2025-03-04 09:53:13
ᠪᠦᠬᠦ᠌ ᠣᠷᠣᠨ᠎ᠤ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠵᠦ᠍᠂ ᠡᠨᠡ ᠬᠠᠪᠤᠷ᠎ᠤᠨ ᠦᠪᠡᠳᠡᠭ᠌ᠰᠢ ᠬᠤᠷᠠᠯ᠎ᠳᠤ ᠣᠷᠣᠯᠴᠠᠬᠤ ᠪᠤᠯᠤᠯ᠎ᠠ᠃ 3 ᠰᠠᠷ᠎ᠠ᠎ᠶ᠋ᠢᠨ 3 ᠤ᠋ ᠡᠳᠦᠷ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ᠎ᠶ᠋ᠢᠨ ᠭᠤᠷᠪᠠᠳᠤᠭᠠᠷ ᠬᠤᠷᠠᠯ᠎ᠳᠤ ᠣᠷᠣᠯᠴᠠᠬᠤ ᠥᠪᠥᠷ ᠮᠣᠩᠭᠣᠯ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠪᠡᠭᠡᠵᠢᠩ᠎ᠳᠦ ᠬᠦᠷᠪᠡ᠃
ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ᠂ ᠮᠥᠨ ᠴᠦ᠍ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢ ᠲᠥᠯᠥᠪᠯᠡᠬᠥ ᠵᠢᠯ ᠪᠣᠯᠤᠨ᠎ᠠ᠃ ᠪᠡᠭᠡᠵᠢᠩ᠎ᠳᠦ ᠬᠥᠷᠬᠥ ᠡᠴᠡ ᠡᠮᠦᠨ᠎ᠡ᠂ ᠭᠡᠱᠢᠭᠦᠳ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠲᠦᠷᠭᠡᠨ ᠬᠥᠭ᠌ᠵᠢᠭᠦᠯᠬᠦ᠌᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠬᠦᠴᠦᠲᠡᠶ ᠪᠦᠲᠦᠮᠵᠢᠲᠡᠶ ᠠᠬᠢᠭᠤᠯᠬᠤ ᠵᠡᠷᠭᠡ ᠠᠵᠤ ᠠᠬᠤᠶ ᠨᠡᠢᠭᠡᠮ ᠦᠨ ᠬᠥᠭ᠌ᠵᠢᠯᠲᠡ᠎ᠶ᠋ᠢᠨ ᠴᠢᠬᠤᠯᠠ ᠶᠡᠬᠡ ᠠᠰᠠᠭᠤᠳᠠᠯ ᠪᠣᠯᠤᠨ ᠠᠷᠠᠳ᠎ᠤᠨ ᠠᠮᠢᠳᠤᠷᠠᠯ ᠤᠨ ᠬᠠᠯᠠᠮᠱᠢᠯ ᠠᠰᠠᠭᠤᠳᠠᠯ ᠬᠦᠴᠢᠷ ᠠᠰᠠᠭᠤᠳᠠᠯ᠎ᠤᠨ ᠲᠣᠭᠣᠷᠢᠨ᠎ᠳᠤ ᠪᠠᠢᠴᠠᠭᠠᠨ ᠰᠤᠳᠤᠯᠤᠯᠲᠠ᠎ᠶ᠋ᠢ ᠭᠦᠨᠵᠡᠭᠡᠶ ᠥᠷᠨᠢᠭᠦᠯᠵᠦ᠍᠂ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠰᠣᠨᠣᠰᠴᠤ᠌᠂ ᠰᠠᠨᠠᠯ ᠳᠤᠷᠠᠳᠤᠯᠭ᠎ᠠ ᠪᠠ ᠬᠡᠯᠡᠬᠦ ᠦᠬᠡ ᠵᠡᠷᠭᠡ᠎ᠪᠡᠨ ᠨᠠᠷᠢᠨ ᠨᠢᠮᠪᠠᠶ ᠪᠡᠯᠡᠳᠭᠡᠵᠦ᠍᠂ ᠪᠥᠬᠥ᠌ ᠣᠷᠣᠨ᠎ᠤ ᠠᠷᠠᠳ ᠲᠦᠮᠡᠨ᠎ᠦ ᠰᠡᠳᠭᠢᠯ᠎ᠦᠨ ᠲᠠᠭᠤᠨ᠎ᠢ ᠬᠤᠷᠠᠯ᠎ᠳᠦ ᠳᠠᠮᠵᠢᠭᠤᠯᠬᠤ᠎ᠪᠠᠷ ᠴᠢᠷᠮᠠᠢᠪᠠ᠃
