2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-04 09:44:31

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤᠬᠤᠷᠢᠶ᠎ᠠ ᠵᠢᠨ ᠭᠤᠷᠪᠠᠳᠤᠭᠠᠷ ᠬᠤᠷᠠᠯ᠎ᠤᠨ ᠰᠣᠨᠢᠨ ᠮᠡᠳᠡᠭᠡ ᠨᠡᠢᠲᠡᠯᠡᠬᠦ ᠬᠤᠷᠠᠯ 3᠎ᠤ ᠡᠳᠦᠷ᠎ᠦᠨ 15 ᠴᠠᠭᠲᠤ᠌ ᠡᠬᠢᠯᠡᠵᠦ᠂ ᠶᠡᠬᠡ ᠬᠤᠷᠠᠯ᠎ᠤᠨ ᠰᠣᠨᠢᠨ ᠮᠡᠳᠡᠭᠡᠨ᠎ᠦ ᠥᠭᠦᠯᠡᠭᠴᠢ ᠯᠢᠦ ᠵᠢᠶᠧ ᠢ ᠳᠤᠮᠳᠠᠳᠤ ᠭᠠᠳᠠᠭᠠᠳᠤ᠎ᠶᠢᠨᠵᠠᠭᠤᠴᠢᠯᠠᠭᠤᠷ᠎ᠤᠨ ᠬᠢᠨ ᠳ᠋ᠤ ᠲᠣᠰ ᠤᠳᠠᠭᠠᠨ᠎ᠤ ᠶᠡᠬᠡ ᠬᠤᠷᠠᠯ᠎ᠤᠨ ᠬᠤᠯᠪᠤᠭᠳᠠᠯ ᠪᠦᠬᠦᠢ ᠪᠠᠢᠳᠠᠯ᠎ᠢ ᠲᠠᠨᠢᠯᠴᠠᠭᠤᠯᠤᠭᠰᠠᠨᠪᠥᠭᠡᠳ ᠰᠣᠷᠪᠣᠯᠵᠢᠯᠠᠭ᠍ᠴᠢᠳ᠎ᠤᠨ ᠠᠰᠠᠭᠤᠯᠲᠠ᠎ᠶᠢ ᠬᠠᠷᠢᠭᠤᠯᠪᠠ᠃


ᠪᠦᠬᠦ ᠤᠯᠤᠰ᠎ᠤᠨ ᠤᠯᠤᠰ ᠲᠦᠷᠦ᠎ᠶᠢᠨᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ 6 ᠡᠳᠦᠷᠶᠠᠪᠤᠭᠳᠠᠨ᠎ᠠ

ᠶᠡᠬᠡᠬᠤᠷᠠᠯ᠎ᠤᠨ ᠰᠣᠨᠢᠨ ᠮᠡᠳᠡᠭᠡᠨ᠎ᠦ ᠥᠭᠦᠯᠡᠭᠴᠢ ᠯᠢᠦ ᠵᠢᠶᠧ ᠢ᠎ᠶᠢᠨ ᠲᠠᠨᠢᠯᠴᠠᠭᠤᠯᠤᠭᠰᠠᠨ᠎ᠢᠶᠠᠷ᠂ ᠪᠥᠬᠥ ᠤᠯᠤᠰ᠎ᠤᠨᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ3 ᠰᠠᠷ᠎ᠠ᠎ᠶᠢᠨ 4᠎ᠦ ᠦᠳᠡ᠎ᠶᠢᠨ ᠬᠣᠢᠨᠠᠬᠢ 3 ᠴᠠᠭ᠎ᠲᠤ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠵᠦ᠂3 ᠰᠠᠷ᠎ᠠ᠎ᠶᠢᠨ 10᠎ᠤ ᠦᠳᠡ᠎ᠶᠢᠨ ᠡᠮᠦᠨ᠎ᠡ ᠲᠡᠭᠦᠰᠦᠨ᠎ᠡ᠂ ᠬᠤᠷᠠᠯ᠎ᠤᠨ ᠬᠤᠭᠤᠴᠠᠭ᠎ᠠ ᠨᠢ 6 ᠡᠳᠦᠷ ᠪᠣᠯᠣᠨ᠎ᠠ᠃

ᠪᠦᠬᠦ ᠤᠯᠤᠰ᠎ᠤᠨ ᠤᠯᠤᠰ ᠲᠦᠷᠦ᠎ᠶᠢᠨᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ᠎ᠤᠨᠵᠦᠪᠯᠡᠬᠦ ᠵᠦᠢᠯ

ᠶᠡᠬᠡ ᠬᠤᠷᠠᠯ᠎ᠤᠨ ᠰᠣᠨᠢᠨ ᠮᠡᠳᠡᠭᠡᠨ᠎ᠦ ᠥᠭᠦᠯᠡᠭᠴᠢ ᠯᠢᠦ ᠵᠢᠶᠧᠢ ᠵᠢᠨ ᠳᠠᠨᠢᠯᠴᠠᠭᠤᠯᠤᠭᠰᠠᠨ ᠵᠢᠡᠷ᠂ ᠶᠡᠬᠡ ᠬᠤᠷᠠᠯ᠎ᠤᠨ ᠭᠣᠣᠯ ᠵᠥᠪᠯᠡᠬᠦ ᠵᠦᠢᠯ ᠪᠣᠯ᠄ ᠪᠦᠬᠦ ᠤᠯᠤᠰ᠎ᠤᠨ ᠤᠯᠤᠰᠲᠦᠷᠦ᠎ᠶᠢᠨ ᠵᠥᠪᠯᠡᠯᠭᠡᠨ᠎ᠦ ᠪᠠᠢᠩᠭᠤ᠎ᠶᠢᠨ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ᠎ᠶᠢᠨᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶᠢ ᠰᠣᠨᠣᠰᠴᠤ ᠬᠢᠨᠠᠨ ᠵᠥᠪᠯᠡᠨ᠎ᠡ; ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨᠶᠡᠬᠡ ᠬᠤᠷᠠᠯ᠎ᠤᠨ ᠭᠤᠷᠪᠠᠳᠤᠭᠠᠷ ᠬᠤᠷᠠᠯ ᠳ᠋ᠤ ᠰᠤᠯᠠ ᠣᠷᠣᠯᠴᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯᠵᠢᠴᠢ ᠪᠤᠰᠤᠳ ᠬᠣᠯᠪᠣᠭᠳᠠᠯ ᠪᠦᠬᠦᠢ ᠮᠡᠳᠡᠬᠦᠯᠦᠯᠳᠡ ᠵᠢ ᠰᠣᠨᠣᠰᠴᠤ ᠶᠠᠷᠢᠯᠴᠠᠨ᠎ᠠ; ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤᠬᠤᠷᠢᠶ᠎ᠠ ᠵᠢᠨ ᠭᠤᠷᠪᠠᠳᠤᠭᠠᠷ ᠬᠤᠷᠠᠯ᠎ᠤᠨ ᠤᠯᠤᠰ ᠲᠦᠷᠦ᠎ᠶᠢᠨ ᠰᠢᠢᠳᠪᠦᠷᠢ᠂ ᠪᠠᠢᠩᠭᠤ᠎ᠶᠢᠨ ᠬᠣᠷᠢᠶ᠎ᠠ ᠵᠢᠨ ᠠᠵᠢᠯ᠎ᠤᠨᠮᠡᠳᠡᠬᠦᠯᠦᠯᠳᠡ ᠵᠢᠨ ᠲᠤᠬᠠᠢ ᠰᠢᠢᠳᠪᠦᠷᠢ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷᠬᠤᠭᠤᠴᠠᠭᠠᠨ᠎ᠤ ᠬᠤᠷᠢᠶ᠎ᠠ ᠵᠢᠨ ᠬᠣᠶᠠᠳᠤᠭᠠᠷ ᠬᠤᠷᠠᠯ᠎ᠠᠴᠠᠨᠠᠭᠠᠰᠢᠬᠢ ᠰᠠᠨᠠᠯ ᠳᠤᠷᠠᠳᠤᠯᠭ᠎ᠠ ᠵᠢᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ ᠵᠢᠨ ᠰᠢᠢᠳᠪᠦᠷᠢ᠂ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨᠭᠤᠷᠪᠠᠳᠤᠭᠠᠷ ᠬᠤᠷᠠᠯ᠎ᠤᠨ ᠰᠠᠨᠠᠯ ᠳᠤᠷᠠᠳᠤᠯᠭ᠎ᠠ᠎ᠶᠢ ᠬᠢᠨᠠᠨ ᠪᠠᠢᠴᠠᠭᠠᠭᠰᠠᠨ ᠪᠠᠢᠳᠠᠯ᠎ᠤᠨ ᠲᠤᠬᠠᠢ ᠮᠡᠳᠡᠭᠦᠯᠦᠯᠲᠡ᠎ᠶᠢᠬᠢᠨᠠᠨ ᠶᠠᠷᠢᠯᠴᠠᠵᠤ ᠪᠠᠲᠤᠯᠠᠨ᠎ᠠ᠃

