2025-03-05 09:30:14
ᠶᠡᠬᠡ ᠬᠤᠷᠠᠯ᠎ᠤᠨ ᠡᠳᠦᠷ᠎ᠦᠨ ᠳᠠᠷᠠᠭᠠᠯᠠᠯ ᠵᠡᠷᠭᠡ ᠵᠢ ᠲᠤᠭᠲᠠᠭᠠᠪᠠ
ᠲᠣᠰ ᠤᠳᠠᠭᠠᠨ᠎ᠤ ᠶᠡᠬᠡ ᠬᠤᠷᠠᠯ 5᠎ᠤ᠋ ᠡᠳᠦᠷ ᠡᠬᠢᠯᠡᠵᠤ ᠬᠤᠷᠠᠯ᠎ᠤᠨ ᠬᠤᠭᠤᠴᠠᠭ᠎ᠠ 7 ᠡᠳᠦᠷ ᠪᠤᠯᠤᠨ᠎ᠠ
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ 4᠎ᠤ᠋ ᠦᠳᠡ ᠵᠢᠨ ᠡᠮᠦᠨ᠎ᠡ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠦ ᠠᠨᠭᠬᠠᠳᠤᠭᠠᠷ ᠤᠳᠠᠭ᠎ᠠ ᠵᠢᠨ ᠬᠤᠷᠠᠯ ᠬᠢᠪᠡ᠃ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ ᠵᠢᠨ ᠬᠣᠷᠢᠶᠠᠨ ᠳᠠᠷᠤᠭ᠎ᠠ ᠵᠣᠣ ᠯᠸ ᠵᠢᠢ ᠬᠤᠷᠠᠯ᠎ᠢ ᠡᠷᠬᠢᠯᠡᠵᠡᠢ᠃
ᠲᠡᠷᠢᠭᠦᠯᠡᠭᠴᠢᠳ᠎ᠦᠨ ᠪᠦᠯᠬᠦᠮ᠎ᠦᠨ ᠬᠤᠷᠠᠯ᠎ᠳᠤ ᠣᠷᠣᠯᠴᠠᠬᠤ ᠶᠣᠰᠣᠲᠠᠢ ᠬᠥᠮᠥᠨ176 ᠪᠠᠢᠵᠤ᠂ 175 ᠬᠥᠮᠥᠨ ᠣᠷᠣᠯᠴᠠᠵᠤ᠂ 1 ᠬᠥᠮᠥᠨ ᠣᠷᠣᠯᠴᠠᠭᠰᠠᠨ ᠦᠭᠡᠢ᠂ ᠬᠤᠷᠠᠯ᠎ᠳᠦ ᠣᠷᠣᠯᠴᠠᠭᠰᠠᠨ ᠬᠥᠮᠥᠨ᠎ᠦ ᠲᠣᠭ᠎ᠠ ᠬᠠᠤᠯᠢ᠎ᠳᠤ ᠲᠣᠭᠲᠠᠭᠠᠭᠰᠠᠨ ᠬᠥᠮᠥᠨ᠎ᠦ ᠲᠣᠭ᠎ᠠ᠎ᠳᠤ ᠨᠡᠢᠴᠡᠪᠡ᠃
ᠬᠤᠷᠠᠯ᠎ᠡᠴᠡ ᠡᠩ ᠲᠡᠷᠢᠭᠦᠨ᠎ᠳᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ᠎ᠦᠨ ᠪᠠᠢᠨᠭᠭᠤ ᠵᠢᠨ ᠲᠡᠷᠢᠭᠦᠯᠡᠭᠴᠢ ᠵᠢ ᠲᠡᠪᠰᠢᠬᠦᠯᠦᠨ ᠰᠤᠨᠭᠭᠤᠪᠠ᠃ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ᠎ᠶᠢᠨ ᠲᠤᠰᠢᠶᠠᠯ᠎ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠨᠭᠭᠤ ᠵᠢᠨ ᠬᠤᠷᠢᠶ᠎ᠠ ᠵᠢᠨ ᠬᠤᠷᠢᠶᠠᠨ ᠳᠠᠷᠤᠭ᠎ᠠ᠂ ᠳᠡᠳ᠋ ᠬᠤᠷᠢᠶᠠᠨ ᠳᠠᠷᠤᠭ᠎ᠠ᠂ ᠨᠠᠷᠢᠨ ᠪᠢᠴᠢᠭ᠎ᠤᠨ ᠳᠠᠷᠤᠭ᠎ᠠ ᠡᠭᠦᠷᠭᠡᠯᠡᠨ᠎ᠡ᠃ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ ᠲᠡᠷᠢᠭᠦᠯᠡᠭᠴᠢᠳ᠎ᠦᠨ ᠪᠦᠯᠬᠦᠮ᠎ᠦᠨ ᠬᠤᠷᠠᠯ᠎ᠢ ᠬᠤᠷᠠᠯᠳᠤᠭᠤᠯᠬᠤ ᠪᠥᠭᠡᠳ ᠡᠷᠬᠢᠯᠡᠨ᠎ᠡ᠃
ᠬᠤᠷᠠᠯ᠎ᠡᠴᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠡᠳᠦᠷ᠎ᠦᠨ ᠳᠠᠷᠠᠭᠠᠯᠠᠯ᠎ᠢ ᠪᠠᠲᠤᠯᠠᠪᠠ᠃ ᠬᠤᠷᠠᠯ᠎ᠤᠨ ᠡᠳᠦᠷ᠎ᠦᠨ ᠳᠠᠷᠠᠭᠠᠯᠠᠯ᠎ᠢ ᠦᠨᠳᠦᠰᠦᠯᠡᠪᠡᠯ᠂ ᠡᠨᠡ ᠤᠳᠠᠭ᠎ᠠ ᠵᠢᠨ ᠬᠤᠷᠠᠯ᠎ᠢ 3 ᠰᠠᠷ᠎ᠠ᠎ᠶᠢᠨ 5᠎ᠤ᠋ ᠦᠳᠡ᠎ᠶᠢᠨ ᠡᠮᠦᠨ᠎ᠡ ᠡᠬᠢᠯᠡᠭᠦᠯᠵᠦ᠂ 3 ᠰᠠᠷ᠎ᠠ ᠶᠢᠨ 11 ᠤ᠋ ᠦᠳᠡ᠎ᠶᠢᠨ ᠬᠣᠢᠨ᠎ᠠ ᠲᠡᠭᠦᠰᠭᠡᠬᠦ ᠪᠡᠷ ᠲᠤᠭᠲᠠᠪᠠ᠂ ᠬᠤᠷᠠᠯ᠎ᠤᠨ ᠬᠤᠭᠤᠴᠠᠭ᠎ᠠ ᠨᠢ 7 ᠡᠳᠦᠷ ᠪᠤᠯᠤᠨ᠎ᠠ᠃
ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠡᠷᠡᠭ ᠵᠥᠪᠯᠡᠬᠦ ᠳᠦᠷᠢᠮ᠎ᠦᠨ ᠲᠣᠭᠲᠠᠭᠠᠯ᠎ᠢ ᠦᠨᠳᠦᠰᠦᠯᠡᠨ᠂ ᠲᠡᠷᠢᠭᠦᠯᠡᠭᠴᠢᠳ᠎ᠦᠨ ᠪᠦᠯᠬᠦᠮ᠎ᠦᠨ ᠠᠩᠬᠠᠳᠤᠭᠠᠷ ᠤᠳᠠᠭ᠎ᠠ ᠵᠢᠨ ᠬᠤᠷᠠᠯ᠎ᠡᠴᠡ ᠳᠡᠪᠰᠢᠭᠦᠯᠦᠨ ᠰᠤᠨᠭᠭᠤᠭᠰᠠᠨ ᠲᠡᠷᠢᠭᠦᠯᠡᠭᠴᠢᠳ᠎ᠦᠨ ᠪᠦᠯᠬᠦᠮ᠎ᠦᠨ ᠪᠦᠷᠢᠯᠳᠦᠭᠦᠨ ᠨᠠᠷ ᠲᠤᠰ ᠲᠤᠰ ᠤᠳᠠᠭ᠎ᠠ ᠪᠦᠷᠢ᠎ᠶᠢᠨ ᠶᠡᠬᠡ ᠬᠤᠷᠠᠯ᠎ᠤᠨ ᠪᠦᠬᠦᠳᠡ ᠬᠤᠷᠠᠯ᠎ᠤᠨ ᠭᠦᠢᠴᠡᠳᠬᠡᠭᠴᠢ ᠲᠡᠷᠢᠭᠦᠯᠡᠭᠴᠢ᠎ᠶᠢᠨ ᠲᠤᠰᠢᠶᠠᠯ᠎ᠢ ᠡᠭᠦᠷᠭᠡᠯᠡᠨ᠎ᠡ᠃ ᠪᠠᠲᠤᠯᠠᠯᠲᠠ ᠬᠢᠬᠦ ᠪᠡᠷ ᠲᠠᠮᠵᠢᠨ᠂ ᠬᠤᠷᠠᠯ᠎ᠡᠴᠡ ᠶᠡᠬᠡ ᠬᠤᠷᠠᠯ᠎ᠤᠨ ᠪᠦᠬᠦᠳᠡ ᠬᠤᠷᠠᠯ᠎ᠤᠨ ᠭᠦᠢᠴᠡᠳᠭᠡᠭᠴᠢ ᠲᠡᠷᠢᠭᠦᠯᠡᠭᠴᠢ᠎ᠶᠢ ᠳᠡᠪᠰᠢᠭᠦᠯᠦᠨ ᠰᠣᠩᠭᠣᠪᠠ᠃
