2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-10 14:49:20

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ᠎ᠶᠢᠨ ᠪᠠᠢᠩᠭᠤ᠎ᠶ᠋ᠢᠨ ᠬᠤᠷᠢᠶ᠎ᠠ᠎ᠶᠢᠨ ᠠᠷᠪᠠᠨ ᠨᠢᠭᠡᠳᠦᠭᠡᠷ ᠬᠤᠷᠠᠯ 9 ᠤ᠋ ᠦᠳᠡ᠎ᠶ᠋ᠢᠨ ᠬᠣᠢᠨ᠎ᠠ ᠪᠡᠭᠡᠵᠢᠩ᠎ᠳᠦ ᠬᠤᠷᠠᠯᠳᠤᠪᠠ᠃ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠤᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠤ᠌ ᠨᠢᠩ ᠬᠤᠷᠠᠯ᠎ᠢ ᠡᠷᠬᠢᠯᠡᠪᠡ᠃

ᠬᠤᠷᠠᠯ ᠡᠴᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠲᠥᠰᠦᠯ᠎ᠢ ᠬᠢᠨᠠᠨ ᠵᠦᠪᠯᠡᠭᠰᠡᠨ ᠪᠠ ᠵᠠᠰᠠᠪᠤᠷᠢ ᠣᠷᠣᠭᠤᠯᠤᠭ᠍ᠰᠠᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠂ ᠪᠠᠢᠩᠭᠤ᠎ᠶ᠋ᠢᠨ ᠬᠤᠷᠢᠶ᠎ᠠ᠎ᠶᠢᠨ ᠠᠵᠢᠯ᠎ᠤᠨ ᠮᠡᠳᠡᠭᠦᠯᠦᠯᠳᠡ᠎ᠶᠢᠨ ᠲᠤᠬᠠᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ᠎ᠶᠢᠨ ᠭᠤᠷᠪᠠᠳᠤᠭᠠᠷ ᠬᠤᠷᠠᠯ᠎ᠤᠨ ᠱᠢᠢᠳᠪᠦᠷᠢ (ᠲᠥᠰᠦᠯ)᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠬᠣᠶᠠᠳᠤᠭᠠᠷ ᠬᠤᠷᠠᠯ ᠡᠴᠡ ᠨᠠᠭᠠᠰᠢᠬᠢ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ᠎ᠶᠢᠨ ᠭᠤᠷᠪᠠᠳᠤᠭᠠᠷ ᠬᠤᠷᠠᠯ᠎ᠤᠨ ᠱᠢᠶ᠋ᠳᠪᠦᠷᠢ (ᠲᠥᠰᠦᠯ)᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ᠎ᠶᠢᠨ ᠭᠤᠷᠪᠠᠳᠤᠭᠠᠷ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ᠎ᠶᠢᠨ ᠰᠠᠨᠠᠯ ᠳᠤᠷᠠᠳᠤᠯᠭ᠎ᠠ᠎ᠶᠢᠨ ᠵᠦᠪᠯᠡᠯ᠎ᠤᠨ ᠮᠡᠳᠡᠭᠦᠯᠦᠯᠲᠡ (ᠲᠥᠰᠦᠯ)᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ᠎ᠶᠢᠨ ᠭᠤᠷᠪᠠᠳᠤᠭᠠᠷ ᠬᠤᠷᠠᠯ᠎ᠤᠨ ᠤᠯᠤᠰ ᠲᠥᠷᠥ᠎ᠶ᠋ᠢᠨ ᠱᠢᠶ᠋ᠳᠪᠦᠷᠢ (ᠲᠥᠰᠦᠯ ) ᠵᠢ ᠬᠢᠨᠠᠨ ᠵᠦᠪᠯᠡᠵᠦ ᠪᠠᠳᠤᠯᠠᠨ᠂ ᠳᠡᠭᠡᠷ᠎ᠡ ᠳᠤᠷᠠᠳᠤᠭ᠍ᠰᠠᠨ ᠮᠡᠳᠡᠭᠦᠯᠦᠯᠳᠡ ᠪᠣᠯᠤᠨ ᠱᠢᠶ᠋ᠳᠪᠦᠷᠢ (ᠲᠥᠰᠦᠯ) ᠶ᠋ᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠶᠢᠨ ᠭᠤᠷᠪᠠᠳᠤᠭᠠᠷ ᠬᠤᠷᠠᠯ᠎ᠤᠨ ᠲᠡᠭᠦᠰᠭᠦ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃

ᠬᠤᠷᠠᠯ ᠡᠴᠡ ᠡᠮᠦᠨ᠎ᠡ᠂ ᠸᠠᠩ ᠬ᠍ᠤ᠌ ᠨᠢᠩ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ᠎ᠶᠢᠨ ᠭᠤᠴᠢᠨ ᠭᠤᠷᠪᠠᠳᠤᠭᠠᠷ ᠤᠳᠠᠭ᠎ᠠ᠎ᠶ᠋ᠢᠨ ᠲᠡᠷᠢᠭᠦᠯᠡᠭ᠌ᠴᠢᠳ᠎ᠦᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ᠎ᠶᠢᠨ ᠭᠤᠷᠪᠠᠳᠤᠭᠠᠷ ᠬᠤᠷᠠᠯ᠎ᠤᠨ ᠪᠠᠢᠳᠠᠯ᠎ᠤᠨ ᠲᠤᠬᠠᠢ ᠶᠡᠷᠦᠩᠬᠡᠢᠯᠡᠭ᠌ᠰᠡᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠠᠢᠩᠭᠤ᠎ᠶ᠋ᠢᠨ ᠬᠤᠷᠢᠶ᠎ᠠ᠎ᠶᠢᠨ ᠠᠷᠪᠠᠨ ᠨᠢᠭᠡᠳᠦᠭᠡᠷ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌ ᠬᠣᠯᠪᠣᠭ᠍ᠳᠠᠯ ᠪᠦᠬᠦᠢ ᠪᠢᠴᠢᠭ ᠮᠠᠲ᠋ᠧᠷᠢᠶᠠᠯ (ᠲᠥᠰᠦᠯ) ᠢ᠋ ᠬᠢᠨᠠᠨ ᠵᠥᠪᠯᠡᠵᠡᠢ᠃

ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠬᠤ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ·ᠭᠸᠯᠸᠭᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠤ᠌ ᠬᠤᠢ᠂ ᠱᠤᠤ ᠬᠣᠩ᠂ ᠭᠤᠤ ᠶᠦᠨ ᠯᠦᠩ᠂ ᠴᠧᠨ ᠡᠸ᠋᠂ ᠮᠦ᠍ ᠬᠣᠩ᠂ ᠱᠢᠶᠠᠨ ᠬᠤᠢ᠂ ᠸᠠᠩ ᠳ᠋ᠦᠩ ᠹᠸᠩ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ᠍ ᠶᠦᠩ ᠱᠢᠨ᠂ ᠶᠠᠩ ᠵᠧᠨ ᠬᠤᠷᠠᠯ᠎ᠳᠤ ᠣᠷᠣᠯᠴᠠᠪᠠ᠃

(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 9 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面