2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-04 09:51:52

ᠵᠣᠬᠢᠶᠠᠭ᠍ᠴᠢ᠄ ᠪᠠᠢ ᠳ᠋ᠠᠨ ᠸᠠᠩ ᠫᠧᠩ ᠣᠩᠱᠢᠭ᠍ᠰᠠᠨ ᠣᠳᠠᠭ᠎ᠠ᠄ 3

ᠪᠦᠬᠦᠣᠷᠣᠨ᠎ᠤ ᠠᠷᠠᠳ ᠲᠦᠮᠡᠨ᠎ᠦ ᠬᠦᠨᠳᠦ ᠨᠠᠶ᠋ᠢᠳᠠᠯᠭ᠎ᠠ᠎ᠶᠢ ᠬᠦᠯᠢᠶᠡᠨ᠂ ᠬᠠᠪᠤᠷ᠎ᠤᠨ ᠦᠪᠡᠳᠡᠭᠰᠢ ᠬᠤᠷᠠᠯ᠎ᠳᠤ ᠣᠷᠣᠯᠴᠠᠨ᠎ᠠ᠃3 ᠰᠠᠷ᠎ᠠ᠎ᠶᠢᠨ 3᠎ᠤ ᠡᠳᠦᠷ᠂ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤᠬᠣᠷᠢᠶ᠎ᠠ ᠵᠢᠨ ᠭᠤᠷᠪᠠᠳᠤᠭᠠᠷ ᠬᠤᠷᠠᠯ᠎ᠳᠤ ᠣᠷᠣᠯᠴᠠᠬᠤ ᠥᠪᠥᠷ ᠮᠣᠩᠭᠣᠯ ᠳ᠋ᠤ ᠰᠠᠭᠤᠭ᠎ᠠ ᠪᠥᠬᠥ ᠤᠯᠤᠰ᠎ᠤᠨ ᠤᠯᠤᠰᠲᠥᠷᠥ᠎ᠶᠢᠨ ᠵᠥᠪᠯᠡᠯᠭᠡᠨ᠎ᠦ ᠭᠡᠰᠢᠭᠦᠳ ᠪᠡᠭᠡᠵᠢᠩ᠎ᠳᠦ ᠬᠦᠷᠪᠡ᠃


QQ截图20250224163902.png


ᠡᠨᠡᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠰᠡᠬᠦᠯᠬᠤᠷᠢᠶᠠᠬᠤ ᠵᠢᠯ᠂ ᠮᠥᠨ ᠴᠦ᠍ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ ᠵᠢ ᠲᠥᠯᠥᠪᠵᠢᠭᠦᠯᠦᠨ ᠪᠠᠢᠷᠢᠯᠠᠭᠤᠯᠬᠤ ᠵᠢᠯ ᠪᠣᠯᠣᠨ᠎ᠠ᠃ ᠪᠡᠭᠡᠵᠢᠩ᠎ᠳᠦᠬᠦᠷᠬᠦ᠎ᠡᠴᠡ ᠡᠮᠦᠨ᠎ᠡ᠂ ᠭᠡᠰᠢᠭᠦᠳ ᠰᠢᠨ᠎ᠡ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠬᠥᠭᠵᠢᠭᠦᠯᠬᠦ᠂ ᠠᠷᠠᠳ᠎ᠤᠨᠡᠵᠡᠩᠨᠡᠯᠲᠡ᠎ᠶᠢᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠬᠥᠳᠡᠭᠡ ᠲᠣᠰᠬᠣᠨ᠎ᠢ ᠪᠦᠬᠦᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠬᠦᠴᠦᠲᠡᠢ ᠪᠦᠲᠦᠮᠵᠢᠲᠡᠢ ᠠᠬᠢᠭᠤᠯᠬᠤ ᠵᠡᠷᠭᠡ ᠠᠵᠤ ᠠᠬᠤᠢ ᠨᠡᠢᠭᠡᠮ᠎ᠦᠨᠬᠥᠭᠵᠢᠯᠲᠡ᠎ᠶᠢᠨ ᠴᠢᠬᠤᠯᠠ ᠶᠡᠬᠡ ᠠᠰᠠᠭᠤᠳᠠᠯ ᠪᠣᠯᠣᠨ ᠠᠷᠠᠳ᠎ᠤᠨ ᠠᠮᠢᠳᠤᠷᠠᠯ᠎ᠤᠨ ᠬᠠᠯᠠᠮᠰᠢᠯ ᠠᠰᠠᠭᠤᠳᠠᠯ ᠬᠦᠴᠢᠷᠠᠰᠠᠭᠤᠳᠠᠯ᠎ᠤᠨ ᠲᠣᠭᠣᠷᠢᠨ᠎ᠳᠤ ᠭᠦᠨᠵᠡᠭᠡᠢ ᠪᠠᠢᠴᠠᠭᠠᠨ ᠰᠤᠳᠤᠯᠤᠯᠲᠠ ᠥᠷᠨᠢᠭᠦᠯᠵᠦ᠂ ᠰᠠᠨᠠᠯ ᠰᠠᠨᠠᠭᠤᠯᠭ᠎ᠠ᠎ᠶᠢᠥᠷᠭᠡᠨ᠎ᠢᠶᠡᠷ ᠰᠣᠨᠣᠰᠴᠤ᠂ ᠰᠠᠨᠠᠯ ᠳᠤᠷᠠᠳᠤᠯᠭ᠎ᠠ ᠪᠣᠯᠣᠨ ᠶᠠᠷᠢᠶ᠎ᠠ ᠪᠠᠨ ᠨᠠᠷᠢᠨ ᠨᠢᠮᠪᠠᠢ ᠪᠡᠯᠡᠳᠬᠡᠵᠦ᠂ ᠪᠦᠬᠦᠣᠷᠣᠨ᠎ᠤ ᠠᠷᠠᠳ ᠲᠦᠮᠡᠨ᠎ᠦ ᠰᠡᠳᠬᠢᠯ᠎ᠦᠨ ᠲᠠᠭᠤᠨ᠎ᠢ ᠬᠤᠷᠠᠯ ᠳᠡᠭᠡᠷ᠎ᠡ ᠳᠤᠭᠤᠯᠭᠠᠬᠤ᠎ᠪᠠᠷ ᠴᠢᠷᠮᠠᠢᠵᠠᠭᠠᠨ᠎ᠠ᠃


