2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-10 14:42:19

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠸᠠᠩ ᠬᠤ᠌ ᠨᠢᠩ ᠬᠤᠷᠠᠯ᠎ᠳᠤ ᠣᠷᠣᠯᠴᠠᠵᠠᠢ

ᠤᠯᠤᠰ ᠲᠦᠷᠦ᠎ᠶᠢᠨ ᠵᠥᠪᠯᠡᠯᠭᠡᠨ᠎ᠦ 14 ᠭᠡᠰᠢᠭᠦᠨ ᠶᠡᠬᠡ ᠬᠤᠷᠠᠯ ᠳᠡᠭᠡᠷ᠎ᠡ ᠦᠭᠡ ᠬᠡᠯᠡᠪᠡ


ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠵᠢᠨ ᠭᠤᠷᠪᠠᠳᠤᠭᠠᠷ ᠬᠤᠷᠠᠯ 9᠎ᠤ᠋ ᠦᠳᠡ᠎ᠶᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠭᠤᠷᠪᠠᠳᠤᠭᠠᠷ ᠪᠦᠬᠦᠳᠡ ᠬᠤᠷᠠᠯ ᠬᠢᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠎ᠶᠢᠨ ᠲᠣᠪᠴᠢᠶᠠᠨ᠎ᠤ ᠪᠠᠢᠩᠭᠤ᠎ᠶᠢᠨ ᠭᠡᠰᠢᠭᠦᠨ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠲᠡᠷᠢᠭᠦᠯᠡᠭᠴᠢ ᠸᠠᠩ ᠬ᠍ᠤ᠌ ᠨᠢᠩ ᠬᠤᠷᠠᠯ᠎ᠳᠤ ᠣᠷᠣᠯᠴᠠᠪᠠ᠃ ᠤᠯᠤᠰ ᠲᠦᠷᠦ᠎ᠶᠢᠨ ᠵᠥᠪᠯᠡᠯᠭᠡᠨ᠎ᠦ 14 ᠭᠡᠰᠢᠭᠦᠨ ᠶᠡᠬᠡ ᠬᠤᠷᠠᠯ ᠳᠡᠭᠡᠷ᠎ᠡ ᠦᠭᠡ ᠬᠡᠯᠡᠵᠠᠢ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠂ ᠲᠥᠪ᠎ᠦᠨ ᠤᠬᠠᠭᠤᠯᠬᠤ ᠬᠡᠯᠲᠡᠰ᠎ᠦᠨ ᠳᠠᠷᠤᠭ᠎ᠠ ᠯᠢ ᠱᠣ᠌ ᠯᠧᠢ᠂ ᠲᠦᠷᠦ᠎ᠶᠢᠨ ᠶᠠᠪᠤᠳᠠᠯ᠎ᠤᠨ ᠭᠡᠰᠢᠭᠦᠨ᠂ ᠳᠣᠲᠣᠭᠠᠳᠤ᠎ᠶᠢ ᠬᠠᠮᠠᠭᠠᠯᠠᠬᠤ ᠶᠠᠮᠤᠨ᠎ᠤ ᠰᠠᠢᠳ ᠸᠠᠩ ᠰᠢᠶᠣᠣ ᠬᠣᠩ ᠵᠢᠴᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠤᠷᠢᠶ᠎ᠠ᠎ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠤᠷᠢᠯᠭ᠎ᠠ ᠪᠠᠷ ᠬᠤᠷᠠᠯ᠎ᠳᠤ ᠣᠷᠣᠯᠴᠠᠵᠤ ᠭᠡᠰᠢᠭᠦᠳ᠎ᠤᠨ ᠦᠭᠡ ᠬᠡᠯᠡᠬᠦ᠎ᠶᠢ ᠰᠣᠨᠣᠰᠴᠠᠢ᠃

ᠭᠸ ᠬᠤᠢ ᠵᠢᠶᠦ᠋ᠨ ᠭᠡᠰᠢᠭᠦᠨ ᠦᠭᠡ ᠬᠡᠯᠡᠬᠦ ᠳ᠋ᠡᠭᠡᠨ᠂ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠪᠠᠢᠭᠤᠯᠤᠭᠳᠠᠭᠰᠠᠨ 75 ᠵᠢᠯ᠎ᠦᠨ ᠤᠢ᠎ᠶᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠦᠢᠯᠡᠰ᠎ᠦᠨ ᠬᠥᠭᠵᠢᠯᠲᠡ᠎ᠳᠦ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠳ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠶᠢᠨ ᠪᠠᠢᠭᠤᠯᠤᠯᠲᠠ᠎ᠪᠠᠨ ᠦᠷᠭᠦᠯᠵᠢᠯᠡᠨ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ᠎ᠶᠢᠨ ᠬᠥᠲᠥᠯᠥᠨ ᠳᠠᠭᠠᠭᠤᠯᠬᠤ ᠴᠢᠳᠠᠪᠤᠷᠢ᠎ᠪᠠᠨ ᠳᠡᠭᠡᠭᠰᠢᠯᠡᠭᠦᠯᠦᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠲᠠᠢ ᠤᠶᠠᠯᠳᠤᠭᠤᠯᠤᠨ ᠵᠠᠰᠠᠭ᠎ᠤᠨ ᠶᠠᠪᠤᠳᠠᠯ᠎ᠢ ᠵᠥᠪᠯᠡᠨ ᠰᠠᠨᠠᠯ ᠵᠥᠪᠯᠡᠯᠭᠡ ᠳᠤᠷᠠᠳᠬᠤ ᠴᠢᠳᠠᠪᠤᠷᠢ᠂ ᠤᠯᠠᠨ ᠲᠦᠮᠡᠨ᠎ᠲᠠᠢ ᠬᠠᠷᠢᠯᠴᠠᠵᠤ ᠤᠯᠠᠨ ᠲᠦᠮᠡᠨ᠎ᠳᠦ ᠦᠢᠯᠡᠴᠢᠯᠡᠬᠦ ᠴᠢᠳᠠᠪᠤᠷᠢ ᠪᠠ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠠᠮᠤᠭ᠎ᠤᠨ ᠶᠡᠬᠡ ᠢᠵᠢᠯᠢ ᠲᠥᠪᠲᠦ ᠲᠣᠭᠣᠷᠢᠭ᠋᠎ᠢ ᠰᠠᠢᠲᠤᠷ ᠵᠢᠷᠤᠬᠤ ᠴᠢᠳᠠᠪᠤᠷᠢ᠎ᠲᠠᠢ ᠪᠠᠢᠵᠤ᠂ ᠠᠭᠤᠤ ᠶᠡᠬᠡ ᠦᠢᠯᠡᠰ᠎ᠢ ᠬᠠᠮᠲᠤ᠎ᠪᠠᠷ ᠪᠦᠲᠦᠭᠡᠬᠦ᠂ ᠭᠡᠷᠡᠯ ᠰᠠᠴᠤᠷᠠᠩᠭᠤᠢ ᠦᠢᠯᠡᠰ᠎ᠢ ᠬᠠᠮᠲᠤ᠎ᠪᠠᠷ ᠴᠣᠭᠴᠠᠯᠠᠬᠤ ᠰᠦᠷ ᠳᠠᠯᠠᠢᠴᠠᠲᠠᠢ ᠬᠦᠴᠦᠨ᠎ᠢ ᠥᠷᠭᠡᠨ᠎ᠢᠶᠡᠷ ᠨᠢᠭ᠍ᠲᠠᠷᠠᠭᠤᠯᠬᠤ ᠬᠡᠷᠡᠭᠲᠡᠢ ᠭᠡᠪᠡ᠃

