2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-04 09:48:03

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3


— ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ ᠡᠬᠢᠯᠡᠭ᠌ᠰᠡᠨ᠎ᠳᠦ ᠬᠠᠯᠠᠭᠤᠨ ᠪᠠᠶᠠᠷ ᠬᠦᠷᠭᠡᠶ᠎ᠡ


ᠤᠷᠢᠬᠠᠨ ᠬᠠᠪᠤᠷ᠎ᠤᠨ ᠰᠠᠢᠬᠠᠨ ᠤᠯᠠᠷᠢᠯ᠎ᠳᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ ᠦᠪᠡᠳᠡᠭ᠌ᠰᠢ ᠶᠡᠬᠡ᠎ᠪᠡᠷ ᠡᠬᠢᠯᠡᠵᠦ᠍᠂ 34 ᠡᠲᠡᠭᠡᠳ ᠢᠯᠭᠠᠯ᠎ᠤᠨ 2100 ᠭᠠᠷᠤᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠨᠡᠢᠰᠯᠡᠯ᠎ᠳᠦ ᠴᠤᠭ᠍ᠯᠠᠷᠠᠵᠤ᠂ ᠤᠯᠤᠰ᠎ᠤᠨ ᠶᠡᠬᠡ ᠪᠤᠳᠤᠯᠭ᠎ᠠ ᠵᠢ ᠬᠠᠮᠲᠤ᠎ᠪᠠᠷ ᠵᠥᠪᠯᠡᠬᠦ ᠪᠤᠯᠤᠨ᠎ᠠ᠃ ᠪᠢᠳᠡ ᠶᠡᠬᠡ ᠬᠤᠷᠠᠯ᠎ᠤᠨ ᠬᠤᠷᠠᠯᠳᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ!

2024 ᠣᠨ ᠪᠣᠯ ᠮᠠᠰᠢ ᠶᠡᠷᠦ᠍ ᠪᠤᠰᠤ᠎ᠶ᠋ᠢᠨ ᠪᠠᠢᠵᠦ᠂ ᠰᠠᠯᠬᠢ ᠪᠣᠷᠣᠭᠠᠨ ᠳᠠᠪᠬᠤᠴᠠᠭ᠍ᠰᠠᠨ ᠱᠢᠯᠭᠠᠯᠲᠠ ᠲᠠᠢ ᠮᠦᠷᠳᠡᠭᠡᠨ ᠨᠡᠩ ᠴᠤ᠌ ᠰᠠᠯᠬᠢ ᠪᠣᠷᠣᠭᠠᠨ ᠎ᠢ ᠰᠦᠷᠦᠨ ᠤᠷᠤᠭᠰᠢᠯᠠᠭᠰᠠᠨ ᠲᠡᠮᠡᠴᠡᠯ ᠲᠠᠢ ᠶᠤᠮ᠃ ᠭᠠᠳᠠᠭᠠᠳᠤ ᠳᠠᠷᠤᠯᠲᠠ ᠨᠡᠮᠡᠭ᠌ᠳᠡᠵᠦ᠍᠂ ᠳᠣᠲᠣᠭᠠᠳᠤ᠎ᠶ᠋ᠢᠨ ᠬᠦᠴᠢᠷᠳᠡᠯ ᠨᠡᠮᠡᠭ᠌ᠳᠡᠵᠦ᠍ ᠪᠠᠢᠭ᠎ᠠ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠢᠳᠠᠯ᠎ᠤᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠯᠠᠪᠳᠠᠭᠤᠨ ᠲᠣᠭ᠍ᠲᠠᠭᠤᠨ᠎ᠢᠶᠠᠷ ᠬᠤᠪᠢᠷᠠᠯᠲᠠ᠎ᠶ᠋ᠢ ᠠᠷᠭᠠᠴᠠᠭᠠᠵᠤ᠂ ᠶᠡᠷᠦᠩᠬᠡᠢᠯᠡᠭ᠌ᠰᠡᠨ ᠠᠷᠭ᠎ᠠ ᠪᠤᠳᠤᠯᠭ᠎ᠠ ᠬᠡᠷᠡᠭ᠌ᠵᠢᠭᠦᠯᠵᠦ᠍᠂ ᠬᠦᠴᠢᠷ ᠎ᠢ ᠲᠤᠭᠤᠯᠤᠨ ᠪᠡᠷᠬᠡ᠎ᠶ᠋ᠢ ᠳᠠᠪᠠᠵᠤ᠂ ᠡᠷᠡᠮᠡᠬᠡᠢᠯᠡᠨ ᠤᠷᠤᠭ᠍ᠰᠢᠯᠠᠵᠤ᠂ ᠥᠭᠡᠷᠡᠴᠢᠯᠡᠯᠲᠡ ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠭᠠᠳᠠᠭᠠᠳᠤ ᠨᠡᠭᠡᠭᠡᠯᠳᠠ᠎ᠶ᠋ᠢ ᠥᠷᠭᠡᠳᠭᠡᠵᠦ᠍᠂ ᠴᠢᠨᠠᠷ ᠰᠠᠢᠲᠠᠢ ᠬᠥᠭ᠌ᠵᠢᠯᠲᠡ ᠯᠠᠪᠳᠠᠭᠤᠨ ᠪᠠᠲᠤᠲᠠᠢ ᠠᠬᠢᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠲᠣᠭ᠍ᠲᠠᠭᠤᠨ᠎ᠢᠶᠠᠷ ᠬᠥᠭ᠌ᠵᠢᠵᠦ᠍᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠯᠠᠪᠳᠠᠭᠤᠨ ᠪᠠᠲᠤᠲᠠᠢ ᠪᠦᠭᠡᠳ ᠬᠦᠴᠦᠨ᠎ᠲᠡᠶ ᠪᠤᠯᠵᠦ᠍᠂ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ ᠤᠷᠤᠭ᠍ᠰᠢᠲᠠᠢ ᠪᠡᠶᠡᠯᠡᠭ᠌ᠳᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠯᠤᠭ᠍ᠰᠠᠨ ᠠᠮᠵᠢᠯᠲᠠ ᠪᠦᠲᠦᠮᠵᠢ ᠪᠣᠯ ᠬᠢᠯᠪᠠᠷ ᠪᠤᠰᠤ᠎ᠪᠠᠷ ᠢᠷᠡᠵᠦ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠵᠤ᠂ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠯᠢᠪᠠ ᠠᠵᠢᠯ᠎ᠢ ᠰᠠᠢᠲᠤᠷ ᠬᠢᠬᠦ ᠦᠨᠳᠦᠰᠦᠨ ᠪᠠᠲᠤᠯᠠᠭ᠎ᠠ ᠪᠣᠯᠤᠨ᠎ᠡ ᠭᠡᠳᠡᠭ ᠎ᠢ ᠬᠦᠢᠴᠡᠳ ᠭᠡᠷᠡᠴᠢᠯᠡᠵᠡᠢ᠃ 14 ᠳ᠋ᠦᠩᠱᠢᠭᠤᠷ ᠭᠠᠷᠤᠢ ᠠᠷᠠᠳ ᠲᠦᠮᠡᠨ ᠨᠠᠮ ᠎ᠤᠨ ᠤᠳᠤᠷᠢᠳᠤᠯᠭ᠎ᠠ ᠳᠣᠣᠷ᠎ᠠ ᠢᠲᠡᠭᠡᠯ ᠵᠣᠷᠢᠭ᠎ᠢᠶᠠᠨ ᠪᠠᠲᠤᠳᠭᠠᠵᠤ᠂ ᠪᠦᠯᠬᠦᠮᠳᠡᠨ ᠨᠢᠬᠳᠠᠷᠠᠵᠦ᠂ ᠡᠯ᠎ᠡ ᠲᠠᠯ᠎ᠠ᠎ᠶ᠋ᠢᠨ ᠢᠳᠡᠪᠬᠢ ᠬᠦᠴᠦᠨ ᠵᠦᠢᠯ᠎ᠢ ᠬᠥᠭ᠌ᠵᠢᠯᠲᠡ᠎ᠶ᠋ᠢᠨ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠳᠠᠭ ᠯᠠ ᠶᠤᠮ ᠪᠣᠯ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠶᠠᠯᠠᠯ᠎ᠤᠨ ᠬᠥᠯᠭᠡ ᠣᠩᠭᠣᠴᠠ ᠯᠠᠪᠲᠠᠢ ᠰᠠᠯᠬᠢ ᠳᠠᠪᠠᠯᠭᠠᠨ᠎ᠢ ᠰᠦᠷᠦᠨ ᠤᠷᠤᠭ᠍ᠰᠢᠯᠠᠵᠤ᠂ ᠯᠠᠪᠳᠠᠭᠤᠨ᠎ᠢᠶᠠᠷ ᠬᠤᠯᠠ ᠠᠶᠠᠯᠠᠵᠤ ᠴᠢᠳᠠᠨ᠎ᠠ᠃

ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠵᠤ᠂ ᠡᠬᠡ ᠣᠷᠣᠨ᠎ᠲᠠᠢ᠎ᠪᠠᠨ ᠬᠠᠮᠲᠤ᠎ᠪᠠᠷ ᠡᠷᠡᠮᠡᠬᠡᠢᠯᠡᠨ ᠤᠷᠤᠭᠰᠢᠯᠠᠵᠤ᠂ 75 ᠵᠢᠯ᠎ᠦᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶᠢ ᠥᠩᠭᠡᠷᠡᠭᠦᠯᠦᠭᠰᠡᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠴᠤᠭ ᠪᠠᠳᠠᠷᠠᠩᠭᠤᠢ ᠠᠮᠢᠵᠢᠷᠠᠯ᠎ᠤᠨ ᠬᠦᠴᠦᠨ᠎ᠢᠶᠡᠨ ᠲᠠᠰᠤᠷᠠᠯᠲᠠ ᠦᠭᠡᠢ ᠢᠯᠡᠷᠡᠭᠦᠯᠪᠡ᠃ ᠥᠩᠭᠡᠷᠡᠭᠰᠡᠨ ᠨᠢᠭᠡ ᠵᠢᠯ ᠳ᠋ᠤ 《ᠤᠯᠤᠰ᠎ᠤᠨ ᠶᠡᠬᠡ ᠶᠠᠪᠤᠳᠠᠯ》 ᠲᠠᠢ ᠨᠢᠭ᠍ᠲᠠ ᠤᠶᠠᠯᠳᠤᠭᠤᠯᠤᠨ ᠡᠯ᠎ᠡ ᠲᠦᠷᠦᠯ᠎ᠦᠨ ᠵᠥᠪᠯᠡᠯᠭᠡ ᠬᠢᠵᠦ ᠲᠦᠷᠦ᠎ᠶᠢᠨ ᠶᠠᠪᠤᠳᠠᠯ᠎ᠢ ᠵᠥᠪᠯᠡᠬᠦ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠦᠭᠰᠡᠨ ᠡᠴᠡ 6000 ᠭᠠᠷᠤᠢ ᠭᠡᠰᠢᠭᠦᠨ᠎ᠦ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ《ᠠᠷᠠᠳ᠎ᠤᠨ ᠲᠥᠯᠥᠭᠡ ᠦᠢᠯᠡᠴᠢᠯᠡᠬᠦ》 ᠠᠵᠢᠯᠯᠠᠭ᠎ᠠ᠎ᠶᠢ ᠭᠦᠨᠵᠡᠭᠡᠢ ᠥᠷᠨᠢᠭᠦᠯᠬᠦ ᠬᠦᠷᠲᠡᠯ᠎ᠡ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠦ᠂ ᠢᠮᠠᠭᠲᠠ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶᠠᠨ ᠎ᠤ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠪᠠ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ ᠎ᠤᠨ ᠠᠷᠠᠳ᠎ᠤᠨ ᠤᠯᠤᠰ ᠲᠦᠷᠦ ᠎ᠶᠢᠨ ᠵᠥᠪᠯᠡᠯᠭᠡᠨ ᠪᠠᠢᠭᠤᠯᠤᠭᠳᠠᠭᠰᠠᠨ 75 ᠵᠢᠯ ᠎ᠦᠨ ᠤᠢ᠎ᠶᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠰᠢᠨᠵᠢ ᠴᠢᠨᠠᠷ᠎ᠤᠨ ᠪᠠᠢᠷᠢ ᠲᠣᠭᠲᠠᠭᠠᠯᠲᠠ ᠎ᠶᠢ ᠪᠠᠷᠢᠮᠲᠠᠯᠠᠵᠤ᠂ ᠲᠤᠰᠬᠠᠢ ᠵᠥᠪᠯᠡᠬᠦ ᠪᠠᠢᠭᠤᠯᠤᠮᠵᠢ᠎ᠶᠢᠨ ᠦᠢᠯᠡᠳᠦᠯ᠎ᠢ ᠪᠠᠳᠠᠷᠠᠭᠤᠯᠬᠤ᠎ᠶᠢ ᠪᠠᠷᠢᠮᠲᠠᠯᠠᠵᠤ᠂ ᠨᠠᠮ ᠪᠠ ᠤᠯᠤᠰ᠎ᠤᠨ ᠭᠣᠣᠯ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠵᠣᠷᠢᠭ᠋ ᠰᠠᠨᠠᠭ᠎ᠠ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠶᠢᠨ ᠪᠠᠢᠭᠤᠯᠤᠯᠲᠠ᠎ᠶᠢ ᠠᠬᠢᠭᠤᠯᠵᠦ᠂ ᠤᠯᠤᠰ ᠲᠥᠷᠥ᠎ᠶᠢᠨ ᠵᠥᠪᠯᠡᠯᠭᠡ ᠬᠢᠬᠦ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠲᠦᠷᠦ ᠵᠢᠨ ᠶᠠᠪᠤᠳᠠᠯ ᠎ᠳᠤ ᠣᠷᠣᠯᠴᠠᠨ ᠲᠦᠷᠦ᠎ᠶᠢᠨ ᠶᠠᠪᠤᠳᠠᠯ ᠎ᠢ ᠵᠥᠪᠯᠡᠬᠦ ᠲᠦᠪᠰᠢᠨ᠎ᠵᠢᠡᠨ ᠳᠡᠭᠡᠭᠰᠢᠯᠡᠭᠦᠯᠵᠦ᠂ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠳᠦ ᠰᠢᠨ᠎ᠡ ᠬᠤᠪᠢ ᠨᠡᠮᠡᠷᠢ ᠦᠵᠡᠭᠦᠯᠪᠡ᠃ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠤᠯᠤᠰ ᠲᠦᠷᠦ᠎ᠶᠢᠨ ᠵᠣᠬᠢᠶᠠᠨ ᠪᠠᠢᠭᠤᠯᠤᠯᠲᠠ ᠪᠣᠯᠤᠭᠰᠠᠨ᠎ᠤ ᠬᠤᠪᠢ᠎ᠳᠤ᠂ ᠰᠢᠨᠵᠢᠯᠡᠬᠦ ᠤᠬᠠᠭᠠᠨᠴᠢ᠂ ᠪᠦᠲᠦᠮᠵᠢᠲᠡᠢ ᠂ ᠲᠤᠰᠠᠲᠠᠢ ᠪᠠᠢᠭᠤᠯᠤᠯ᠎ᠦᠨ ᠲᠣᠬᠢᠷᠠᠭᠤᠯᠤᠯᠲᠠ ᠪᠠᠢᠵᠤ᠂ ᠭᠦᠨ ᠵᠤᠵᠠᠭᠠᠨ ᠰᠣᠶᠣᠯ᠎ᠤᠨ ᠰᠠᠭᠤᠷᠢ᠂ ᠤᠨᠤᠯ᠎ᠤᠨ ᠰᠠᠭᠤᠷᠢ᠂ ᠦᠢᠯᠡᠳᠦᠯᠭᠡ᠎ᠶᠢᠨ ᠰᠠᠭᠤᠷᠢ᠎ᠲᠠᠢ ᠪᠠᠢᠵᠤ᠂ ᠢᠯᠡ ᠲᠣᠳᠣ᠌ ᠳᠤᠮᠳᠠᠳᠤ ᠤᠯᠤᠰ᠎ᠤᠨ ᠣᠨᠴᠠᠯᠢᠭ᠋ ᠪᠠ ᠲᠤᠪᠤᠢᠮ᠎ᠠ ᠤᠯᠤᠰ ᠲᠦᠷᠦ᠎ᠶᠢᠨ ᠳᠠᠪᠠᠭᠤᠯᠢᠭ᠋᠎ᠲᠠᠢ ᠶᠤᠮ ᠭᠡᠳᠡᠭ᠎ᠢ ᠦᠢᠯᠡᠳᠦᠯᠭᠡ ᠭᠡᠷᠡᠴᠢᠯᠡᠪᠡ᠃

ᠶᠡᠷᠦᠩᠬᠡᠢ ᠱᠦᠵᠢ ᠰᠢ ᠵᠢᠨ ᠫᠢᠩ᠄ 《ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶᠢᠨ ᠠᠬᠢᠴᠠ ᠳᠤᠮᠳᠠ᠂ ᠴᠡᠯᠮᠡᠭ ᠲᠤᠨᠭᠭᠠᠯᠠᠭ ᠡᠳᠦᠷ ᠪᠠᠢᠬᠤ᠎ᠪᠠᠷ ᠪᠠᠷᠠᠬᠤ ᠦᠭᠡᠢ ᠪᠠᠰᠠ ᠲᠤᠬ᠍ᠰᠢᠨ ᠰᠠᠯᠬᠢ ᠰᠢᠷᠦᠭᠦᠨ ᠪᠣᠷᠣᠭᠠᠨ ᠴᠢᠨᠠᠭᠰᠢᠯᠠᠪᠠᠯ ᠲᠤᠬ᠍ᠰᠢᠨ ᠳᠠᠪᠠᠯᠭᠠᠨ ᠰᠢᠷᠦᠭᠦᠨ ᠳᠣᠯᠭᠢᠶᠠᠨ ᠴᠦ᠍ ᠪᠠᠢᠬᠤ ᠶᠤᠮ᠃ ᠪᠢᠳᠡ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢᠶᠡᠨ ᠪᠠᠲᠤᠯᠠᠵᠤ᠂ ᠪᠦᠬᠦ ᠳᠤᠮᠳᠠᠳᠤ᠎ᠶᠢᠨ ᠬᠥᠪᠡᠭᠦᠳ ᠥᠬᠢᠳ ᠎ᠦᠨ ᠪᠦᠯᠬᠦᠮᠳᠡᠨ ᠲᠡᠮᠡᠴᠡᠬᠦ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃ ᠣᠳᠣᠬᠠᠨ᠎ᠳᠤ᠂ ᠳᠡᠯᠡᠬᠡᠢ᠎ᠶᠢᠨ ᠬᠤᠪᠢᠷᠠᠯᠲᠠ᠂ ᠴᠠᠭ ᠦᠶ᠎ᠡ᠎ᠶᠢᠨ ᠬᠤᠪᠢᠷᠠᠯᠲᠠ᠂ ᠲᠡᠦᠬᠡ᠎ᠶᠢᠨ ᠬᠤᠪᠢᠷᠠᠯᠲᠠ ᠲᠠᠰᠤᠷᠠᠯᠲᠠ ᠦᠭᠡᠢ ᠥᠷᠭᠡᠵᠢᠨ ᠭᠦᠨᠵᠡᠭᠡᠢᠷᠡᠵᠦ᠂ ᠮᠠᠨ᠎ᠤ ᠤᠯᠤᠰ᠎ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ ᠤᠷᠢᠳᠤ ᠡᠮᠦᠨ᠎ᠡ ᠪᠠᠢᠭ᠎ᠠ ᠦᠭᠡᠢ ᠬᠦᠨᠳᠦ ᠪᠡᠷᠬᠡ ᠪᠠᠢᠵᠤ᠂ ᠤᠯᠠᠮ ᠨᠢᠭᠡ ᠠᠯᠬᠤᠮ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠶᠡᠬᠡ ᠪᠦᠯᠬᠦᠮᠳᠡᠯ ᠎ᠢ ᠲᠠᠰᠤᠷᠠᠯᠲᠠ ᠦᠭᠡᠢ ᠪᠡᠬᠢᠵᠢᠭᠦᠯᠵᠦ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠳᠤᠮᠳᠠᠳᠤ᠎ᠶᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠴᠢᠩᠭᠠᠳᠬᠠᠬᠤ᠎ᠶᠢ ᠲᠤᠯᠭᠠᠮ ᠱᠠᠭᠠᠷᠳᠠᠵᠤ ᠪᠠᠢᠨ᠎ᠠ᠃ ᠬᠠᠮᠤᠭ ᠎ᠤᠨ ᠥᠷᠭᠡᠨ ᠳᠡᠯᠭᠡᠷ ᠤᠯᠤᠰ᠎ᠢᠶᠡᠨ ᠬᠠᠢᠷᠠᠯᠠᠬᠤ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ ᠪᠣᠯᠤᠭᠰᠠᠨ᠎ᠤ ᠬᠤᠪᠢ᠎ᠳᠤ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠮᠦᠷᠦᠨ᠎ᠳᠦ ᠲᠠᠯᠪᠢᠭᠠᠰᠤᠲᠠᠢ᠃ ᠪᠦᠯᠬᠦᠮᠳᠡᠯ ᠪᠠ ᠠᠷᠠᠳᠴᠢᠯᠠᠯ᠎ᠤᠨ ᠬᠣᠶᠠᠷ ᠶᠡᠬᠡ ᠭᠣᠣᠯ ᠰᠡᠳᠦᠪ᠎ᠢ ᠪᠠᠷᠢᠮᠲᠠᠯᠠᠵᠤ᠂ ᠨᠠᠮ ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ᠎ᠢ ᠣᠷᠭᠠᠨᠢᠭ᠋᠎ᠢᠶᠠᠷ ᠤᠶᠠᠯᠳᠤᠭᠤᠯᠵᠤ᠂ ᠠᠷᠠᠳ᠎ᠤᠨ ᠤᠯᠤᠰ ᠲᠥᠷᠥ᠎ᠶᠢᠨ ᠵᠥᠪᠯᠡᠯᠭᠡᠨ᠎ᠦ ᠲᠤᠪᠤᠢᠮ᠎ᠠ ᠤᠯᠤᠰ ᠲᠥᠷᠥ᠎ᠶᠢᠨ ᠳᠠᠪᠠᠭᠤᠯᠢᠭ᠋᠎ᠢ ᠨᠡᠩ ᠭᠦᠢᠴᠡᠳ ᠪᠠᠳᠠᠷᠠᠭᠤᠯᠵᠤ᠂ ᠨᠠᠮ᠎ᠤᠨ ᠲᠥᠪ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠎ᠦ ᠠᠵᠢᠯ ᠎ᠤᠨ ᠲᠤᠬᠠᠢ ᠱᠠᠭᠠᠷᠳᠠᠯᠭ᠎ᠠ᠎ᠶᠢ ᠨᠠᠢᠳᠠᠪᠤᠷᠢᠵᠢᠭᠤᠯᠬᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠳᠤᠮᠳᠠᠳᠤ᠎ᠶᠢᠨ ᠬᠥᠪᠡᠭᠦᠳ ᠥᠬᠢᠳ᠎ᠦᠨ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠦᠨᠡᠨ ᠬᠦ᠌ ᠡᠭᠦᠷᠭᠡᠯᠡᠪᠡᠯ᠂ ᠳᠤᠮᠳᠠᠳᠤ ᠤᠯᠤᠰ ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠎ᠳᠤ ᠨᠡᠩ ᠥᠷᠭᠡᠨ ᠳᠡᠯᠭᠡᠷ᠎ᠢᠶᠡᠷ ᠬᠥᠮᠥᠰ ᠎ᠦᠨ ᠰᠡᠳᠬᠢᠯ᠎ᠢ ᠨᠢᠭ᠍ᠲᠠᠷᠠᠭᠤᠯᠵᠤ᠂ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠤᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠵᠤ ᠴᠢᠳᠠᠬᠤ ᠨᠢ ᠯᠠᠪᠲᠠᠢ ᠶᠤᠮ᠃

ᠥᠷᠭᠡᠨ ᠳᠡᠯᠭᠡᠷ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠬᠦᠴᠦᠷᠬᠡᠭ ᠶᠡᠬᠡ ᠬᠠᠮᠲᠤᠷᠠᠯ ᠬᠦᠴᠦᠨ᠎ᠢ ᠬᠤᠷᠠᠮᠳᠤᠭᠤᠯᠬᠤ᠎ᠶᠢᠨ ᠵᠠᠩᠭᠢᠯᠠᠭ᠎ᠠ ᠨᠢ ᠭᠣᠣᠯᠳᠠᠯᠭ᠎ᠠ᠎ᠶᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠬᠦ᠎ᠶᠢ ᠪᠠᠷᠢᠮᠲᠠᠯᠠᠬᠤ᠎ᠳᠤ ᠪᠤᠢ᠃ ᠡᠨᠡ ᠵᠢᠯ ᠪᠣᠯ《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠲᠥᠯᠦᠪᠵᠢᠭᠦᠯᠭᠡ᠎ᠶᠢᠨ ᠰᠡᠭᠦᠯ ᠬᠤᠷᠢᠶᠠᠬᠤ ᠵᠢᠯ ᠮᠥᠨ᠂ ᠪᠢᠳᠡ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠰᠡᠳᠬᠢᠯ ᠰᠠᠨᠠᠭ᠎ᠠ᠎ᠪᠠᠨ ᠲᠥᠪᠯᠡᠷᠡᠭᠦᠯᠦᠨ ᠴᠢᠨᠠᠷ ᠰᠠᠢᠲᠠᠢ ᠬᠥᠭᠵᠢᠯᠲᠡ᠎ᠶᠢ ᠰᠠᠢᠲᠤᠷ ᠠᠳᠬᠤᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠠᠬᠢᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠰᠠᠢᠨ ᠰᠠᠢᠬᠠᠨ ᠬᠠᠨᠳᠤᠰᠢ᠎ᠶᠢ ᠪᠠᠲᠤᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠲᠥᠯᠦᠪᠵᠢᠭᠦᠯᠭᠡ ᠶ᠋ᠢᠨ ᠬᠠᠷᠠᠯᠲᠠ ᠡᠭᠦᠷᠭᠡ᠎ᠶᠢ ᠴᠢᠨᠠᠷ ᠰᠠᠢᠲᠠᠢ ᠪᠡᠶᠡᠯᠡᠭᠦᠯᠵᠦ᠂《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢᠨ ᠰᠠᠢᠨ ᠰᠠᠢᠬᠠᠨ ᠡᠬᠢᠯᠡᠯᠲᠡ᠎ᠶᠢ ᠪᠡᠶᠡᠯᠡᠭᠦᠯᠬᠦ᠎ᠳᠦ ᠪᠠᠲᠤ ᠰᠠᠭᠤᠷᠢ ᠲᠠᠯᠪᠢᠬᠤ ᠬᠡᠷᠡᠭᠲᠡᠢ᠃ ᠡᠨᠡ ᠨᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠱᠢᠶᠠᠯ ᠬᠠᠷᠢᠭᠤᠴᠠᠯᠭ᠎ᠠ ᠎ᠪᠠᠨ ᠭᠦᠢᠴᠡᠳᠭᠡᠵᠦ᠍᠂ ᠦᠢᠯᠡᠳᠦᠯ᠎ᠢᠶᠡᠨ ᠪᠠᠳᠠᠷᠠᠭᠤᠯᠬᠤ᠎ᠳᠤ ᠨᠡᠩ ᠥᠨᠳᠥᠷ ᠱᠢᠨ᠎ᠡ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠨᠢ ᠴᠢᠳᠠᠪᠤᠷᠢᠲᠠᠨ ᠴᠤᠭ᠍ᠯᠠᠷᠠᠭ᠍ᠰᠠᠨ᠂ ᠤᠶᠤᠨ ᠤᠬᠠᠭᠠᠨ ᠬᠤᠷᠠᠭ᠍ᠰᠠᠨ ᠳᠠᠪᠠᠭᠤᠯᠢᠭ᠎ᠲᠠᠶ ᠪᠠᠢᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠪᠣᠯ ᠨᠠᠮ ᠪᠠ ᠵᠠᠰᠠᠭ᠎ᠤᠨ ᠣᠷᠳᠣᠨ᠎ᠤ ᠡᠲᠡᠭᠡᠳ ᠢᠯᠭᠠᠯ᠎ᠤᠨ ᠤᠯᠠᠨ ᠲᠦᠮᠡᠨ᠎ᠲᠡᠶ ᠬᠠᠷᠢᠯᠴᠠᠬᠤ ᠬᠥᠭᠥᠷᠭᠡ ᠬᠣᠯᠪᠣᠭᠠᠰᠤ ᠮᠥᠨ᠃ ᠥᠷᠭᠡᠨ ᠣᠯᠠᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠤᠯᠤᠰ ᠣᠷᠣᠨ ᠎ᠤ ᠎ᠪᠠᠨ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠂ ᠠᠷᠠᠳ ᠲᠦᠮᠡᠨ ᠎ᠦ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠬᠠᠢᠷ᠎ᠠ ᠰᠡᠳᠭᠢᠯᠭᠡ᠎ᠶ᠋ᠢ ᠡᠪᠦᠷᠯᠡᠨ᠂ ᠠᠵᠢᠯ ᠦᠶ᠋ᠯᠡᠰ ᠎ᠢᠶᠡᠨ ᠰᠡᠳᠭᠢᠯ ᠎ᠳᠡᠭᠡᠨ ᠪᠤᠳᠤᠵᠤ᠂ ᠬᠠᠷᠢᠭᠤᠴᠠᠯᠭ᠎ᠠ ᠎ᠪᠠᠨ ᠮᠥᠷᠥᠨ᠎ᠳᠡᠭᠡᠨ ᠡᠭᠦᠷᠭᠡᠯᠡᠨ᠂ ᠤᠬᠠᠮᠰᠠᠷ ᠡᠴᠡ᠎ᠪᠠᠨ ᠰᠡᠳᠭᠢᠯ᠎ᠢᠶᠡᠨ ᠨᠢᠭᠡᠳᠭᠡᠨ ᠬᠦᠴᠦ᠍ ᠎ᠪᠡᠨ ᠬᠠᠮᠲᠤᠳᠭᠠᠬᠤ᠂ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠳ᠋ᠦ ᠵᠥᠪᠯᠡᠯᠭᠡ ᠥᠭ᠌ᠬᠦ᠂ ᠵᠥᠪᠯᠡᠬᠦ᠌ ᠠᠷᠠᠳᠴᠢᠯᠠᠯ᠂ ᠤᠯᠤᠰ᠎ᠤᠨ ᠵᠠᠰᠠᠯᠲᠠ᠎ᠶ᠋ᠢᠨ ᠡᠮᠦᠨ᠎ᠡ ᠹᠷᠣᠨᠲ᠎ᠤᠨ ᠪᠣᠳᠠᠲᠠᠶ ᠦᠶ᠋ᠯᠡᠳᠦᠯᠭᠡ᠎ᠳᠦ ᠣᠷᠣᠯᠴᠠᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠡᠷᠭᠡ᠎ᠲᠡᠶ ᠨᠢᠭ᠍ᠲᠠ ᠤᠶᠠᠯᠳᠤᠭᠤᠯᠤᠨ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍ ᠲᠥᠷᠥ᠎ᠶ᠋ᠢᠨ ᠶᠠᠪᠤᠳᠠᠯ ᠎ᠢ ᠵᠥᠪᠯᠡᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠎ᠶ᠋ᠢ ᠠᠬᠢᠭᠤᠯᠬᠤ᠎ᠳᠤ ᠦᠨᠡᠨ ᠦᠭᠡ ᠬᠡᠯᠡᠵᠦ᠍᠂ ᠰᠠᠢᠨ ᠠᠷᠭ᠎ᠠ ᠪᠤᠳᠤᠯᠭ᠎ᠠ ᠳᠡᠪᠰᠢᠬᠦᠯᠵᠦ᠂ ᠪᠣᠳᠠᠲᠠᠶ ᠠᠷᠭ᠎ᠠ ᠬᠡᠮᠵᠢᠶ᠎ᠡ ᠭᠠᠷᠭᠠᠬᠤ᠎ᠶ᠋ᠢ ᠬᠦᠰᠡᠵᠦ᠍ ᠪᠠᠢᠨ᠎ᠠ᠃

