2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-04 10:00:01

ᠵᠣᠬᠢᠶᠠᠭ᠍ᠴᠢ᠄ ᠵᠠᠩ ᠺᠦᠢ ᠣᠩᠱᠢᠭ᠍ᠰᠠᠨ ᠣᠳᠠᠭ᠎ᠠ᠄ 3

ᠬᠠᠪᠤᠷ᠎ᠤᠨ ᠤᠷᠢᠬᠠᠨ ᠰᠠᠯᠬᠢᠨ ᠎ᠤ ᠠᠶᠠᠰ ᠵᠢᠡᠷ ᠦᠪᠡᠳᠡᠭᠰᠢ ᠬᠤᠷᠠᠯ᠎ᠢ ᠤᠭᠲᠤᠵᠤ᠂ ᠢᠲᠡᠭᠡᠯ ᠵᠣᠷᠢᠭ᠋ ᠲᠡᠭᠦᠯᠳᠡᠷ ᠎ᠢᠶᠡᠷ ᠰᠢᠨ᠎ᠡ ᠠᠶᠠᠨ᠎ᠢᠶᠠᠨ ᠡᠬᠢᠯᠡᠭᠦᠯᠦᠨ᠎ᠡ᠃ ᠪᠥᠬᠥ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠨᠳᠦ ᠨᠠᠶ᠋ᠢᠳᠠᠯᠭ᠎ᠠ᠎ᠶᠢ ᠠᠪᠴᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠳᠤ ᠣᠷᠣᠯᠴᠠᠬᠤ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ 3 ᠰᠠᠷ᠎ᠠ᠎ᠶᠢᠨ 3 ᠤ᠋ ᠦᠳᠡ᠎ᠶᠢᠨ ᠡᠮᠦᠨ᠎ᠡ ᠲᠦᠷᠭᠡᠨ᠎ᠤ ᠲᠡᠮᠦᠷ ᠵᠠᠮ᠎ᠤᠨ ᠭᠠᠯᠳᠤ ᠲᠡᠷᠬᠡ ᠪᠡᠷ ᠨᠡᠢᠰᠯᠡᠯ ᠪᠡᠭᠡᠵᠢᠩ᠎ᠳᠦ ᠬᠦᠷᠴᠡᠢ᠃

ᠡᠨᠡ ᠵᠢᠯ ᠪᠣᠯ《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠲᠥᠯᠦᠪᠵᠢᠭᠦᠯᠭᠡ᠎ᠶᠢᠨ ᠰᠡᠭᠦᠯ ᠬᠤᠷᠢᠶᠠᠬᠤ ᠵᠢᠯ ᠮᠥᠨ᠂ ᠮᠦᠨ ᠴᠤ᠌《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠦᠪᠵᠢᠭᠦᠯᠭᠡ᠎ᠶᠢ ᠲᠥᠯᠥᠪᠯᠡᠬᠦ ᠵᠢᠯ ᠮᠥᠨ᠂ ᠤᠳᠠᠯ ᠦᠭᠡᠢ ᠬᠤᠷᠠᠯᠳᠤᠬᠤ ᠭᠡᠵᠦ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠪᠣᠯ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠴᠢᠨᠠᠷ ᠰᠠᠢᠲᠠᠢ ᠰᠠᠨᠠᠭᠤᠯᠭ᠎ᠠ ᠪᠠ ᠰᠠᠨᠠᠯ ᠵᠥᠪᠯᠡᠯᠭᠡ᠎ᠶᠢ ᠪᠡᠯᠡᠳᠬᠡᠬᠦ᠎ᠶᠢᠨ ᠲᠥᠯᠥᠭᠡ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠤᠷᠠᠯ ᠲᠡᠭᠦᠰᠦᠭᠰᠡᠨ ᠬᠤᠭᠤᠴᠠᠭᠠᠨ᠎ᠳᠤ᠂ ᠲᠥᠯᠥᠭᠡᠯᠡᠭᠴᠢᠳ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠶᠡᠬᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠤ᠂ ᠦᠨᠳᠦᠰᠦᠨ ᠱᠠᠲᠤᠨ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ᠎ᠶᠢ ᠥᠷᠭᠡᠨ᠎ᠢᠶᠡᠷ ᠥᠷᠨᠢᠭᠦᠯᠵᠦ᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶᠢ ᠰᠣᠨᠣᠰᠴᠤ᠂ ᠨᠠᠷᠢᠨ ᠨᠢᠮᠪᠠᠢ ᠪᠡᠯᠡᠳᠬᠡᠯ ᠬᠢᠵᠡᠢ᠃

ᠰᠢᠦᠸᠠᠢ ᡁᠢ ᠯᠦᠩ ᠲᠥᠯᠥᠭᠡᠯᠡᠭᠴᠢ ᠣᠯᠠᠨ ᠲᠦᠮᠡᠨ᠎ᠦ ᠬᠦᠰᠡᠯ ᠡᠷᠡᠮᠡᠯᠵᠡᠯ᠎ᠢ ᠮᠠᠰᠢ ᠣᠯᠠᠨ ᠴᠤᠭᠯᠠᠭᠤᠯᠵᠤ᠂ ᠬᠣᠶᠠᠷ ᠬᠤᠷᠠᠯ᠎ᠳᠤ ᠠᠪᠴᠦ ᠣᠷᠣᠯᠴᠠᠬᠤ᠎ᠪᠠᠷ ᠪᠡᠯᠡᠳᠬᠡᠵᠦ ᠪᠠᠢᠨ᠎ᠠ᠃《ᠬᠥᠳᠡᠭᠡ ᠲᠣᠰᠬᠣᠨ᠎ᠤ ᠨᠠᠰᠤᠲᠠᠢᠴᠤᠳ᠎ᠤᠨ ᠨᠠᠰᠤᠵᠢᠯ᠎ᠤᠨ ᠠᠰᠠᠷᠠᠮᠵᠢ ᠪᠠ ᠬᠥᠳᠡᠭᠡ ᠲᠣᠰᠬᠣᠨ᠎ᠤ ᠠᠵᠤ ᠦᠢᠯᠡᠰ᠎ᠦᠨ ᠬᠥᠭᠵᠢᠯᠲᠡ᠎ᠶᠢᠨ ᠠᠰᠠᠭᠤᠳᠠᠯ᠎ᠢ ᠬᠠᠮᠤᠭ᠎ᠡᠴᠡ ᠢᠯᠡᠭᠦᠦ ᠠᠩᠬᠠᠷᠴᠤ ᠪᠠᠢᠨ᠎ᠠ》 ᠭᠡᠵᠦ ᠲᠡᠷᠡ ᠢᠯᠡᠳᠬᠡᠪᠡ᠃ ᠦᠨᠳᠦᠰᠦᠨ ᠱᠠᠲᠤᠨ᠎ᠤ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂ ᠰᠢᠦᠸᠠᠢ ᡁᠢ ᠯᠦᠩ ᠮᠠᠯᠵᠢᠬᠤ ᠲᠠᠷᠢᠶᠠᠯᠠᠬᠤ ᠣᠷᠣᠨ᠎ᠤ ᠬᠥᠭᠵᠢᠯᠲᠡ ᠪᠠ ᠮᠠᠯᠴᠢᠨ ᠲᠠᠷᠢᠶᠠᠴᠢᠨ᠎ᠤ ᠠᠮᠢᠳᠤᠷᠠᠯ᠎ᠤᠨ ᠲᠦᠪᠰᠢᠨ᠎ᠦ ᠳᠡᠭᠡᠭᠰᠢᠯᠡᠯᠲᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠶᠡᠬᠡ ᠬᠡᠮᠵᠢᠶᠡᠨ᠎ᠦ ᠪᠠᠢᠴᠠᠭᠠᠨ ᠰᠤᠳᠤᠯᠤᠯᠲᠠ ᠬᠢᠵᠡᠢ᠂ ᠡᠨᠡ ᠵᠢᠯ ᠎ᠤᠨ ᠰᠠᠨᠠᠭᠤᠯᠭ᠎ᠠ᠎ᠳᠠᠭᠠᠨ᠂ ᠲᠡᠷᠡ ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨᠣᠨᠴᠠᠯᠢᠭ᠍ᠲᠤ ᠲᠠᠷᠢᠶᠠᠯᠠᠩ ᠎ᠢ ᠬᠥᠭᠵᠢᠭᠦᠯᠬᠦ᠎ᠶᠢ ᠨᠠᠩ ᠶᠡᠬᠡ ᠡᠷᠴᠢᠮᠲᠡᠢ ᠲᠡᠳᠬᠦᠨ ᠳᠡᠮᠵᠢᠵᠦ᠂ ᠮᠠᠯ ᠠᠵᠤ ᠠᠬᠤᠢ ᠲᠠᠷᠢᠶᠠᠯᠠᠩ᠎ᠤᠨ ᠪᠦᠲᠦᠭᠡᠭᠳᠡᠬᠦᠨ᠎ᠦ ᠨᠡᠮᠡᠯᠲᠡ ᠥᠷᠲᠡᠭ ᠪᠠ ᠵᠠᠬ᠎ᠠ ᠳᠡᠯᠭᠡᠭᠦᠷ᠎ᠦᠨ ᠥᠷᠢᠰᠦᠯᠳᠦᠬᠦ ᠬᠦᠴᠦᠨ ᠎ᠢ ᠳᠡᠭᠡᠭᠰᠢᠯᠡᠭᠦᠯᠵᠤ᠂ ᠮᠠᠯᠴᠢᠨ ᠲᠠᠷᠢᠶᠠᠴᠢᠨ ᠎ᠤ ᠣᠷᠣᠯᠭ᠎ᠠ᠎ᠶᠢᠨ ᠦᠷᠭᠦᠯᠵᠢᠯᠡᠨ ᠨᠡᠮᠡᠭᠳᠡᠬᠦ᠎ᠶᠢ ᠠᠬᠢᠭᠤᠯᠬᠤ ᠬᠡᠷᠡᠭᠲᠡᠢ ᠭᠡᠵᠦ ᠤᠷᠢᠶᠠᠯᠠᠬᠤ ᠪᠡᠷ ᠪᠠᠢᠨ᠎ᠠ᠃

ᠰᠤᠷᠭᠠᠨ ᠬᠥᠮᠦᠵᠢᠯ᠎ᠦᠨ ᠰᠢᠰᠲᠧᠮ᠎ᠦᠨ ᠴᠧᠨ ᠠᠢ ᠰᠢᠦᠸᠠᠢ ᠲᠥᠯᠥᠭᠡᠯᠡᠭᠴᠢ ᠵᠢᠨ ᠡᠨᠡ ᠵᠢᠯ᠎ᠦᠨ ᠠᠩᠬᠠᠷᠤᠯ᠎ᠤᠨ ᠴᠡᠭ ᠪᠣᠯ ᠶᠡᠬᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ᠎ᠤᠨ ᠠᠵᠢᠯ ᠣᠯᠭᠣᠯᠲᠠ᠎ᠶᠢ ᠠᠬᠢᠭᠤᠯᠬᠤ ᠶᠠᠪᠤᠳᠠᠯ ᠪᠣᠯᠣᠨ᠎ᠠ᠃ ᠲᠡᠷᠡ᠂ ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠴᠢᠬᠤᠯᠠ ᠠᠰᠠᠭᠤᠳᠠᠯ ᠮᠥᠨ᠂ ᠵᠠᠯᠠᠭᠤᠴᠤᠳ᠎ᠤᠨ ᠠᠵᠢᠯ ᠣᠯᠭᠣᠯᠲᠠ ᠪᠣᠯ ᠨᠠᠩ ᠴᠤ᠌ ᠭᠣᠣᠯᠳᠠᠯᠭ᠎ᠠ᠎ᠶᠢᠨ ᠳᠣᠲᠣᠷᠠᠬᠢ ᠭᠣᠣᠯᠳᠠᠯᠭ᠎ᠠ ᠮᠥᠨ᠂ ᠶᠡᠷᠦᠩᠬᠡᠢ ᠱᠦᠵᠢ ᠰᠢ᠎ᠶᠢᠨ ᠫᠢᠩ ᠶᠡᠬᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ᠎ᠦᠨ ᠠᠵᠢᠯ ᠣᠯᠭᠣᠯᠲᠠ᠎ᠶᠢᠨ ᠠᠰᠠᠭᠤᠳᠠᠯ᠎ᠢ ᠲᠤᠢᠯ᠎ᠢᠶᠠᠷ ᠬᠠᠯᠠᠮᠵᠢᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠴᠤ᠌ ᠬᠣᠯᠪᠣᠭᠳᠠᠯ ᠪᠦᠬᠦᠢ ᠪᠠᠢᠷᠢᠯᠠᠭᠤᠯᠤᠯᠲᠠ ᠬᠢᠵᠡᠢ ᠭᠡᠵᠤ ᠬᠡᠯᠡᠪᠡ᠃ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠡᠮᠦᠨ᠎ᠡ ᠹᠷᠣᠨᠲ᠎ᠲᠤ ᠤᠯᠠᠨ ᠵᠢᠯ ᠠᠵᠢᠯᠯᠠᠭᠰᠠᠨ ᠥᠩᠭᠡᠷᠡᠯᠲᠡ ᠲᠡᠢ ᠴᠧᠨ ᠠᠢ ᠰᠢᠦᠸᠠᠢ ᠡᠨᠡ ᠬᠦ᠌ ᠠᠰᠠᠭᠤᠳᠠᠯ᠎ᠤᠨ ᠲᠤᠬᠠᠢ ᠨᠡᠩ ᠭᠦᠨᠵᠡᠭᠡᠢ ᠲᠠᠨᠢᠯᠲᠠ ᠲᠡᠢ ᠪᠤᠯᠪᠠ᠂ ᠲᠡᠷᠡ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠨᠠᠷᠢᠨ ᠨᠢᠮᠪᠠᠢ ᠪᠡᠯᠡᠳᠬᠡᠯ ᠬᠢᠵᠦ᠂ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠭᠡᠨ᠎ᠦ ᠰᠠᠯᠠᠭ᠎ᠠ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠦ᠂ ᠠᠵᠢᠯ ᠣᠯᠭᠣᠯᠲᠠ᠎ᠶᠢᠨ ᠰᠢᠰᠲ᠋ᠸᠮ᠎ᠤᠨ ᠰᠢᠨ᠎ᠡ᠎ᠶᠢ ᠡᠭᠦᠳᠬᠦ᠎ᠶᠢ ᠰᠠᠨᠠᠭᠤᠯᠬᠤ ᠪᠡᠷ ᠪᠠᠢᠨ᠎ᠠ᠃

ᠲᠥᠯᠥᠭᠡᠯᠡᠭᠴᠢᠳ᠎ᠦᠨ ᠠᠩᠬᠠᠷᠴᠤ ᠪᠠᠢᠭ᠎ᠠ ᠠᠰᠠᠭᠤᠳᠠᠯ ᠨᠢ ᠥᠪᠥᠷ ᠮᠣᠩᠭᠣᠯ ᠵᠢᠴᠢ ᠪᠦᠬᠦ ᠤᠯᠤᠰ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠬᠦᠷᠢᠶᠡᠨ᠎ᠳᠦ ᠬᠣᠯᠪᠣᠭᠳᠠᠵᠤ᠂ ᠪᠡᠭᠡᠵᠢᠩ᠎ᠳᠦ ᠬᠦᠷᠬᠦ ᠭᠠᠯᠲᠤ ᠲᠡᠷᠭᠡᠨ ᠳᠡᠭᠡᠷ᠎ᠡ ᠲᠡᠳᠡ ᠮᠥᠨ ᠯᠡ ᠬᠠᠯᠠᠭᠤᠨ᠎ᠢᠶᠠᠷ ᠶᠠᠷᠢᠯᠴᠠᠵᠤ ᠪᠠᠢᠯ᠎ᠠ᠃ ᠤᠯᠠᠨ᠎ᠢᠶᠠᠷ᠎ᠢᠶᠠᠨ᠂ ᠬᠡᠬᠦᠳᠡᠭ ᠳᠦᠭᠦᠷᠡᠩ ᠤᠯᠤᠰ ᠲᠦᠷᠦ᠎ᠶᠢᠨ ᠬᠠᠯᠠᠭᠤᠨ ᠰᠡᠳᠬᠢᠯᠭᠡ ᠪᠣᠯᠣᠨ ᠰᠠᠢᠨ ᠰᠠᠢᠬᠠᠨ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠰᠤᠳᠤᠨ ᠰᠠᠢᠨ ᠰᠠᠨᠠᠯ ᠵᠦᠪᠯᠡᠯᠭᠡ ᠵᠢ ᠢᠯᠡᠭᠦᠬᠡᠨ ᠲᠤᠷᠠᠳᠤᠨ᠂ ᠥᠭᠡᠷᠡᠴᠢᠯᠡᠯᠲᠡ᠎ᠶᠢᠨ ᠰᠠᠢᠨ ᠠᠷᠭ᠎ᠠ ᠪᠣᠳᠣᠯᠭ᠎ᠠ ᠵᠢ ᠢᠯᠡᠭᠦᠬᠡᠨ ᠳᠡᠪᠰᠢᠭᠦᠯᠵᠦ᠂ ᠦᠨᠳᠦᠰᠦᠨ ᠬᠠᠤᠯᠢ ᠪᠣᠯᠣᠨ ᠬᠠᠤᠯᠢ ᠴᠠᠭᠠᠵᠠ᠎ᠡᠴᠡ ᠣᠯᠭᠣᠭᠰᠠᠨ ᠲᠠᠷᠬᠠᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠎ᠳᠦ ᠤᠶᠤᠨ ᠤᠬᠠᠭᠠᠨ ᠪᠣᠯᠣᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠵᠡᠭᠡᠪᠡ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面