ᠴᠧᠩ ᠬᠣᠩ ᠭᠡᠰᠢᠭᠦᠨ ᠳᠤᠮᠳᠠᠳᠤ ᠤᠯᠤᠰ᠎ᠤᠨ ᠠᠷᠠᠳᠴᠢᠯᠠᠭᠰᠠᠨ ᠬᠣᠯᠪᠣᠭ᠎ᠠ᠎ᠶᠢᠨ ᠲᠥᠪ ᠬᠣᠷᠢᠶ᠎ᠠ᠎ᠶᠢ ᠲᠥᠯᠥᠭᠡᠯᠡᠨ ᠦᠭᠡ ᠬᠡᠯᠡᠬᠦ᠎ᠳᠡᠭᠡᠨ᠂ ᠬᠠᠤᠯᠢ ᠶᠣᠰᠣᠭᠠᠷ ᠵᠠᠰᠠᠭ ᠶᠠᠪᠤᠭᠤᠯᠬᠤ᠎ᠶᠢ ᠭᠦᠨᠵᠡᠭᠡᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠡᠯ᠎ᠡ ᠲᠦᠷᠦᠯ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢᠨ ᠬᠣᠭᠣᠷᠣᠨᠳᠣᠬᠢ ᠡᠷᠬᠡ ᠲᠡᠭᠰᠢ ᠥᠷᠢᠰᠦᠯᠳᠦᠭᠡᠨ᠎ᠢ ᠪᠠᠲᠤᠯᠠᠵᠤ᠂ ᠡᠯ᠎ᠡ ᠲᠦᠷᠦᠯ᠎ᠦᠨ ᠥᠮᠴᠢᠯᠡᠯ᠎ᠦᠨ ᠠᠵᠤ ᠠᠬᠤᠢᠯᠠᠯ᠎ᠤᠨ ᠬᠥᠭᠵᠢᠨ ᠪᠤᠵᠠᠭᠠᠢᠷᠠᠬᠤ᠎ᠶᠢ ᠨᠢᠭᠡ ᠯᠡ ᠠᠳᠠᠯᠢ᠎ᠪᠠᠷ ᠳᠡᠮᠵᠢᠵᠦ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠪᠠᠷᠢᠮᠵᠢᠶᠠᠵᠢᠯᠲᠠ᠂ ᠵᠢᠷᠦᠮᠵᠢᠯᠲᠡ᠂ ᠳᠥᠭᠥᠮᠴᠢᠯᠡᠯᠲᠡ᠎ᠶᠢ ᠠᠬᠢᠭᠤᠯᠵᠤ᠂ ᠵᠠᠰᠠᠭ ᠵᠠᠬᠢᠷᠭᠠᠨ᠎ᠤ ᠬᠠᠮᠢᠶᠠᠷᠤᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠡᠯ᠎ᠡ ᠲᠦᠷᠦᠯ᠎ᠦᠨ ᠥᠮᠴᠢᠯᠡᠯ᠎ᠦᠨ ᠠᠵᠤ ᠠᠬᠤᠢ᠎ᠶᠢᠨ ᠳᠠᠪᠠᠭᠤᠯᠢᠭ᠋᠎ᠢᠶᠠᠷ ᠬᠠᠷᠢᠯᠴᠠᠨ ᠨᠥᠬᠥᠪᠦᠷᠢᠯᠡᠵᠤ᠂ ᠬᠠᠮᠲᠤ᠎ᠪᠠᠷ ᠬᠥᠭᠵᠢᠬᠦ᠎ᠶᠢ ᠠᠬᠢᠭᠤᠯᠪᠠᠯ ᠵᠤᠬᠢᠨ᠎ᠠ ᠭᠡᠪᠡ᠃

ᠲᠦ ᠬᠠᠢ ᠮᠢᠩ ᠭᠡᠰᠢᠭᠦᠨ᠂ ᠣᠢᠷ᠎ᠠ᠎ᠶᠢᠨ ᠵᠢᠯ᠎ᠡᠴᠡ ᠨᠠᠭᠠᠰᠢ᠂ ᠰᠢᠶᠠᠩᠭᠠᠩ᠎ᠤᠨ ᠪᠠᠶᠠᠷᠯᠠᠭᠤᠰᠢᠲᠠᠢ ᠬᠤᠪᠢᠷᠠᠯᠲᠠ ᠤᠯᠠᠨ᠎ᠤ ᠠᠩᠬᠠᠷᠤᠯ᠎ᠢ ᠲᠠᠲᠠᠵᠤ᠂ ᠡᠬᠡ ᠤᠯᠤᠰ ᠪᠣᠯ ᠡᠭᠦᠷᠢᠳᠡ ᠰᠢᠶᠠᠩᠭᠠᠩ᠎ᠤᠨ ᠪᠠᠲᠤ ᠴᠢᠩᠭ᠎ᠠ ᠥᠮᠥᠭ ᠲᠦᠰᠢᠭ ᠪᠣᠯᠬᠤ᠎ᠶᠢ ᠪᠣᠳᠠᠲᠤ ᠶᠠᠪᠤᠳᠠᠯ ᠲᠠᠬᠢᠨ ᠳᠠᠪᠲᠠᠨ ᠭᠡᠷᠡᠴᠢᠯᠡᠪᠡ᠃ ᠰᠢᠨ᠎ᠡ ᠭᠠᠷᠤᠭ᠎ᠠ᠎ᠳᠤ ᠵᠣᠭᠰᠣᠵᠤ᠂ ᠰᠢᠨ᠎ᠡ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠎ᠳᠦ᠂ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭᠵᠢᠭᠦᠯᠬᠦ》 ᠦᠢᠯᠡᠳᠦᠯᠭᠡ᠎ᠶᠢᠨ ᠬᠥᠮᠦᠵᠢᠯ᠎ᠢ ᠭᠦᠨᠵᠡᠭᠡᠢᠷᠡᠭᠦᠯᠵᠦ᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠬᠠᠵᠤ᠂ ᠰᠣᠶᠣᠯ᠎ᠤᠨ ᠢᠲᠡᠭᠡᠯ ᠪᠣᠯᠣᠨ ᠤᠯᠤᠰ᠎ᠤᠨ ᠬᠠᠮᠲᠤ᠎ᠶᠢᠨ ᠲᠠᠨᠢᠯᠲᠠ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠮᠲᠤ᠎ᠶᠢᠨ ᠲᠠᠨᠢᠯᠲᠠ᠎ᠪᠠᠨ ᠨᠢᠭ᠍ᠲᠠᠷᠠᠭᠤᠯᠵᠤ᠂ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠪᠠᠢᠭᠠᠳ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭᠵᠢᠭᠦᠯᠬᠦ》 ᠦᠢᠯᠡᠳᠦᠯᠭᠡ᠎ᠶᠢᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠬᠤ ᠬᠡᠷᠡᠭᠲᠡᠢ ᠭᠡᠪᠡ᠃