ᠵᠣᠷᠢᠭ ᠨᠢᠬᠡᠳᠦᠨ ᠮᠢᠩᠭᠠᠨ ᠪᠠᠷᠳᠠᠭ᠎ᠠ ᠵᠢ ᠲᠤᠭᠤᠯᠵᠦ᠂ ᠰᠡᠳᠭᠢᠯ ᠨᠢᠬᠳᠠᠷᠠᠨ ᠲᠦᠮᠡᠨ ᠪᠣᠭᠣᠮᠲᠠ᠎ᠶ᠋ᠢ ᠲᠠᠪᠠᠨ᠎ᠠ᠃ ᠤᠳᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠶᠠᠭ ᠪᠦᠬᠦ᠌ ᠲᠠᠯ᠎ᠠ᠎ᠪᠠᠷ ᠠᠬᠢᠵᠦ᠍᠂ ᠳᠤᠮᠳᠠᠳᠤ᠎ᠶ᠋ᠢᠨ ᠦᠨᠳᠦᠰᠦᠲᠡᠨ ᠬᠤᠷᠢᠬ᠍ᠯᠠᠬ᠍ᠳᠠᠰᠢ ᠦᠭᠡᠢ ᠠᠯᠬᠤᠭ᠎ᠠ᠎ᠪᠠᠷ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠵᠤ ᠪᠠᠢᠨ᠎ᠠ᠃ ᠴᠠᠭ ᠦᠶ᠎ᠡ ᠡᠴᠡ ᠴᠡᠭᠡᠵᠢ ᠳᠡᠨᠢᠢᠨ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠵᠢ ᠤᠷᠢᠶᠠᠯᠠᠵᠤ᠂ ᠲᠦᠭ ᠲᠦᠮᠡᠨ ᠳᠤᠮᠳᠠᠳᠤ᠎ᠶ᠋ᠢᠨ ᠬᠥᠪᠡᠭᠦᠳ ᠥᠬᠢᠳ ᠭᠠᠷ ᠬᠣᠯᠪᠣᠨ ᠬᠠᠮᠲᠤ᠎ᠪᠠᠷ ᠤᠷᠤᠭ᠍ᠰᠢᠯᠠᠬᠤ᠎ᠶ᠋ᠢ ᠤᠷᠢᠶᠠᠯᠠᠵᠤ ᠪᠠᠢᠨ᠎ᠠ᠃ ᠪᠢᠳᠡ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠢ᠋ᠶ᠋ᠠᠨ ᠴᠢᠩᠭᠠᠳᠭᠠᠵᠤ᠂ 《ᠳᠥᠷᠪᠡᠨ ᠢᠲᠡᠭᠡᠯ》 ᠢ᠋ᠶ᠋ᠠᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠨᠢᠭᠡ ᠰᠡᠳᠭᠢᠯ ᠨᠢᠭᠡ ᠵᠣᠷᠢᠭ᠎ᠢᠶᠠᠷ᠂ ᠣᠯᠠᠨ᠎ᠤ ᠤᠬᠠᠭᠠᠨ ᠬᠠᠮᠲᠤ᠎ᠶ᠋ᠢᠨ ᠬᠦᠴᠦᠨ᠎ᠢᠶᠡᠷ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠶᠡᠬᠡ ᠦᠶ᠋ᠯᠡᠰ᠎ᠢ ᠲᠠᠰᠤᠷᠠᠯᠲᠠ ᠥᠬᠡᠶ ᠠᠬᠢᠭᠤᠯᠰᠤᠭᠠᠢ᠃

ᠶᠡᠬᠡ ᠬᠤᠷᠠᠯ᠎ᠤᠨ ᠲᠡᠭᠦᠰ ᠠᠮᠵᠢᠯᠲᠠ ᠤᠯᠬᠤ᠎ᠶ᠋ᠢ ᠵᠥᠩᠨᠡᠶ᠎ᠡ!

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 3 ᠎ᠤ᠋ ᠴᠠᠬᠢᠯᠭᠠᠨ ᠮᠡᠳᠡᠭᠡ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面