QQ截图20250224163936.png


ᠭᠡᠰᠢᠭᠦᠳ᠂ᠬᠡᠬᠦᠳᠡᠭ ᠳᠦᠭᠦᠷᠡᠩ ᠤᠯᠤᠰ ᠲᠥᠷᠥ ᠎ᠶᠢᠨ ᠬᠠᠯᠠᠭᠤᠨ ᠰᠡᠳᠬᠢᠯᠭᠡ ᠪᠣᠯᠣᠨ ᠳᠡᠭᠡᠳᠦ ᠬᠡᠮᠵᠢᠶᠡᠨ᠎ᠤ ᠬᠠᠷᠢᠭᠤᠴᠠᠯᠭᠠᠲᠤᠰᠡᠳᠬᠢᠯᠬᠡ ᠪᠠᠷ ᠪᠣᠳᠠᠲᠠᠢ᠎ᠶᠢ ᠡᠷᠬᠢᠮᠯᠡᠬᠦ ᠠᠷᠭ᠎ᠠ ᠪᠣᠳᠣᠯᠭ᠎ᠠ ᠎ᠶᠢ ᠢᠯᠡᠭᠦᠬᠡᠨ ᠳᠡᠪᠰᠢᠭᠦᠯᠵᠦ᠂ ᠬᠥᠭᠵᠢᠯᠲᠡᠵᠢᠨ ᠠᠷᠭ᠎ᠠ ᠪᠣᠳᠣᠯᠭ᠎ᠠ ᠎ᠶᠢ ᠢᠯᠡᠭᠦᠬᠡᠨ ᠰᠦᠪᠡᠭᠴᠢᠯᠡᠵᠦ᠂ ᠪᠥᠬᠥ ᠣᠷᠣᠨ᠎ᠤ ᠠᠷᠠᠳ ᠲᠦᠮᠡᠨ᠎ᠦ ᠬᠦᠨᠳᠦ ᠨᠠᠶ᠋ᠢᠳᠠᠯᠭ᠎ᠠ᠎ᠶᠢᠬᠥᠰᠡᠷᠳᠡᠭᠦᠯᠬᠦ ᠦᠭᠡᠢ᠎ᠪᠡᠷ ᠴᠠᠭ ᠦᠶ᠎ᠡ᠎ᠶᠢᠨ ᠰᠢᠨ᠎ᠡ ᠡᠭᠦᠷᠭᠡᠯᠡᠯ᠎ᠢ ᠢᠯᠡᠷᠡᠭᠦᠯᠵᠦ᠂ ᠳᠤᠰᠢᠶᠠᠯ ᠬᠠᠷᠢᠭᠤᠴᠠᠯᠭ᠎ᠠ ᠪᠠᠨᠭᠦᠢᠴᠡᠳᠬᠡᠬᠦ ᠰᠢᠨ᠎ᠡ ᠵᠢᠳᠬᠦᠯ ᠴᠢᠷᠮᠠᠢᠯᠭ᠎ᠠ᠎ᠪᠠᠨ ᠢᠯᠡᠷᠡᠭᠦᠯᠵᠦ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢᠬᠥᠭᠵᠢᠯᠲᠡ᠎ᠳᠦ ᠨᠠᠩ ᠣᠯᠠᠨ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面