ᠴᠧᠨ ᠵᠢᠶᠦ᠋ᠨ ᠭᠡᠰᠢᠭᠦᠨ ᠲᠠᠢᠸᠠᠨ᠎ᠤ ᠠᠷᠠᠳᠴᠢᠯᠠᠭᠰᠠᠨ ᠥᠪᠡᠷᠲᠡᠭᠡᠨ ᠵᠠᠰᠠᠬᠤ ᠬᠣᠯᠪᠣᠭ᠎ᠠ᠎ᠶᠢᠨ ᠲᠥᠪ ᠬᠣᠷᠢᠶ᠎ᠠ᠎ᠶᠢ ᠲᠥᠯᠥᠭᠡᠯᠡᠨ ᠦᠭᠡ ᠬᠡᠯᠡᠬᠦ᠎ᠳᠡᠭᠡᠨ᠂ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ᠎ᠶᠢᠨ ᠰᠣᠶᠣᠯ ᠪᠣᠯ ᠬᠣᠶᠠᠷ ᠬᠥᠪᠡᠭᠡᠨ᠎ᠦ ᠠᠬ᠎ᠠ ᠳᠡᠭᠦᠦ ᠨᠠᠷ᠎ᠦᠨ ᠬᠠᠮᠲᠤ᠎ᠶᠢᠨ ᠦᠨᠳᠦᠰᠦ ᠪᠠ ᠰᠦᠭ ᠰᠦᠨᠡᠰᠦ ᠮᠥᠨ᠃ ᠬᠣᠶᠠᠷ ᠬᠦᠪᠡᠭᠡᠨ᠎ᠤ ᠰᠣᠶᠣᠯ᠎ᠤᠨ ᠰᠣᠯᠢᠯᠴᠠᠭ᠎ᠠ ᠬᠠᠮᠲᠤᠷᠠᠯᠴᠠᠭ᠎ᠠ᠎ᠳᠤ ᠪᠠᠲᠤ ᠪᠡᠬᠢ ᠥᠷᠭᠡᠨ ᠠᠭᠤᠳᠠᠮ ᠲᠠᠪᠴᠠᠩ᠎ᠢ ᠢᠳᠡᠪᠬᠢᠲᠡᠢ᠎ᠪᠡᠷ ᠪᠠᠢᠭᠤᠯᠤᠨ ᠥᠭᠴᠦ᠂ ᠬᠤᠶᠠᠷ ᠬᠦᠪᠡᠭᠡᠨ᠎ᠤ ᠠᠬ᠎ᠠ ᠳᠡᠭᠦᠦ ᠨᠠᠷ᠎ᠲᠦ ᠬᠤᠶᠠᠷ ᠬᠦᠪᠡᠭᠡᠨ᠎ᠤ ᠲᠡᠦᠬᠡ᠂ ᠰᠣᠶᠣᠯ᠂ ᠴᠢᠰᠤᠨ ᠤᠳᠤᠮ᠎ᠤᠨ ᠲᠥᠷᠥᠯᠬᠢ ᠳᠣᠲᠣᠨᠣ᠌ ᠬᠠᠷᠢᠴᠠᠭ᠎ᠠ᠎ᠶᠢ ᠭᠦᠨᠵᠡᠭᠡᠢ ᠣᠢᠯᠠᠭᠠᠭᠤᠯᠵᠤ᠂ ᠳᠤᠮᠳᠠᠳᠤ᠎ᠶᠢᠨ ᠰᠣᠶᠣᠯ᠎ᠤᠨ ᠢᠲᠡᠭᠡᠯ᠎ᠢ ᠨᠡᠩ ᠪᠠᠲᠤᠳᠬᠠᠵᠤ᠂ ᠦᠨᠳᠦᠰᠦᠲᠡᠨ᠎ᠦ ᠬᠠᠮᠳᠦ ᠵᠢᠨ ᠲᠠᠨᠢᠯᠲᠠ ᠵᠢ ᠨᠡᠮᠡᠭᠳᠡᠭᠦᠯᠵᠦ᠂ ᠰᠡᠳᠬᠢᠯ ᠰᠠᠨᠠᠭᠠᠨ᠎ᠤ ᠠᠭᠤᠰᠤᠯᠴᠠᠯ᠎ᠢ ᠠᠬᠢᠭᠤᠯᠵᠤ᠂ ᠬᠤᠶᠠᠷ ᠬᠦᠪᠡᠭᠡᠨ᠎ᠤ ᠬᠠᠷᠢᠴᠠᠭ᠎ᠠ᠎ᠶᠢ ᠨᠠᠢᠷᠠᠮᠳᠠᠯ᠎ᠢᠶᠠᠷ ᠬᠥᠭᠵᠢᠭᠦᠯᠬᠦ᠂ ᠠᠭᠤᠰᠤᠯᠴᠠᠭᠤᠯᠤᠨ ᠬᠥᠭᠵᠢᠭᠦᠯᠬᠦ ᠠᠷᠠᠳ᠎ᠤᠨ ᠰᠠᠨᠠᠭᠠᠨ᠎ᠤ ᠰᠠᠭᠤᠷᠢ᠎ᠶᠢ ᠪᠠᠲᠤᠳᠬᠠᠵᠤ᠂ ᠡᠬᠡ ᠤᠯᠤᠰ᠎ᠤᠨ ᠨᠢᠭᠡᠳᠦᠯ᠎ᠢ ᠠᠬᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠪᠠᠯ ᠵᠤᠬᠢᠨ᠎ᠠ ᠭᠡᠪᠡ᠃

