2025-03-05 09:25:42
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ 4 ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠥᠴᠢᠨ ᠨᠢᠭᠡᠳᠦᠭᠡᠷ ᠤᠳᠠᠭ᠎ᠠ᠎ᠶᠢᠨ ᠬᠣᠷᠢᠶᠠᠨ ᠳᠠᠷᠤᠭ᠎ᠠ᠎ᠶᠢᠨ ᠬᠤᠷᠠᠯ ᠬᠤᠷᠠᠯᠳᠤᠭᠤᠯᠪᠠ᠃ ᠬᠣᠷᠢᠶᠠᠨ ᠳᠠᠷᠤᠭ᠎ᠠ ᠵᠣᠣ ᠯᠸ ᠵᠢᠶ ᠬᠤᠷᠠᠯ ᠢ᠋ ᠡᠷᠭᠢᠯᠡᠵᠡᠢ᠃
ᠬᠤᠷᠠᠯ ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠨᠠᠷᠢᠨ ᠪᠢᠴᠢᠭ᠎ᠦᠨ ᠳᠠᠷᠤᠭ᠎ᠠ ᠯᠢᠦ ᠴᠢ᠎ᠶ᠋ᠢᠨ ᠬᠢᠭ᠌ᠰᠡᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠠ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ᠎ᠦᠨ ᠲᠥᠰᠦᠯ᠂ ᠵᠥᠪᠯᠡᠬᠦ᠌ ᠵᠦᠢᠯ᠎ᠦᠨ ᠲᠥᠰᠦᠯ᠎ᠢ ᠬᠢᠨᠠᠨ ᠵᠥᠪᠯᠡᠭ᠌ᠰᠡᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠣᠶᠠᠷ ᠲᠥᠰᠦᠯ᠎ᠢ ᠲᠤᠰ ᠲᠤᠰ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠪᠡᠯᠡᠳᠭᠡᠯ ᠬᠤᠷᠠᠯ᠎ᠳᠤ ᠳᠡᠪᠱᠢᠭᠦᠯᠦᠨ ᠰᠣᠩᠭᠣᠭᠤᠯᠢ ᠬᠢᠯᠭᠡᠬᠦ᠌ ᠪᠠ ᠪᠠᠲᠤᠯᠠᠯᠲᠠ ᠬᠢᠯᠭᠡᠬᠦ᠌ ᠪᠡᠷ ᠲᠣᠭ᠍ᠲᠠᠪᠠ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠳᠡᠳ᠋ ᠬᠤᠷᠢᠶᠠᠨ ᠳᠠᠷᠤᠭ᠎ᠠ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠱᠢᠤᠸᠠᠢᠺᠸᠯᠠᠢ᠌ᠲ· ᠵᠠᠺᠸᠯ ᠬᠤᠷᠠᠯ᠎ᠳᠤ ᠣᠷᠣᠯᠴᠠᠵᠠᠢ᠃
3 ᠤ᠋ ᠦᠳᠡ᠎ᠶ᠋ᠢᠨ ᠬᠣᠢᠨ᠎ᠠ ᠪᠠ ᠤᠷᠤᠢ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠳᠤ ᠣᠷᠣᠯᠴᠠᠬᠤ ᠡᠯ᠎ᠡ ᠲᠥᠯᠥᠭᠡᠯᠡᠭ᠌ᠴᠢᠳ᠎ᠦᠨ ᠪᠦᠯᠬᠦᠮ ᠬᠤᠷᠠᠯ ᠬᠤᠷᠠᠯᠳᠤᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠠ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ᠎ᠦᠨ ᠲᠥᠰᠦᠯ᠂ ᠵᠥᠪᠯᠡᠬᠦ᠌ ᠵᠦᠢᠯ᠎ᠦᠨ ᠲᠥᠰᠦᠯ᠎ᠢ ᠬᠢᠨᠠᠨ ᠵᠥᠪᠯᠡᠪᠡ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