ᠶᠢᠨ ᠲᠥᠯᠥᠭᠡ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡᠬᠤᠷᠠᠯ᠎ᠤᠨ ᠬᠤᠷᠠᠯ ᠳᠡᠬᠦᠰᠦᠭᠰᠡᠨ ᠬᠤᠭᠤᠴᠠᠭᠠᠨ᠎ᠳᠤ᠂ ᠲᠥᠯᠥᠭᠡᠯᠡᠭᠴᠢᠳ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨᠶᠡᠬᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ᠎ᠶᠢ ᠥᠷᠭᠡᠨ᠎ᠢᠶᠡᠷ ᠥᠷᠨᠢᠭᠦᠯᠵᠦ᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶᠢ ᠥᠷᠭᠡᠨ᠎ᠢᠶᠡᠷ ᠰᠣᠨᠣᠰᠴᠤᠨᠠᠷᠢᠨ ᠨᠢᠮᠪᠠᠢ ᠪᠡᠯᠡᠳᠬᠡᠯ ᠬᠢᠪᠡ᠃


QQ截图20250224163936.png


ᠪᠡᠭᠡᠵᠢᠩᠬᠦᠷᠬᠦ ᠭᠠᠯᠲᠤ ᠲᠡᠷᠭᠡᠨ ᠳᠡᠭᠡᠷ᠎ᠡ᠂ ᠲᠥᠯᠥᠭᠡᠯᠡᠭᠴᠢᠳ ᠪᠠᠰᠠ ᠥᠪᠥᠷ ᠮᠣᠩᠭᠣᠯ ᠵᠢᠴᠢ ᠪᠦᠬᠦ ᠤᠯᠤᠰ᠎ᠤᠨ ᠠᠵᠤᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠲᠠᠯ᠎ᠠ᠎ᠶᠢᠨ ᠠᠰᠠᠭᠤᠳᠠᠯ᠎ᠢ ᠶᠠᠷᠢᠯᠴᠠᠨ᠎ᠠ᠃ ᠤᠯᠠᠨ ᠵᠢᠡᠷᠵᠢᠡᠨ᠂ ᠤᠯᠤᠰ ᠲᠥᠷᠥ᠎ᠶᠢᠨ ᠣᠷᠭᠢᠯᠤᠮ᠎ᠠ ᠬᠠᠯᠠᠭᠤᠨ ᠰᠡᠳᠬᠢᠯᠭᠡ ᠪᠣᠯᠣᠨ ᠰᠠᠢᠨ ᠰᠠᠢᠬᠠᠨ ᠣᠶᠤᠨ ᠰᠠᠨᠠᠭᠠᠨ᠎ᠤᠳᠦᠷᠰᠦ ᠪᠠᠢᠳᠠᠯ᠎ᠢᠶᠠᠷ ᠰᠣᠳᠣ᠌ ᠮᠡᠷᠭᠡᠨ ᠰᠠᠨᠠᠯ ᠵᠥᠪᠯᠡᠯᠭᠡ ᠢᠯᠡᠭᠦᠬᠡᠨ ᠳᠤᠷᠠᠳᠴᠤ᠂ ᠥᠭᠡᠷᠡᠴᠢᠯᠡᠯᠲᠡ᠎ᠶᠢᠨᠰᠠᠢᠨ ᠠᠷᠭ᠎ᠠ ᠪᠣᠳᠣᠯᠭ᠎ᠠ᠎ᠶᠢ ᠢᠯᠡᠭᠦᠬᠡᠨ ᠡᠷᠭᠦᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠡᠴᠡ ᠣᠯᠭᠣᠭᠰᠠᠨᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠎ᠳᠦ ᠣᠶᠤᠨ ᠤᠬᠠᠭᠠᠨ ᠪᠣᠯᠣᠨ ᠬᠦᠴᠦᠨ ᠴᠢᠳᠠᠯ᠎ᠢᠶᠠᠨᠡᠷᠭᠦᠨ᠎ᠡ ᠭᠡᠵᠦ ᠢᠯᠡᠳᠬᠡᠵᠡᠬᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面