ᠯᠢᠦ ᠶᠠ ᠬᠤᠸᠠᠩ ᠭᠡᠰᠢᠭᠦᠨ ᠦᠭᠡ ᠬᠡᠯᠡᠬᠦ᠎ᠳᠡᠭᠡᠨ᠂ ᠲᠡᠷᠢᠭᠦᠯᠡᠭᠴᠢ ᠰᠢ᠎ᠶᠢᠨ ᠫᠢᠩ ᠨᠢᠳᠤᠨᠤᠨ᠎ᠤ 12 ᠰᠠᠷ᠎ᠠ᠎ᠳᠤ ᠪᠡᠶ᠎ᠡ᠎ᠪᠡᠷ᠎ᠢᠶᠡᠨ ᠣᠣᠮᠧᠨ᠎ᠳᠦ ᠬᠦᠷᠴᠦ᠂ 《ᠨᠢᠭᠡ ᠤᠯᠤᠰ ᠲᠦ᠍ ᠬᠣᠶᠠᠷ ᠪᠠᠢᠭᠤᠯᠤᠯ᠎ᠢ ᠬᠡᠷᠡᠭᠵᠢᠭᠦᠯᠬᠦ》 ᠵᠢᠨ ᠢᠯᠡᠷᠬᠡᠢ ᠪᠠᠢᠭᠤᠯᠤᠯ᠎ᠤᠨ ᠳᠠᠪᠠᠭᠤᠯᠢᠭ᠋ ᠪᠣᠯᠣᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠭᠦᠨᠵᠡᠭᠡᠢ ᠲᠠᠢᠯᠪᠤᠷᠢᠯᠠᠵᠤ᠂ ᠪᠢᠳᠡᠨ᠎ᠳᠦ ᠰᠢᠨ᠎ᠡ ᠲᠡᠮᠡᠴᠡᠯ᠎ᠦᠨ ᠣᠷᠣᠨ ᠪᠠᠢᠷᠢ ᠣᠯᠭᠣᠵᠠᠢ᠃ ᠰᠢᠨ᠎ᠡ ᠴᠠᠭ ᠦᠶ᠎ᠡ᠎ᠶᠢᠨ ᠣᠣᠮᠧᠨ ᠬᠥᠭᠵᠢᠯᠲᠡ᠎ᠶᠢᠨ ᠪᠠᠢᠷᠢ ᠲᠣᠭᠲᠠᠭᠠᠯᠲᠠ᠎ᠪᠠᠨ ᠲᠣᠳᠣᠷᠬᠠᠢ ᠪᠣᠯᠭᠠᠨ᠂ ᠠᠵᠤ ᠠᠬᠤᠢ᠎ᠶᠢᠨ ᠵᠣᠬᠢᠰᠲᠠᠢ ᠤᠯᠠᠨ ᠡᠰᠢᠴᠢᠯᠡᠭᠰᠡᠨ ᠬᠥᠭᠵᠢᠯᠲᠡ᠎ᠶᠢ ᠠᠬᠢᠭᠤᠯᠤᠨ᠂ ᠵᠠᠰᠠᠯᠲᠠ᠎ᠶᠢᠨ ᠰᠢᠰᠲ᠋ᠸᠮ᠎ᠢ ᠰᠢᠯᠢᠳᠡᠭᠵᠢᠭᠦᠯᠵᠦ᠂ ᠳᠦᠷᠢᠮ᠂ ᠠᠵᠤ ᠠᠬᠤᠢ ᠠᠷᠠᠯᠵᠢᠶ᠎ᠠ᠂ ᠴᠢᠳᠠᠪᠤᠷᠢᠲᠠᠨ ᠵᠡᠷᠭᠡ ᠲᠠᠪᠴᠠᠩ᠎ᠢ ᠰᠠᠢᠲᠤᠷ ᠪᠠᠢᠭᠤᠯᠵᠤ᠂ ᠳᠤᠮᠳᠠᠳᠤ ᠦᠷᠦᠨᠡᠳᠠᠬᠢᠨ᠎ᠤ ᠪᠣᠯᠪᠠᠰᠤᠨ᠎ᠤ ᠰᠣᠯᠢᠯᠴᠠᠭ᠎ᠠ ᠬᠢᠵᠦ ᠲᠤᠯᠢ ᠪᠤᠯᠭᠠᠬᠤ ᠴᠣᠩᠬᠤᠪᠴᠢ᠎ᠶᠢ ᠪᠠᠢᠭᠤᠯᠵᠤ᠂ 《ᠨᠢᠭᠡ ᠤᠯᠤᠰ ᠲᠦ᠍ ᠬᠣᠶᠠᠷ ᠪᠠᠢᠭᠤᠯᠤᠯ᠎ᠢ ᠬᠡᠷᠡᠭᠵᠢᠭᠦᠯᠬᠦ》 ᠵᠢᠨ ᠠᠮᠵᠢᠯᠲᠠ᠎ᠲᠠᠢ ᠦᠢᠯᠡᠳᠦᠯᠭᠡ᠎ᠶᠢ ᠤᠬᠠᠭᠤᠯᠤᠨ ᠲᠠᠨᠢᠯᠴᠠᠭᠤᠯᠵᠤ᠂ ᠣᠣᠮᠧᠨ᠎ᠦ ᠣᠨᠴᠠᠯᠢᠭ᠋᠎ᠲᠠᠢ 《ᠨᠢᠭᠡ ᠤᠯᠤᠰ ᠲᠦ᠍ ᠬᠣᠶᠠᠷ ᠪᠠᠢᠭᠤᠯᠤᠯ᠎ᠢ ᠬᠡᠷᠡᠭᠵᠢᠭᠦᠯᠬᠦ》 ᠵᠢᠨ ᠦᠢᠯᠡᠳᠦᠯᠭᠡ᠎ᠶᠢᠨ ᠰᠢᠨ᠎ᠡ ᠠᠤᠭ᠎ᠠ ᠠᠮᠵᠢᠯᠲᠠ᠎ᠶᠢ ᠦᠷᠭᠦᠯᠵᠢᠯᠡᠨ ᠡᠭᠦᠳᠬᠦ ᠬᠡᠷᠡᠭᠲᠡᠢ ᠭᠡᠪᠡ᠃

ᠨᠢᠶᠸ ᠰᠢᠨ ᠭᠡᠰᠢᠭᠦᠨ ᠨᠠᠮ ᠪᠦᠯᠦᠭ᠎ᠦᠨ ᠪᠤᠰᠤ ᠬᠥᠮᠥᠰ᠎ᠦᠨ ᠡᠲᠡᠭᠡᠳ᠎ᠢ ᠲᠥᠯᠥᠭᠡᠯᠡᠨ ᠦᠭᠡ ᠬᠡᠯᠡᠬᠦ᠎ᠳᠡᠭᠡᠨ᠂ ᠠᠷᠠᠳ ᠢᠷᠭᠡᠳ᠎ᠦᠨ ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠢ ᠳᠡᠭᠡᠭᠰᠢᠯᠡᠭᠦᠯᠤᠨ᠂ ᠬᠠᠤᠯᠢ᠎ᠪᠠᠷ ᠵᠠᠰᠠᠬᠤ ᠨᠡᠢᠭᠡᠮ᠎ᠦᠨ ᠪᠠᠢᠭᠤᠯᠤᠯᠲᠠ᠎ᠶᠢ ᠠᠬᠢᠭᠤᠯᠬᠤ᠎ᠳᠤ ᠡᠷᠬᠡᠪᠰᠢ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠦᠨ ᠠᠭᠤᠯᠭ᠎ᠠ ᠪᠠ ᠬᠡᠯᠪᠡᠷᠢ᠎ᠶᠢᠨ ᠲᠠᠯ᠎ᠠ᠎ᠪᠠᠷ ᠰᠢᠨ᠎ᠡ ᠡᠭᠦᠳᠦᠯᠲᠡ᠎ᠲᠠᠢ ᠪᠠᠢᠬᠤ ᠬᠡᠷᠡᠭᠲᠡᠢ᠃ ᠰᠣᠩᠭᠣᠳᠠᠭ ᠬᠡᠷᠡᠭ᠎ᠦᠨ ᠵᠢᠱ᠌ᠢᠶ᠎ᠡ᠎ᠶᠢᠨ ᠪᠣᠷᠣ᠌ ᠮᠠᠲᠧᠷᠢᠶᠠᠯ᠎ᠢ ᠭᠦᠢᠴᠡᠳ ᠠᠰᠢᠭ᠍ᠯᠠᠵᠤ᠂ ᠺᠢᠨᠣ᠋᠂ ᠲᠧᠯᠸᠢᠰ ᠵᠦᠴᠦᠭᠡ᠂ ᠪᠠᠷᠢᠮᠲᠠᠲᠤ ᠺᠢᠨᠣ᠋᠂ ᠣᠬᠣᠷ ᠸᠢᠳᠢᠤ᠋ ᠵᠡᠷᠭᠡ ᠬᠡᠯᠪᠡᠷᠢ ᠪᠡᠷ ᠬᠠᠤᠯᠢ ᠪᠡᠷ ᠵᠠᠰᠠᠬᠤ ᠦᠯᠢᠭᠡᠷ᠎ᠢ ᠰᠠᠢᠲᠤᠷ ᠶᠠᠷᠢᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠬᠠᠤᠯᠢ ᠴᠠᠭᠠᠵᠠ᠎ᠶᠢᠨ ᠰᠣᠶᠣᠯ᠎ᠳᠤ ᠠᠭᠤᠯᠤᠭᠳᠠᠵᠤ ᠪᠠᠢᠭ᠎ᠠ ᠡᠯᠪᠡᠭ ᠪᠠᠶᠠᠯᠢᠭ᠋ ᠬᠠᠤᠯᠢ ᠪᠡᠷ ᠵᠠᠰᠠᠬᠤ ᠦᠵᠡᠯ ᠰᠠᠨᠠᠭ᠎ᠠ ᠪᠣᠯᠣᠨ ᠭᠦᠨ ᠭᠦᠨᠵᠡᠭᠡᠢ ᠤᠯᠤᠰ ᠲᠦᠷᠦ᠎ᠶᠢᠨ ᠤᠶᠤᠨ ᠤᠬᠠᠭᠠᠨ᠎ᠢ ᠰᠢᠩᠭᠡᠬᠡᠨ ᠠᠪᠴᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠬᠠᠤᠯᠢ ᠴᠠᠭᠠᠵᠠ᠎ᠶᠢᠨ ᠰᠣᠶᠣᠯ᠎ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ᠎ᠶᠢ ᠡᠭᠦᠳᠬᠦ ᠴᠢᠨᠠᠷᠲᠠᠢ ᠬᠥᠭᠵᠢᠯᠲᠡ᠎ᠶᠢ ᠠᠬᠢᠭᠤᠯᠪᠠᠯ ᠵᠤᠬᠢᠨ᠎ᠠ ᠭᠡᠪᠡ᠃

ᠰᠦᠨ ᠶᠧ ᠯᠢ ᠭᠡᠰᠢᠭᠦᠨ ᠦᠭᠡ ᠬᠡᠯᠡᠬᠦ᠎ᠳᠡᠭᠡᠨ᠂ ᠰᠣᠶᠣᠯ᠎ᠤᠨ ᠪᠦᠲᠦᠭᠡᠭᠳᠡᠬᠦᠨ᠂ ᠤᠳᠬ᠎ᠠ ᠤᠷᠠᠯᠢᠭ᠋᠎ᠤᠨ ᠪᠦᠲᠦᠭᠡᠯ ᠶᠣᠰᠣ᠌ ᠤᠴᠢᠷ᠎ᠢ ᠭᠦᠨᠵᠡᠭᠡᠢ ᠪᠥᠭᠡᠳ ᠣᠢᠯᠠᠭᠠᠮᠵᠢᠲᠠᠢ ᠶᠠᠷᠢᠵᠤ᠂ ᠨᠠᠮ᠎ᠤᠨ ᠰᠢᠨ᠎ᠡ ᠵᠢ ᠡᠭᠦᠳᠬᠦ ᠤᠨᠤᠯ᠎ᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠬᠤ᠎ᠶᠢ ᠠᠬᠢᠭᠤᠯᠬᠤ ᠬᠡᠷᠡᠭᠲᠡᠢ; ᠳᠤᠮᠳᠠᠳᠤ᠎ᠶᠢᠨ ᠦᠨᠳᠦᠰᠦᠲᠡᠨ᠎ᠦ ᠰᠣᠶᠣᠯ᠎ᠤᠨ ᠭᠣᠣᠯ ᠴᠣᠭᠴᠠᠲᠤ ᠴᠢᠨᠠᠷ᠎ᠢ ᠥᠨᠳᠥᠷ ᠮᠠᠨᠳᠤᠭᠤᠯᠵᠤ᠂ ᠦᠨᠳᠦᠰᠦᠲᠡᠨ᠎ᠨᠦᠭᠦᠳ᠎ᠦᠨ ᠬᠥᠮᠥᠰ᠎ᠦᠨ ᠰᠡᠳᠬᠢᠯ᠎ᠢ ᠨᠢᠭ᠍ᠲᠠᠷᠠᠭᠤᠯᠬᠤ᠂ ᠤᠶᠤᠨ ᠰᠠᠨᠠᠭᠠᠨ᠎ᠤ ᠲᠦᠰᠢᠯᠴᠡᠯ᠎ᠢ ᠠᠬᠢᠭᠤᠯᠬᠤ ᠬᠡᠷᠡᠭᠲᠡᠢ; ᠰᠣᠶᠣᠯ᠎ᠤᠨ ᠲᠦᠮᠡᠨ ᠪᠤᠳᠠᠰ᠎ᠢ ᠤᠮᠳᠠᠯᠠᠬᠤ᠂ ᠦᠯᠦ ᠮᠡᠳᠡᠭᠳᠡᠮ᠎ᠠ ᠨᠦᠯᠦᠭᠡᠯᠡᠬᠦ ᠦᠢᠯᠡᠳᠦᠯ᠎ᠢ ᠰᠠᠢᠲᠤᠷ ᠪᠠᠳᠠᠷᠠᠭᠤᠯᠵᠤ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶᠢ ᠤᠷᠠᠯᠢᠭ᠍ᠵᠢᠭᠤᠯᠵᠤ᠂ ᠪᠣᠳᠠᠲᠠᠢᠵᠢᠭᠤᠯᠬᠤ ᠬᠡᠷᠡᠭᠲᠡᠢ; ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶᠢ ᠳᠡᠮᠵᠢᠬᠦ ᠳᠤᠮᠳᠠᠬᠢ ᠰᠣᠶᠣᠯ᠎ᠤᠨ ᠥᠪᠡᠷᠮᠢᠴᠡ ᠦᠢᠯᠡᠳᠦᠯ᠎ᠢ ᠭᠦᠢᠴᠡᠳ ᠪᠠᠳᠠᠷᠠᠭᠤᠯᠵᠤ᠂ ᠪᠦᠬᠦ ᠲᠠᠯ᠎ᠠ᠎ᠪᠠᠷ ᠤᠯᠠᠨ ᠳᠡᠰ ᠳᠠᠪᠬᠤᠷᠭ᠎ᠠ᠎ᠪᠠᠷ ᠪᠠᠶᠠᠯᠢᠭ᠋ ᠰᠠᠢᠬᠠᠨ ᠰᠣᠶᠣᠯ᠎ᠤᠨ ᠰᠣᠯᠢᠯᠴᠠᠭ᠎ᠠ᠎ᠶᠢ ᠥᠷᠨᠢᠭᠦᠯᠬᠦ ᠬᠡᠷᠡᠭᠳᠡᠢ ᠭᠡᠪᠡ᠃