ᠬᠤᠷᠠᠯ᠎ᠡᠴᠡ ᠪᠠᠲᠤᠯᠠᠯᠲᠠ ᠬᠢᠬᠦ᠎ᠪᠡᠷ ᠳᠠᠮᠵᠢᠨ᠂ ᠯᠢᠦ ᠴᠢ᠂ ᠯᠢᠦ ᠵᠢᠶᠦ᠋ᠨ ᠴᠧᠨ᠂ ᠰᠢᠨ ᠴᠦᠨ ᠶᠢᠩ᠂ ᠯᠧᠦ ᠴᠢᠨ ᠵᠢᠶᠠᠨ᠂ ᠺᠦᠩ ᠱᠤᠤ ᠰᠢᠶᠦ᠋ᠨ᠂ ᠸᠠᠩ ᠶᠠᠩ᠎ᠢ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ ᠪᠤᠯᠭᠠᠬᠤ᠎ᠪᠠᠷ ᠲᠣᠭᠲᠠᠪᠠ᠃ ᠬᠤᠷᠠᠯ᠎ᠡᠴᠡ ᠯᠧᠦ ᠴᠢᠨ ᠵᠢᠶᠠᠨ᠎ᠢ ᠶᠡᠬᠡ ᠬᠤᠷᠠᠯ᠎ᠤᠨ ᠥᠭᠦᠯᠡᠭᠴᠢ᠎ᠶᠢᠨ ᠲᠤᠰᠢᠶᠠᠯ᠎ᠢ ᠬᠠᠪᠰᠤᠷᠭᠠᠨ ᠡᠭᠦᠷᠭᠡᠯᠡᠭᠦᠯᠬᠦ ᠪᠡᠷ ᠲᠣᠭᠲᠠᠪᠠ᠃
ᠬᠤᠷᠠᠯ᠎ᠡᠴᠡ ᠪᠠᠲᠤᠯᠠᠯᠲᠠ ᠬᠢᠬᠦ ᠪᠡᠷ ᠲᠠᠮᠵᠢᠨ᠂ ᠶᠡᠬᠡ ᠬᠤᠷᠠᠯ᠎ᠤᠨ ᠬᠤᠭᠤᠴᠠᠭᠠᠨ᠎ᠳᠤ ᠲᠥᠯᠥᠭᠡᠯᠡᠭᠴᠢᠳ᠎ᠦᠨ ᠰᠠᠨᠠᠯ ᠵᠥᠪᠯᠡᠯᠭᠡ ᠳᠤᠷᠠᠳᠬᠤ ᠴᠠᠭ᠎ᠢ 3 ᠰᠠᠷ᠎ᠠ᠎ᠶᠢᠨ 8 ᠤ᠋ 12 ᠴᠠᠭ᠎ᠢᠶᠠᠷ ᠬᠢᠵᠠᠭᠠᠷᠯᠠᠬᠤ᠎ᠪᠠᠷ ᠲᠣᠭᠲᠠᠪᠠ᠃ ᠬᠤᠷᠠᠯ᠎ᠤᠨ ᠬᠤᠭᠤᠴᠠᠭᠠᠨ᠎ᠳᠤ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠡᠴᠡ ᠲᠥᠯᠥᠭᠡᠯᠡᠭᠴᠢᠳ᠎ᠦᠨ ᠪᠦᠯᠬᠦᠮ ᠪᠠ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠤᠭᠤᠴᠠᠭᠠᠨ᠎ᠳᠤ ᠳᠤᠷᠠᠳᠤᠭᠰᠠᠨ ᠰᠠᠨᠠᠯ ᠵᠥᠪᠯᠡᠯᠭᠡ᠎ᠶᠢ ᠰᠤᠳᠤᠯᠵᠤ᠂ ᠰᠢᠢᠳᠪᠦᠷᠢᠯᠡᠬᠦ ᠰᠠᠨᠠᠯ ᠳᠤᠷᠠᠳᠴᠤ᠂ ᠲᠡᠷᠢᠭᠦᠯᠡᠭᠴᠢᠳ᠎ᠦᠨ ᠪᠦᠯᠬᠦᠮ᠎ᠳᠦ ᠮᠡᠳᠡᠭᠦᠯᠤᠨ ᠲᠣᠭᠲᠠᠭᠠᠯ ᠭᠠᠷᠭᠠᠯᠭᠠᠬᠤ ᠪᠤᠯᠤᠨ᠎ᠠ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶᠢᠨ 4᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