2025-03-05 09:20:31
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ 5᠎ᠤ᠋ ᠦᠳᠡ᠎ᠶᠢᠨ ᠡᠮᠦᠨᠡᠬᠢ 9 ᠴᠠᠭ ᠲᠦ᠍ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠦ ᠡᠬᠢᠯᠡᠵᠤ᠂ ᠲᠥᠷᠥ᠎ᠶᠢᠨ ᠶᠠᠪᠤᠳᠠᠯ᠎ᠤᠨ ᠬᠣᠷᠢᠶ᠎ᠡ ᠵᠢᠨ ᠶᠡᠷᠦᠩᠬᠡᠢ ᠰᠠᠢᠳ ᠯᠢ ᠴᠢᠶᠠᠩ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠰᠤᠨᠤᠰᠴᠦ᠂ ᠲᠥᠷᠥ᠎ᠶᠢᠨ ᠶᠠᠪᠤᠳᠠᠯ᠎ᠤᠨ ᠬᠣᠷᠢᠶ᠎ᠡ ᠵᠢᠨ 2024 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢ ᠬᠡᠷᠡᠭᠵᠢᠭᠦᠯᠦᠭᠰᠡᠨ ᠪᠠᠢᠳᠠᠯ ᠬᠢᠭᠡᠳ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢᠨ ᠲᠥᠰᠥᠯ᠎ᠦᠨ ᠮᠡᠳᠡᠬᠦᠯᠦᠯᠳᠠ ᠵᠢᠴᠢ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢᠨ ᠲᠥᠰᠥᠯ᠎ᠢ ᠬᠢᠨᠠᠨ ᠪᠠᠢᠴᠠᠭᠠᠵᠤ᠂ ᠲᠦᠷᠦ᠎ᠶᠢᠨ ᠶᠠᠪᠤᠳᠠᠯ᠎ᠤᠨ ᠬᠣᠷᠢᠶ᠎ᠡ ᠵᠢᠨ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠥᠪ᠎ᠢ ᠭᠦᠢᠴᠡᠳᠬᠡᠭᠰᠡᠨ ᠪᠠᠢᠳᠠᠯ ᠬᠢᠭᠡᠳ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠥᠪ᠎ᠦᠨ ᠲᠥᠰᠥᠯ᠎ᠦᠨ ᠮᠡᠳᠡᠭᠦᠯᠦᠯᠲᠡ ᠵᠢᠴᠢ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠥᠪ᠎ᠦᠨ ᠲᠥᠰᠥᠯ᠎ᠢ ᠬᠢᠨᠠᠨ ᠪᠠᠢᠴᠠᠭᠠᠵᠤ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠡ ᠵᠢᠨ ᠳᠡᠳ᠋ ᠬᠣᠷᠢᠶᠠᠨ ᠳᠠᠷᠤᠭ᠎ᠠ ᠯᠢ ᠬᠣᠩ ᠵᠦᠩ᠎ᠦᠨ ᠬᠢᠭᠰᠡᠨ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠣᠯᠣᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠥᠯ᠎ᠦᠨ ᠲᠤᠬᠠᠢ ᠲᠣᠳᠣᠷᠬᠠᠢᠯᠠᠯᠲᠠ᠎ᠵᠢ ᠰᠣᠨᠣᠰᠤᠨ᠎ᠠ᠃ ᠦᠳᠡ᠎ᠶᠢᠨ ᠬᠣᠢᠨ᠎ᠠ᠂ ᠡᠯ᠎ᠡ ᠲᠥᠯᠥᠭᠡᠯᠡᠭᠴᠢᠳ᠎ᠦᠨ ᠪᠦᠯᠬᠦᠮ ᠪᠥᠬᠥᠳᠡ ᠬᠤᠷᠠᠯ ᠬᠢᠵᠦ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠬᠢᠨᠠᠨ ᠵᠦᠪᠯᠡᠨ᠎ᠡ᠃
5 ᠤ᠋ ᠦᠳᠡ᠎ᠶᠢᠨ ᠡᠮᠦᠨ᠎ᠡ᠂ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠭᠤᠷᠪᠠᠳᠤᠭᠠᠷ ᠬᠤᠷᠠᠯ᠎ᠳᠤ ᠣᠷᠣᠯᠴᠠᠭᠰᠠᠨ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠳ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠡᠬᠢᠯᠡᠯᠳᠡ ᠵᠢᠨ ᠬᠤᠷᠠᠯ᠎ᠳᠤ ᠰᠤᠯᠠ ᠣᠷᠣᠯᠴᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠂ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠤᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠲᠦᠯᠦᠭᠡᠯᠡᠭᠴᠢ ᠵᠢᠨ ᠬᠠᠤᠯᠢ᠎ᠳᠦ ᠵᠠᠰᠠᠪᠤᠷᠢ ᠤᠷᠤᠭᠤᠯᠬᠤ ᠲᠤᠬᠠᠢ ᠲᠦᠰᠦᠯ᠎ᠤᠨ ᠲᠤᠳᠤᠷᠬᠠᠢᠯᠠᠯᠲᠠ ᠵᠢ ᠰᠤᠨᠤᠰᠤᠨ᠎ᠠ᠃ 5 ᠤ᠋ ᠦᠳᠡ᠎ᠶᠢᠨ ᠬᠣᠢᠨ᠎ᠠ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠭᠤᠷᠪᠠᠳᠤᠭᠠᠷ ᠬᠤᠷᠠᠯ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠤᠯᠤᠰ ᠲᠦᠷᠦ᠎ᠶᠢᠨ ᠵᠥᠪᠯᠡᠯᠭᠡᠨ᠎ᠦ ᠪᠠᠢᠩᠭᠤ᠎ᠶᠢᠨ ᠬᠣᠷᠢᠶ᠎ᠡ ᠵᠢᠨ ᠠᠵᠢᠯ᠎ᠤᠨ ᠮᠡᠳᠡᠬᠦᠯᠦᠯᠳᠠ ᠪᠠ ᠰᠠᠨᠠᠯ ᠳᠤᠷᠠᠳᠤᠯᠭ᠎ᠠ ᠵᠢᠨ ᠠᠵᠢᠯ᠎ᠤᠨ ᠪᠠᠢᠳᠠᠯ᠎ᠤᠨ ᠮᠡᠳᠡᠬᠦᠯᠦᠯᠳᠡ ᠵᠢ ᠬᠢᠨᠠᠨ ᠵᠦᠪᠯᠡᠨ᠎ᠡ᠃
ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠡᠬᠢᠯᠡᠯᠳᠠ ᠵᠢᠨ ᠬᠤᠷᠠᠯ᠎ᠢ ᠠᠬᠤᠢ ᠲᠠᠯᠠᠪᠠᠶ ᠡᠴᠡ ᠰᠢᠭᠤᠳ ᠨᠠᠪᠲᠠᠷᠡᠭᠦᠯᠵᠦ᠂ ᠰᠢᠨᠬᠤᠸᠠ ᠰᠦᠯᠵᠢᠶ᠎ᠡ ᠡᠬᠢᠯᠡᠯᠳᠡ ᠵᠢᠨ ᠬᠤᠷᠠᠯ᠎ᠢ ᠵᠢᠷᠤᠭ ᠦᠰᠦᠭ ᠪᠢᠴᠢᠭ᠎ᠤᠨ ᠭᠡᠯᠪᠡᠷᠢ ᠪᠡᠷ ᠰᠢᠭᠤᠳ ᠨᠡᠪᠲᠡᠷᠡᠭᠦᠯᠤᠨ᠎ᠡ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶᠢᠨ 4 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