ᠵᠠᠩ ᠭᠤᠸᠠᠩ ᠬᠠᠨ ᠭᠡᠰᠢᠭᠦᠨ ᠦᠭᠡ ᠬᠡᠯᠡᠬᠦ᠎ᠳᠡᠭᠡᠨ᠂ ᠰᠣᠶᠣᠯ᠎ᠤᠨ ᠥᠪ ᠨᠢ ᠭᠡᠷᠡᠯ ᠰᠠᠴᠤᠷᠠᠩᠭᠤᠢ ᠪᠣᠯᠪᠠᠰᠤᠨ᠎ᠢ ᠠᠴᠢᠶᠠᠯᠠᠵᠤ᠂ ᠲᠡᠦᠬᠡ ᠰᠣᠶᠣᠯ᠎ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ᠎ᠦ ᠵᠣᠷᠢᠭ᠋ ᠰᠠᠨᠠᠭ᠎ᠠ᠎ᠶᠢ ᠬᠤᠯᠪᠤᠵᠤ᠂ ᠲᠠᠬᠢᠨ ᠡᠭᠦᠰᠦᠰᠢ ᠦᠭᠡᠢ᠂ ᠣᠷᠣᠯᠠᠭᠤᠯᠵᠤ ᠪᠣᠯᠣᠰᠢ ᠦᠭᠡᠢ ᠬᠣᠪᠣᠷ ᠨᠠᠨᠳᠢᠨ ᠡᠬᠢ ᠪᠠᠶᠠᠯᠢᠭ᠋ ᠮᠥᠨ᠃ ᠰᠣᠶᠣᠯ᠎ᠤᠨ ᠥᠪ᠎ᠦᠨ ᠶᠡᠬᠡ ᠬᠠᠮᠠᠭᠠᠯᠠᠯᠲᠠ᠎ᠶᠢᠨ ᠪᠠᠢᠷᠢᠰᠢᠯ᠎ᠢ ᠲᠦᠷᠭᠡᠳᠬᠡᠨ ᠪᠠᠢᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ᠎ᠢ ᠲᠡᠭᠦᠯᠳᠡᠷᠵᠢᠭᠦᠯᠵᠤ᠂ ᠬᠢᠨᠠᠨ ᠬᠠᠮᠢᠶᠠᠷᠤᠯᠲᠠ ᠵᠢᠨ ᠠᠷᠭ᠎ᠠ ᠪᠠᠷᠢᠯ᠎ᠤᠨ ᠲᠠᠯ᠎ᠠ᠎ᠪᠠᠷ ᠰᠢᠨ᠎ᠡ᠎ᠶᠢ ᠡᠭᠦᠳᠴᠦ᠂ ᠪᠦᠬᠦ ᠠᠷᠠᠳ᠎ᠤᠨ ᠲᠠᠨᠢᠯᠲᠠ᠎ᠶᠢ ᠳᠡᠭᠡᠭᠰᠢᠯᠡᠭᠦᠯᠵᠤ᠂ ᠰᠣᠶᠣᠯ᠎ᠤᠨ ᠥᠪ᠎ᠦᠨ ᠰᠢᠰᠲᠧᠮᠲᠦ ᠴᠢᠨᠠᠷᠲᠠᠢ ᠬᠠᠮᠠᠭᠠᠯᠠᠯᠲᠠ ᠪᠠ ᠨᠢᠭᠡᠳᠦᠯᠲᠡᠢ ᠬᠢᠨᠠᠨ ᠬᠠᠮᠢᠶᠠᠷᠤᠯᠲᠠ᠎ᠳᠤ ᠪᠦᠬᠦ ᠨᠡᠢᠭᠡᠮ᠎ᠢᠶᠡᠷ᠎ᠢᠶᠡᠨ ᠬᠠᠮᠲᠤ᠎ᠪᠠᠷ ᠣᠷᠣᠯᠴᠠᠵᠤ᠂ ᠲᠤᠰᠠᠯᠠᠨ ᠳᠡᠮᠵᠢᠵᠤ᠂ ᠠᠬᠢᠭᠤᠯᠬᠤ ᠬᠡᠷᠡᠭᠲᠡᠢ ᠭᠡᠪᠡ᠃

ᠳᠦ ᠵᠠᠨ ᠶᠤᠸᠠᠨ ᠭᠡᠰᠢᠭᠦᠨ ᠦᠭᠡ ᠬᠡᠯᠡᠬᠦ᠎ᠳᠡᠭᠡᠨ᠂ ᠳᠡᠯᠡᠬᠡᠢ ᠨᠡᠢᠭᠡᠮ᠎ᠳᠦ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠥᠷᠭᠡᠨ᠎ᠢᠶᠡᠷ ᠤᠬᠠᠭᠤᠯᠤᠨ ᠲᠠᠨᠢᠯᠴᠠᠭᠤᠯᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠥᠭᠡᠷᠡᠴᠢᠯᠡᠯᠲᠡ ᠬᠥᠭᠵᠢᠯᠲᠡ᠎ᠶᠢᠨ ᠦᠯᠢᠭᠡᠷ᠎ᠢ ᠰᠠᠢᠲᠤᠷ ᠶᠠᠷᠢᠵᠤ᠂ ᠳᠤᠮᠳᠠᠳᠤ ᠭᠠᠳᠠᠭᠠᠳᠤ᠎ᠶᠢᠨ ᠰᠣᠶᠣᠯ ᠢᠷᠭᠡᠨᠰᠢᠯ᠎ᠦᠨ ᠰᠣᠯᠢᠯᠴᠠᠭ᠎ᠠ᠎ᠶᠢ ᠳᠡᠮᠵᠢᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠨ᠋ᠸᠷᠭᠢ ᠤᠯᠭᠤᠯᠲᠠ ᠵᠢ ᠳᠡᠯᠡᠬᠡᠢ᠎ᠳᠦ ᠤᠯᠠᠮᠵᠢᠯᠠᠬᠤ᠎ᠶᠢ ᠠᠬᠢᠭᠤᠯᠵᠤ᠂ ᠮᠠᠨ᠎ᠤ ᠤᠯᠤᠰ᠎ᠤᠨ ᠶᠡᠷᠦᠩᠬᠡᠢᠯᠡᠭᠰᠡᠨ ᠤᠯᠤᠰ᠎ᠤᠨ ᠬᠦᠴᠦᠨ ᠪᠣᠯᠣᠨ ᠳᠡᠯᠡᠬᠡᠢ᠎ᠳᠡᠬᠢ ᠪᠠᠢᠷᠢ ᠰᠠᠭᠤᠷᠢ᠎ᠲᠠᠢ ᠵᠣᠬᠢᠴᠠᠭᠰᠠᠨ ᠰᠣᠶᠣᠯ᠎ᠤᠨ ᠨᠥᠯᠥᠭᠡᠯᠡᠬᠦ ᠬᠦᠴᠦᠨ᠎ᠢ ᠪᠦᠷᠢᠯᠳᠦᠭᠦᠯᠬᠦ ᠬᠡᠷᠡᠭᠲᠡᠢ ᠭᠡᠪᠡ᠃

