2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-04 09:44:19

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠪᠦᠬᠦ ᠤᠯᠤᠰ ᠎ᠤᠨ ᠤᠯᠤᠰ ᠲᠦᠷᠦ ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠵᠢᠨ ᠭᠤᠷᠪᠠᠳᠤᠭᠠᠷ ᠬᠤᠷᠠᠯ ᠡᠨᠡ ᠡᠳᠦᠷ᠎ᠤᠨ ᠦᠳᠡ᠎ᠶᠢᠨ ᠬᠣᠢᠨᠠᠬᠢ 3 ᠴᠠᠭ᠎ᠲᠤ ᠡᠬᠢᠯᠡᠨ᠎ᠡ

ᠠᠷᠪᠠᠨ ᠳᠦᠷᠪᠡᠳᠦᠭᠡᠷ ᠬᠤᠭᠤᠴᠠᠭᠠᠨ ᠎ᠤ ᠪᠦᠬᠦ ᠤᠯᠤᠰ ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ ᠎ᠤᠨ ᠭᠤᠷᠪᠠᠳᠤᠭᠠᠷ ᠬᠤᠷᠠᠯ ᠡᠨᠡ ᠡᠳᠦᠷ ᠪᠡᠯᠡᠳᠭᠡᠯ ᠬᠤᠷᠠᠯ ᠬᠢᠨ᠎ᠡ


ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠵᠢᠨ ᠭᠤᠷᠪᠠᠳᠤᠭᠠᠷ ᠬᠤᠷᠠᠯ 3 ᠰᠠᠷ᠎ᠠ᠎ᠶᠢᠨ 4 ᠎ᠤ᠋ ᠦᠳᠡ᠎ᠶᠢᠨ ᠬᠣᠢᠨᠠᠬᠢ 3 ᠴᠠᠭ᠎ᠲᠤ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠨ᠎ᠡ᠃

ᠡᠬᠢᠯᠡᠯᠲᠡ᠎ᠶᠢᠨ ᠬᠤᠷᠠᠯ ᠳᠡᠭᠡᠷ᠎ᠡ᠂ ᠬᠤᠷᠠᠯ᠎ᠳᠤ ᠣᠷᠣᠯᠴᠠᠬᠤ ᠪᠥᠬᠥ ᠤᠯᠤᠰ᠎ᠤᠨ ᠤᠯᠤᠰ ᠲᠥᠷᠥ ᠎ᠶᠢᠨ ᠵᠥᠪᠯᠡᠯᠭᠡᠨ ᠎ᠦ ᠭᠡᠰᠢᠭᠦᠳ ᠤᠯᠤᠰ ᠲᠥᠷᠥ ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠬᠤᠷᠢᠶ᠎ᠠ᠎ᠵᠢᠨ ᠭᠤᠷᠪᠠᠳᠤᠭᠠᠷ ᠬᠤᠷᠠᠯ᠎ᠤᠨ ᠵᠥᠪᠯᠡᠬᠦ ᠵᠦᠢᠯ ᠎ᠢ ᠬᠢᠨᠠᠨ ᠵᠥᠪᠯᠡᠵᠦ ᠪᠠᠲᠤᠯᠠᠨ᠂ ᠤᠯᠤᠰ ᠲᠥᠷᠥ᠎ᠶᠢᠨ ᠵᠥᠪᠯᠡᠯᠭᠡᠨ᠎ᠦ ᠪᠥᠬᠥ ᠤᠯᠤᠰ᠎ᠤᠨ ᠬᠤᠷᠢᠶ᠎ᠠ᠎ᠵᠢᠨ ᠪᠠᠢᠩᠭᠤ᠎ᠶᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ ᠪᠤᠯᠤᠨ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠵᠢᠨ ᠬᠣᠶᠠᠳᠤᠭᠠᠷ ᠬᠤᠷᠠᠯ᠎ᠡᠴᠡ ᠨᠠᠭᠠᠰᠢᠬᠢ ᠰᠠᠨᠠᠯ ᠳᠤᠷᠠᠳᠤᠯᠭ᠎ᠠ᠎ᠶᠢᠨ ᠠᠵᠢᠯ᠎ᠤᠨ ᠪᠠᠢᠳᠠᠯ᠎ᠤᠨ ᠲᠤᠬᠠᠢ ᠤᠯᠤᠰ ᠲᠥᠷᠥ᠎ᠶᠢᠨ ᠵᠥᠪᠯᠡᠯᠭᠡᠨ᠎ᠦ ᠪᠥᠬᠥ ᠤᠯᠤᠰ ᠎ᠤᠨ ᠬᠤᠷᠢᠶ᠎ᠠ ᠎ᠵᠢᠨ ᠪᠠᠢᠩᠭᠤ᠎ᠶᠢᠨ ᠬᠤᠷᠢᠶ᠎ᠠ᠎ᠵᠢᠨ ᠮᠡᠳᠡᠭᠦᠯᠦᠯᠲᠡ᠎ᠶᠢ ᠰᠣᠨᠣᠰᠤᠨ᠎ᠠ᠃

ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ ᠡᠴᠡ ᠡᠬᠢᠯᠡᠯᠲᠡ᠎ᠶᠢᠨ ᠬᠤᠷᠠᠯ ᠳᠡᠭᠡᠷ᠎ᠡ ᠸᠠᠩ ᠬ᠍ᠤ᠌ ᠨᠢᠩ᠎ᠤᠨ ᠬᠢᠬᠦ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠪᠠᠢᠩᠭᠤ᠎ᠶᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠶᠢ ᠲᠧᠯᠸᠢᠰ᠎ᠢᠶᠡᠷ ᠰᠢᠭᠤᠳ ᠨᠡᠪᠲᠡᠷᠡᠭᠦᠯᠦᠨ᠎ᠡ; ᠰᠢᠨᠬᠤᠸᠠ ᠰᠦᠯᠵᠢᠶ᠎ᠡ ᠡᠬᠢᠯᠡᠯᠲᠡ ᠎ᠶᠢᠨ ᠬᠤᠷᠠᠯ᠎ᠢ ᠰᠦᠯᠵᠢᠶᠡᠨ᠎ᠦ ᠭᠡᠷᠡᠯ ᠵᠢᠷᠤᠭ ᠥᠰᠥᠭ ᠪᠢᠴᠢᠭ ᠵᠢᠡᠷ ᠰᠢᠭᠤᠳ ᠨᠡᠪᠲᠡᠷᠡᠭᠦᠯᠭᠡ ᠬᠢᠨ᠎ᠡ᠃

4 ᠤ᠋ ᠦᠳᠡ᠎ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠪᠡᠯᠡᠳᠬᠡᠯ ᠬᠤᠷᠠᠯ ᠬᠢᠵᠦ᠂ ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ ᠪᠣᠯᠣᠨ ᠨᠠᠷᠢᠨ ᠪᠢᠴᠢᠭ᠎ᠦᠨ ᠳᠠᠷᠤᠭ᠎ᠠ᠎ᠶᠢ ᠰᠣᠩᠭᠣᠵᠤ᠂ ᠶᠡᠬᠡ ᠬᠤᠷᠠᠯ᠎ᠤᠨ ᠵᠥᠪᠯᠡᠬᠦ ᠵᠦᠢᠯ᠎ᠦᠨ ᠲᠥᠰᠥᠯ ᠎ᠢ ᠪᠠᠲᠤᠯᠠᠨ᠎ᠠ᠃ ᠪᠡᠯᠡᠳᠬᠡᠯ ᠬᠤᠷᠠᠯ᠎ᠤᠨ ᠲᠠᠷᠠᠭ᠎ᠠ᠂ ᠶᠡᠬᠡ ᠬᠤᠷᠠᠯ ᠎ᠤᠨ ᠲᠡᠷᠢᠭᠦᠯᠡᠭᠴᠢᠳ ᠎ᠦᠨ ᠪᠦᠯᠬᠦᠮ ᠠᠩᠬᠠᠳᠤᠭᠠᠷ ᠬᠤᠷᠠᠯ᠎ᠬᠤᠷᠠᠯᠳᠤᠭᠤᠯᠤᠨ᠎ᠠ᠃ 12 ᠴᠠᠭ᠎ᠲᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠶᠡᠬᠡ ᠬᠤᠷᠠᠯ᠎ᠤᠨ ᠥᠭᠦᠯᠡᠭᠴᠢ᠎ᠡᠴᠡ ᠶᠡᠬᠡ ᠬᠤᠷᠠᠯ᠎ᠤᠨ ᠵᠥᠪᠯᠡᠬᠦ ᠵᠦᠢᠯ ᠪᠣᠯᠣᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠵᠢᠯ᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠳᠤᠮᠳᠠᠳᠤ ᠭᠠᠳᠠᠭᠠᠳᠤ᠎ᠶᠢᠨ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠤᠨ᠎ᠠ᠃

(ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ 3 ᠰᠠᠷ᠎ᠠ᠎ᠶᠢᠨ 3 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面