《ᠪᠦᠬᠦ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠬᠤ ᠠᠶᠠᠨ᠎ᠳᠦ ᠳᠠᠬᠢᠨᠲᠠ ᠮᠣᠷᠳᠠᠬᠤ ᠪᠡᠷ ᠰᠡᠳᠭᠢᠯ ᠳᠣᠭ᠍ᠳᠣᠯᠤᠨ ᠬᠦᠰᠡᠨ ᠬᠦᠯᠢᠶᠡᠵᠦ᠍ ᠪᠠᠢᠨ᠎ᠠ》᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠨᠡᠢᠭᠡᠮᠯᠢᠭ ᠦᠨ ᠲᠡᠷᠢᠭᠦᠯᠡᠭ᠌ᠴᠢ᠂ ᠭᠣᠮᠢᠨᠳᠠᠩ ᠤᠨ ᠬᠤᠪᠢᠰᠭᠠᠯᠲᠤ ᠬᠤᠷᠢᠶ᠎ᠠ᠎ᠶᠢᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ᠎ᠶ᠋ᠢᠨ ᠡᠷᠬᠢᠯᠡᠭ᠌ᠴᠢ ᠭᠡᠱᠢᠭᠦᠨ ᠼᠤᠤ᠎ᠶ᠋ᠢᠨ ᠱᠠᠨ᠂ ᠤᠯᠤᠰ ᠲᠦᠷᠦ᠍ ᠶ᠋ᠢᠨ ᠵᠥᠪᠯᠡᠯᠭᠡᠨ᠎ᠦ ᠭᠡᠱᠢᠭᠦᠨ ᠪᠣᠯᠤᠭ᠍ᠰᠠᠨ᠎ᠤ ᠬᠤᠪᠢ ᠳᠤ᠂ ᠲᠤᠰᠭᠠᠢ ᠮᠡᠷᠭᠡᠵᠢᠯ ᠦᠨ ᠳᠠᠪᠠᠭᠤᠯᠢᠭ ᠳᠠᠭᠠᠨ ᠰᠠᠭᠤᠷᠢᠯᠠᠨ᠂ ᠭᠣᠣᠯ ᠶᠡᠬᠡ ᠲᠠᠯ᠎ᠠ᠎ᠶ᠋ᠢ ᠴᠢᠩᠭ᠎ᠠ ᠡᠵᠡᠮᠳᠡᠵᠦ᠍᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠨ᠎ᠡ ᠭᠡᠵᠦ᠍ ᠬᠡᠯᠡᠪᠡ᠃
ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠬᠥᠮᠦᠨ ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠱᠢᠤᠢ ᠷᠦᠢ ᠱᠢᠶᠠ ᠡᠨᠡ ᠵᠢᠯ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠬᠠᠮᠠᠭᠠᠯᠠᠯᠲᠠ᠂ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠤ ᠤᠰᠤ ᠠᠷᠪᠢᠯᠠᠬᠤ᠂ ᠰᠦ᠎ᠶᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ ᠵᠡᠷᠭᠡ ᠠᠰᠠᠭᠤᠳᠠᠯ᠎ᠢ ᠭᠤᠤᠯᠳᠠᠯᠭ᠎ᠠ᠎ᠲᠠᠶ ᠠᠩᠬᠠᠷᠴᠤ᠌᠂ 《ᠥᠪᠥᠷ ᠮᠣᠩᠭᠣᠯ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠵᠠᠪᠠᠯ〈ᠤᠯᠤᠰ᠎ᠤᠨ ᠶᠡᠬᠡ ᠶᠠᠪᠤᠳᠠᠯ〉 ᠢ᠋ ᠰᠡᠳᠭᠢᠯ᠎ᠳᠡᠭᠡᠨ ᠪᠤᠳᠤᠵᠤ᠂ 〈ᠠᠷᠠᠳ ᠤᠯᠠᠨ᠎ᠤ ᠠᠩᠬᠠᠷᠴᠤ ᠪᠠᠢᠭ᠎ᠠ ᠠᠰᠠᠭᠤᠳᠠᠯ〉 ᠳ᠋ᠤ᠌ ᠠᠩᠬᠠᠷᠤᠯ᠎ᠢᠶᠡᠨ ᠲᠦᠪᠯᠡᠷᠡᠬᠦᠯᠵᠦ᠂ ᠥᠪᠥᠷ ᠮᠣᠩᠭᠣᠯ᠎ᠤᠨ ᠬᠦᠴᠦ᠍᠎ᠪᠡᠨ ᠲᠥᠪᠯᠡᠷᠡᠭᠦᠯᠦᠨ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌ ᠲᠣᠭᠣᠷᠢᠨ᠎ᠳᠤ ᠢᠳᠡᠪᠬᠢᠲᠡᠶ᠎ᠪᠡᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠴᠢᠨᠠᠷ ᠰᠠᠢᠲᠠᠶ ᠪᠠᠷ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠭ᠌ᠰᠡᠨ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠬᠤ᠎ᠪᠠᠷ ᠴᠢᠷᠮᠠᠢᠨ᠎ᠠ》 ᠭᠡᠪᠡ᠃
ᠭᠡᠱᠢᠭᠦᠳ᠂ ᠬᠡᠬᠦᠳᠡᠭ ᠳᠦᠭᠦᠷᠡᠩ ᠤᠯᠤᠰ ᠲᠦᠷᠦ᠍᠎ᠶ᠋ᠢᠨ ᠬᠠᠯᠠᠭᠤᠨ ᠰᠡᠳᠭᠢᠯᠭᠡ ᠪᠠ ᠳᠡᠭᠡᠳᠦ ᠬᠡᠮᠵᠢᠶ᠎ᠡ᠎ᠪᠡᠷ ᠬᠠᠷᠢᠭᠤᠴᠠᠬᠤ ᠵᠣᠷᠢᠭ ᠰᠠᠨᠠᠭ᠎ᠠ᠎ᠪᠠᠷ᠂ ᠪᠣᠳᠠᠲᠠᠢ᠎ᠶ᠋ᠢ ᠡᠷᠬᠢᠮᠯᠡᠬᠰᠡᠨ ᠠᠷᠭ᠎ᠠ ᠪᠤᠳᠤᠯᠭ᠎ᠠ᠎ᠶ᠋ᠢ ᠢᠯᠡᠭᠦᠬᠡᠨ ᠳᠡᠪᠱᠢᠭᠦᠯᠵᠦ᠍᠂ ᠬᠥᠭ᠌ᠵᠢᠯᠲᠡ᠎ᠶ᠋ᠢᠨ ᠠᠷᠭ᠎ᠠ ᠪᠤᠳᠤᠯᠭ᠎ᠠ᠎ᠶ᠋ᠢ ᠢᠯᠡᠭᠦᠬᠡᠨ ᠰᠦᠪᠡᠭ᠌ᠴᠢᠯᠡᠵᠦ᠍᠂ ᠪᠦᠬᠦ᠌ ᠣᠷᠣᠨ ᠤ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠦᠯᠦ᠍ ᠬᠥᠰᠡᠷᠳᠡᠭᠦᠯᠦᠨ᠂ ᠴᠠᠭ ᠦᠶ᠎ᠡ ᠶ᠋ᠢᠨ ᠱᠢᠨ᠎ᠡ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ᠍᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠱᠢᠨ᠎ᠡ ᠵᠢᠳᠬᠦᠯ ᠴᠢᠷᠮᠠᠢᠯᠭ᠎ᠠ᠎ᠶ᠋ᠢ ᠢᠯᠡᠷᠡᠭᠦᠯᠵᠦ᠍᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