ᠵᠠᠩ ᠺᠦᠨ ᠭᠡᠱᠢᠭᠦᠨ ᠡᠪ ᠬᠠᠮᠲᠤ ᠵᠠᠯᠠᠭᠤᠴᠤᠳ᠎ᠤᠨ ᠡᠪᠯᠡᠯ ᠪᠣᠯᠤᠨ ᠵᠠᠯᠠᠭᠤᠴᠤᠳ᠎ᠤᠨ ᠬᠣᠯᠪᠣᠭ᠎ᠠ᠎ᠶ᠋ᠢᠨ ᠬᠢᠨ᠎ᠢ ᠲᠥᠯᠥᠭᠡᠯᠡᠨ ᠦᠭᠡ ᠬᠡᠯᠡᠬᠦ᠌᠎ᠳᠡᠭᠡᠨ᠂ ᠵᠠᠯᠠᠭᠤᠴᠤᠳ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭ᠌ᠵᠢᠭᠦᠯᠬᠦ᠌᠂ ᠳᠤᠮᠳᠠᠳᠤ᠎ᠶ᠋ᠢᠨ ᠪᠣᠯᠪᠠᠰᠤᠨ᠎ᠤ ᠬᠡᠷᠡᠯ ᠭᠢᠯᠪᠠᠭ᠎ᠠ ᠪᠠᠨ ᠲᠠᠬᠢᠨ ᠰᠠᠴᠤᠷᠠᠭᠤᠯᠬᠤ ᠵᠢ ᠠᠬᠢᠭᠤᠯᠬᠤ ᠲᠡᠦᠬᠡ᠎ᠶ᠋ᠢᠨ ᠬᠦᠨᠳᠦ ᠡᠭᠦᠷᠭᠡ᠎ᠶ᠋ᠢ ᠡᠭᠦᠷᠭᠡᠯᠡᠵᠦ᠍ ᠪᠠᠢᠳᠠᠭ᠃ ᠵᠠᠯᠠᠭᠤᠴᠤᠳ᠎ᠤᠨ ᠣᠨᠴᠠᠯᠢᠭ᠎ᠲᠤ ᠤᠢ᠍ᠢᠷᠠᠳᠤᠭᠤᠯᠵᠤ ᠦᠵᠡᠯ ᠰᠠᠨᠠᠭ᠎ᠠ ᠰᠣᠶᠣᠯ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠴᠢᠩᠭᠠᠳᠭᠠᠵᠤ᠂ ᠵᠠᠯᠠᠭᠤᠴᠤᠳ᠎ᠤᠨ ᠤᠶᠤᠨ ᠰᠠᠨᠠᠭ᠎ᠠ ᠰᠣᠶᠣᠯ᠎ᠤᠨ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠵᠤ᠂ ᠰᠣᠶᠣᠯ᠎ᠤᠨ ᠰᠤᠳᠤᠯᠭᠠᠨ᠂ ᠵᠣᠬᠢᠶᠠᠨ ᠪᠦᠲᠦᠭᠡᠬᠦ᠌᠂ ᠤᠯᠠᠮᠵᠢᠯᠠᠬᠤ ᠵᠡᠷᠭᠡ ᠲᠠᠯ᠎ᠠ᠎ᠶ᠋ᠢᠨ ᠵᠠᠯᠠᠭᠤ ᠴᠢᠳᠠᠪᠤᠷᠢᠲᠠᠨ᠎ᠢ ᠶᠡᠬᠡ᠎ᠪᠡᠷ ᠬᠥᠮᠦᠵᠢᠭᠦᠯᠵᠦ᠍᠂ ᠳᠤᠮᠳᠠᠳᠤ᠎ᠶ᠋ᠢᠨ ᠰᠣᠶᠣᠯ᠎ᠤᠨ ᠤᠯᠠᠮᠵᠢᠯᠠᠯ᠎ᠢ ᠵᠠᠯᠭᠠᠮᠵᠢᠯᠠᠵᠤ᠂ ᠱᠢᠨ᠎ᠡ ᠴᠠᠭ ᠦᠶ᠎ᠡ᠎ᠶ᠋ᠢᠨ ᠰᠣᠶᠣᠯ᠎ᠤᠨ ᠡᠭᠦᠷᠭᠡ᠎ᠶ᠋ᠢ ᠨᠡᠩ ᠰᠠᠢᠲᠤᠷ ᠡᠭᠦᠷᠭᠡᠯᠡᠬᠦ᠌ ᠬᠡᠷᠡᠭ᠌ᠲᠡᠢ ᠭᠡᠪᠡ᠃

ᠰᠦᠨ ᠸᠧᠢ ᠭᠡᠱᠢᠭᠦᠨ ᠦᠭᠡ ᠬᠡᠯᠡᠬᠦ᠌᠎ᠳᠡᠭᠡᠨ᠂ ᠥᠨᠥᠳᠦᠷ᠎ᠦᠨ ᠬᠥᠬᠡᠮᠥ᠋ᠷᠡᠨ᠎ᠦ ᠠᠵᠤ ᠠᠬᠤᠢ᠎ᠶ᠋ᠢᠨ ᠪᠦᠰᠡ᠎ᠶ᠋ᠢᠨ ᠪᠣᠬᠢᠷᠲᠤᠯ ᠦᠭᠡᠢ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠬᠥᠮᠦᠰ᠎ᠦᠨ ᠰᠡᠳᠭᠢᠯ᠎ᠳᠦ ᠭᠦᠨ ᠬᠠᠳᠠᠩᠱᠢᠵᠠᠢ᠃ ᠪᠣᠬᠢᠷᠲᠤᠯ᠎ᠢ ᠰᠡᠷᠭᠡᠢᠯᠡᠨ ᠵᠠᠰᠠᠬᠤ ᠪᠠ ᠠᠮᠢ ᠠᠬᠤᠢ᠎ᠶ᠋ᠢ ᠬᠠᠮᠠᠭᠠᠯᠠᠬᠤ ᠬᠣᠶᠠᠷ ᠲᠠᠯ᠎ᠠ᠎ᠶ᠋ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ᠂ ᠦᠷ᠎ᠡ ᠪᠦᠲᠦᠮᠵᠢᠲᠡᠢ ᠵᠠᠰᠠᠭ᠎ᠤᠨ ᠣᠷᠳᠣᠨ ᠪᠠ ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠬᠣᠣᠰ ᠴᠢᠭ᠌ᠯᠡᠯ᠎ᠢᠶᠡᠷ ᠬᠦᠴᠦᠯᠡᠵᠦ᠍᠂ ᠦᠨᠭ᠌ᠭᠡᠨ ᠲᠠᠯ᠎ᠠ᠎ᠶ᠋ᠢ ᠵᠠᠰᠠᠬᠤ ᠪᠠ ᠦᠨᠳᠦᠰᠦ ᠰᠤᠷᠪᠤᠯᠵᠢ᠎ᠶ᠋ᠢ ᠵᠠᠰᠠᠬᠤ᠎ᠶ᠋ᠢ ᠬᠠᠷᠢᠯᠴᠠᠨ ᠨᠡᠪᠲᠡᠷᠡᠯᠴᠡᠭᠦᠯᠵᠦ᠍᠂ ᠬᠥᠬᠡᠮᠥ᠋ᠷᠡᠨ᠎ᠦ ᠠᠵᠤ ᠠᠬᠤᠢ᠎ᠶ᠋ᠢᠨ ᠪᠦᠰᠡ᠎ᠶ᠋ᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠵᠤ᠂ ᠴᠢᠨᠠᠷ ᠰᠠᠢᠲᠠᠢ ᠠᠮᠢ ᠠᠬᠤᠢ ᠣᠷᠴᠢᠨ ᠲᠣᠭᠣᠷᠢᠨ᠎ᠢᠶᠠᠷ ᠴᠢᠨᠠᠷ ᠰᠠᠢᠲᠠᠢ ᠬᠥᠭ᠌ᠵᠢᠯᠲᠡ᠎ᠶ᠋ᠢ ᠲᠤᠯᠭᠠᠭᠤᠷᠢᠯᠠᠬᠤ ᠬᠡᠷᠡᠭ᠌ᠲᠡᠢ ᠭᠡᠪᠡ᠃