ᠲᠤᠰ ᠤᠳᠠᠭ᠎ᠠ᠎ᠶᠢᠨ ᠤᠯᠤᠰ ᠲᠦᠷᠦ᠎ᠶᠢᠨᠵᠥᠪᠯᠡᠯᠭᠡᠨ᠎ᠦ ᠶᠡᠬᠡ ᠬᠤᠷᠠᠯ᠎ᠳᠤ ᠡᠬᠢᠯᠡᠯᠲᠡ᠎ᠶᠢᠨ ᠬᠤᠷᠠᠯ᠂ᠲᠡᠭᠦᠰᠭᠡᠯ᠎ᠤᠨ ᠬᠤᠷᠠᠯ ᠵᠢᠴᠢ 2 ᠤᠳᠠᠭ᠎ᠠ ᠶᠡᠬᠡ ᠬᠤᠷᠠᠯ ᠳᠡᠭᠡᠷ᠎ᠡ ᠦᠬᠡ ᠬᠡᠯᠡᠬᠦ ᠠᠵᠢᠯᠯᠠᠭ᠎ᠠ ᠲᠣᠬᠢᠷᠠᠭᠤᠯᠤᠨ᠎ᠠ

ᠶᠡᠬᠡ ᠬᠤᠷᠠᠯ᠎ᠤᠨ ᠰᠣᠨᠢᠨ ᠮᠡᠳᠡᠭᠡᠨ᠎ᠦ ᠥᠭᠦᠯᠡᠭᠴᠢ ᠯᠢᠦ ᠵᠢᠶᠧ ᠢ᠎ᠶᠢᠨ ᠲᠠᠨᠢᠯᠴᠠᠭᠤᠯᠤᠭᠰᠠᠨ᠎ᠢᠶᠠᠷ᠂ᠶᠡᠬᠡ ᠬᠤᠷᠠᠯ᠎ᠤᠨ ᠬᠤᠭᠤᠴᠠᠭᠠᠨ᠎ᠳᠤ᠂ ᠡᠬᠢᠯᠡᠯᠳᠡ ᠵᠢᠨ ᠬᠤᠷᠠᠯ᠂ ᠲᠡᠭᠦᠰᠭᠡᠯ᠎ᠤᠨ ᠬᠤᠷᠠᠯ ᠵᠢᠴᠢ 2 ᠤᠳᠠᠭ᠎ᠠᠶᠡᠬᠡ ᠬᠤᠷᠠᠯ ᠳᠡᠭᠡᠷ᠎ᠡ ᠦᠬᠡ ᠬᠡᠯᠡᠬᠦ ᠠᠵᠢᠯᠯᠠᠭ᠎ᠠ ᠲᠣᠬᠢᠷᠠᠭᠤᠯᠤᠨ᠎ᠠ; ᠭᠡᠰᠢᠭᠦᠳ᠎ᠦᠨ ᠰᠠᠭᠤᠭ᠎ᠠ ᠭᠠᠵᠠᠷ᠎ᠲᠤ ᠡᠲᠡᠭᠡᠳ ᠢᠯᠭᠠᠯ᠎ᠤᠨ ᠳᠤᠭᠤᠢᠯᠠᠩ᠎ᠤᠨ ᠬᠤᠷᠠᠯᠳᠤᠭᠠᠨ᠎ᠢᠤᠯᠠᠨ ᠤᠳᠠᠭ᠎ᠠ ᠬᠤᠷᠠᠯᠳᠤᠭᠤᠯᠵᠤ᠂ ᠬᠡᠰᠡᠭ ᠡᠲᠡᠭᠡᠳ ᠢᠯᠭᠠᠯ᠎ᠳᠤ ᠪᠠᠰᠠ ᠡᠲᠡᠭᠡᠳ ᠢᠯᠭᠠᠯ᠎ᠤᠨ ᠵᠥᠪᠳᠡᠯᠴᠡᠬᠦᠬᠤᠷᠠᠯᠳᠤᠭᠠᠨ᠎ᠢ ᠬᠤᠷᠠᠯᠳᠤᠭᠤᠯᠦᠨ᠎ᠡ᠃ ᠡᠬᠢᠯᠡᠯᠲᠡ᠎ᠶᠢᠨ ᠬᠤᠷᠠᠯ᠂ ᠲᠡᠭᠦᠰᠬᠡᠯ᠎ᠤᠨ ᠬᠤᠷᠠᠯ ᠳ᠋ᠤ ᠳᠤᠮᠳᠠᠳᠤ ᠤᠯᠤᠰ᠎ᠲᠤᠰᠠᠭᠤᠭ᠎ᠠ ᠭᠠᠳᠠᠭᠠᠳᠤ᠎ᠶᠢᠨ ᠡᠯᠴᠢᠨ ᠰᠠᠢᠳ᠎ᠢ ᠤᠷᠢᠵᠤ ᠰᠤᠯᠠ ᠰᠣᠨᠣᠰᠤᠭᠤᠯᠤᠨ᠎ᠠ᠃


ᠤᠯᠤᠰ ᠲᠥᠷᠥ ᠵᠢᠨ ᠵᠥᠪᠯᠡᠯᠭᠡᠨ ᠤ᠋ ᠶᠡᠬᠡᠬᠤᠷᠠᠯ 3 ᠲᠠᠯᠠᠪᠠᠢ 《ᠭᠡᠰᠢᠭᠦᠳ᠎ᠦᠨ ᠰᠤᠷᠪᠤᠯᠵᠢᠯᠠᠭ᠎ᠠ ᠬᠦᠯᠢᠶᠡᠬᠦ ᠵᠠᠮ》 ᠨᠡᠬᠡᠬᠡᠨ᠎ᠡ

ᠶᠡᠬᠡᠬᠤᠷᠠᠯ᠎ᠤᠨ ᠰᠣᠨᠢᠨ ᠮᠡᠳᠡᠭᠡᠨ᠎ᠦ ᠥᠭᠦᠯᠡᠭᠴᠢ ᠯᠢᠦ ᠵᠢᠶᠧ ᠢ᠎ᠶᠢᠨ ᠲᠠᠨᠢᠯᠴᠠᠭᠤᠯᠤᠭᠰᠠᠨ᠎ᠢᠶᠠᠷ᠂ ᠡᠨᠡᠡᠳᠦᠷ᠎ᠤᠨ ᠰᠣᠨᠢᠨ ᠮᠡᠳᠡᠭᠡ ᠨᠡᠢᠲᠡᠯᠡᠬᠦ ᠬᠤᠷᠠᠯ ᠠ᠋ᠴᠠᠭᠠᠳᠠᠨ᠎ᠠ᠂ ᠶᠡᠬᠡ ᠬᠤᠷᠠᠯ ᠠ᠋ᠴᠠ ᠪᠠᠰᠠ 3 ᠲᠠᠯᠠᠪᠠᠢ 《ᠭᠡᠰᠢᠭᠦᠳ᠎ᠦᠨᠰᠤᠷᠪᠤᠯᠵᠢᠯᠠᠭ᠎ᠠ ᠬᠦᠯᠢᠶᠡᠬᠦ ᠵᠠᠮ》 ᠨᠡᠬᠡᠬᠡᠨ᠎ᠡ᠃ ᠡᠯ᠎ᠡ ᠭᠡᠰᠢᠭᠦᠳ᠎ᠦᠨᠰᠠᠭᠤᠭ᠎ᠠ ᠭᠠᠵᠠᠷ᠎ᠲᠤ ᠴᠥᠮ ᠰᠤᠷᠪᠤᠯᠵᠢᠯᠠᠭ᠎ᠠ ᠬᠦᠯᠢᠶᠡᠬᠦ ᠲᠠᠰᠤᠯᠭ᠎ᠠ ᠭᠠᠷᠭᠠᠵᠠᠢ᠃ ᠶᠡᠬᠡ ᠬᠤᠷᠠᠯ᠎ᠤᠨ ᠨᠠᠷᠢᠨᠪᠢᠴᠢᠭ᠎ᠦᠨ ᠭᠠᠵᠠᠷ᠎ᠤᠨ ᠰᠣᠨᠢᠨ ᠮᠡᠳᠡᠭᠡᠨ᠎ᠦ ᠳᠤᠭᠤᠢᠯᠠᠩ᠂ ᠰᠠᠭᠤᠭ᠎ᠠ ᠭᠠᠵᠠᠷ᠎ᠤᠨ ᠰᠣᠨᠢᠨ ᠮᠡᠳᠡᠭᠡᠨ᠎ᠦ ᠬᠠᠷᠢᠯᠴᠠᠭᠴᠢᠳᠤᠮᠳᠠᠳᠤ ᠭᠠᠳᠠᠭᠠᠳᠤ᠎ᠶᠢᠨ ᠰᠤᠷᠪᠤᠯᠵᠢᠯᠠᠭ᠍ᠴᠢ ᠨᠠᠢᠵᠠ ᠨᠠᠷ᠎ᠤᠨ ᠰᠣᠷᠪᠤᠯᠵᠢᠯᠠᠭ᠎ᠠ ᠠᠪᠬᠤ᠎ᠳᠤ ᠢᠳᠡᠪᠬᠢᠲᠡᠢᠦᠢᠯᠡᠴᠢᠯᠡᠭᠡ ᠬᠠᠩᠭᠠᠬᠤ ᠪᠣᠯᠣᠨ᠎ᠠ᠃ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠠᠯᠪᠠᠨ ᠰᠦᠯᠵᠢᠶ᠎ᠡ᠎ᠶᠢᠨᠰᠣᠨᠢᠨ ᠮᠡᠳᠡᠭᠡᠨ᠎ᠦ ᠲᠥᠪ ᠡᠴᠡ ᠶᠡᠬᠡ ᠬᠤᠷᠠᠯ᠎ᠤᠨ ᠬᠣᠯᠪᠣᠭᠳᠠᠯ ᠪᠦᠬᠦᠢ ᠲᠣᠬᠢᠷᠠᠭᠤᠯᠤᠯᠲᠠ᠂ ᠭᠣᠣᠯ ᠪᠣᠯᠬᠤᠠᠯᠪᠠᠨ ᠪᠢᠴᠢᠭ ᠪᠠ ᠮᠠᠲᠧᠷᠢᠶᠠᠯ ᠮᠡᠳᠡᠭᠡ ᠵᠠᠩᠭᠢ᠎ᠶᠢ ᠨᠡᠢᠲᠡᠯᠡᠬᠦ᠎ᠪᠡᠷ ᠪᠣᠶ᠂ ᠣᠯᠠᠨ᠎ᠢᠶᠠᠷ᠎ᠢᠶᠠᠨ ᠴᠠᠭ ᠲᠤᠬᠠᠢᠳ᠋ᠤᠨᠢ ᠠᠩᠬᠠᠷᠤᠭᠠᠷᠠᠢ᠃ ᠳᠤᠮᠳᠠᠳᠤ ᠭᠠᠳᠠᠭᠠᠳᠤ᠎ᠶᠢᠨ ᠰᠤᠷᠪᠤᠯᠵᠢᠯᠠᠭ᠍ᠴᠢ ᠨᠠᠢᠵᠠ ᠨᠠᠷ᠎ᠤᠨ ᠲᠤᠬᠠᠢ᠎ᠶᠢᠨ ᠲᠠᠯᠠᠪᠠᠢ᠂ᠰᠦᠯᠵᠢᠶ᠎ᠡ᠂ ᠸᠢᠳᠢᠤ᠋᠂ ᠤᠳᠠᠰᠤ ᠪᠠᠷ ᠰᠤᠷᠪᠤᠯᠵᠢᠯᠠᠬᠤ ᠵᠡᠷᠭᠡ ᠤᠯᠠᠨ ᠵᠦᠢᠯ᠎ᠦᠨ ᠠᠷᠭ᠎ᠠ ᠬᠡᠯᠪᠡᠷᠢ᠎ᠪᠡᠷ ᠤᠯᠤᠰᠲᠦᠷᠦ᠎ᠶᠢᠨ ᠵᠥᠪᠯᠡᠯᠭᠡᠨ᠎ᠦ ᠶᠡᠬᠡ ᠬᠤᠷᠠᠯ᠎ᠢ ᠮᠡᠳᠡᠭᠡᠯᠡᠬᠦ᠎ᠶᠢ ᠪᠠᠶᠠᠷᠯᠠᠨ ᠤᠭᠲᠤᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面