ᠡᠸᠤ ᠶᠠᠩ ᠽᠸ ᠬᠤᠸᠠ ᠭᠡᠱᠢᠭᠦᠨ ᠳᠤᠮᠳᠠᠳᠤ ᠤᠯᠤᠰ᠎ᠤᠨ ᠭᠣᠮᠢᠨᠳᠠᠩ᠎ᠤᠨ ᠬᠤᠪᠢᠰᠭᠠᠯᠲᠤ ᠬᠣᠷᠢᠶ᠎ᠠ᠎ᠶ᠋ᠢᠨ ᠲᠥᠪ ᠬᠣᠷᠢᠢ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠡᠨᠧᠷᠭᠢ᠎ᠶ᠋ᠢᠨ ᠬᠡᠷᠡᠭ᠌ᠯᠡᠭᠡᠨ᠎ᠦ ᠬᠤᠪᠢᠰᠭᠠᠯ᠎ᠢ ᠠᠬᠢᠭᠤᠯᠵᠤ᠂ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠬᠦ᠌ ᠬᠥᠳᠡᠯᠭᠡᠬᠦ᠌ ᠡᠨᠧᠷᠬᠢ ᠵᠢ ᠴᠢᠩᠭᠠᠳᠭᠠᠬᠤ᠎ᠳᠤ᠂ ᠣᠶᠤᠨᠴᠢ᠎ᠪᠠᠷ ᠡᠨᠧᠷᠭᠢ ᠬᠡᠷᠡᠭ᠌ᠯᠡᠬᠦ᠌ ᠮᠡᠷᠭᠡᠵᠢᠯ᠎ᠦᠨ ᠱᠢᠨ᠎ᠡ ᠵᠢ ᠡᠭᠦᠳᠬᠦ ᠪᠠ ᠳᠡᠯᠭᠡᠷᠡᠭᠦᠯᠦᠯᠲᠡ᠎ᠶ᠋ᠢ ᠲᠦᠷᠭᠡᠳᠭᠡᠵᠦ᠍᠂ ᠡᠨᠧᠷᠭᠢ᠎ᠶ᠋ᠢᠨ ᠠᠱᠢᠭ᠍ᠯᠠᠮᠵᠢ᠎ᠶ᠋ᠢ ᠳᠡᠭᠡᠭ᠌ᠰᠢᠯᠡᠭᠦᠯᠵᠦ᠍᠂ ᠭᠣᠣᠯᠳᠠᠯᠭ᠎ᠠ᠎ᠲᠠᠶ ᠬᠦᠷᠢᠶᠡᠨ᠎ᠳᠡᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠎ᠶ᠋ᠢ ᠠᠬᠢᠭᠤᠯᠵᠤ᠂ ᠡᠨᠧᠷᠭᠢ᠎ᠶ᠋ᠢᠨ ᠬᠡᠷᠡᠭ᠌ᠯᠡᠭᠡᠨ᠎ᠦ ᠲᠡᠷᠢᠭᠦᠨ᠎ᠦ ᠮᠡᠷᠭᠡᠵᠢᠯ᠂ ᠲᠣᠨᠣᠭ᠍ᠯᠠᠯ ᠪᠠ ᠵᠠᠭ᠍ᠪᠤᠷ᠎ᠤᠨ 《ᠭᠠᠳᠠᠭᠠᠳᠤ᠎ᠳᠦ ᠭᠠᠷᠴᠤ ᠶᠠᠪᠤᠬᠤ》 ᠵᠢ ᠲᠡᠮᠵᠢᠵᠤ᠂ ᠪᠦᠬᠦ᠌ ᠪᠥᠮᠪᠥᠷᠴᠡᠭ᠎ᠦᠨ ᠬᠡᠪᠴᠢᠶᠡᠨ᠎ᠳᠡᠬᠢ ᠪᠣᠬᠢᠷᠲᠤᠯ ᠦᠭᠡᠢ ᠡᠨᠧᠷᠭᠢ᠎ᠶ᠋ᠢᠨ ᠬᠡᠷᠡᠭ᠌ᠯᠡᠭᠡᠨ᠎ᠦ ᠬᠠᠮᠲᠤᠷᠠᠯᠴᠠᠭ᠎ᠠ᠎ᠶ᠋ᠢ ᠠᠬᠢᠭᠤᠯᠵᠤ᠂ ᠪᠣᠬᠢᠷᠲᠤᠯ ᠦᠭᠡᠢ ᠡᠨᠧᠷᠭᠢ᠎ᠶ᠋ᠢᠨ ᠬᠡᠷᠡᠭ᠌ᠯᠡᠭᠡᠨ᠎ᠦ ᠢᠳᠡᠪᠬᠢᠵᠢᠯ᠎ᠢ ᠳᠡᠭᠡᠭ᠌ᠰᠢᠯᠡᠭᠦᠯᠵᠦ᠍᠂ ᠪᠣᠬᠢᠷᠲᠤᠯ ᠦᠭᠡᠢ ᠬᠡᠷᠡᠭ᠌ᠯᠡᠭᠡ᠎ᠶ᠋ᠢ ᠠᠮᠢᠳᠤᠷᠠᠯ᠎ᠤᠨ ᠱᠢᠨ᠎ᠡ ᠠᠷᠭ᠎ᠠ ᠬᠡᠯᠪᠡᠷᠢ ᠪᠣᠯᠭᠠᠬᠤ ᠬᠡᠷᠡᠭ᠌ᠲᠡᠢ ᠭᠡᠪᠡ᠃

ᠵᠤᠤ ᠶᠢᠩ ᠮᠢᠨ ᠭᠡᠱᠢᠭᠦᠨ ᠦᠭᠡ ᠬᠡᠯᠡᠬᠦ᠌᠎ᠳᠡᠭᠡᠨ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠌᠎ᠳᠦ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠬᠠᠷᠠᠯᠲᠠ ᠱᠠᠭᠠᠷᠳᠠᠯᠭ᠎ᠠ᠎ᠲᠠᠶ ᠬᠠᠷᠭᠤᠭᠤᠯᠵᠦ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠦᠷᠦ᠍᠎ᠶ᠋ᠢᠨ ᠪᠤᠳᠤᠯᠭ᠎ᠠ᠎ᠶ᠋ᠢᠨ ᠬᠣᠭᠣᠰᠣᠨ᠎ᠢ ᠬᠦᠴᠦᠯᠡᠨ ᠨᠥᠬᠥᠪᠥᠷᠢᠯᠡᠵᠦ᠍᠂ ᠲᠦᠷᠢᠮ᠎ᠦᠨ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠍᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠨᠡᠮᠡᠭ᠌ᠳᠡᠯ᠎ᠢ ᠬᠠᠮᠵᠢᠯᠴᠠᠨ ᠠᠬᠢᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠤᠨ ᠲᠦᠷᠢᠮ᠎ᠦᠨ ᠪᠠᠲᠤᠯᠠᠭ᠎ᠠ ᠬᠠᠩᠭᠠᠬᠤ ᠬᠡᠷᠡᠭ᠌ᠲᠡᠢ ᠭᠡᠪᠡ᠃

ᠫᠢᠶᠣᠣ ᠱ᠌ᠢ ᠯᠦᠩ ᠭᠡᠱᠢᠭᠦᠨ ᠦᠭᠡ ᠬᠡᠯᠡᠬᠦ᠌᠎ᠳᠡᠭᠡᠨ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠠᠵᠤ ᠦᠢᠯᠡᠰ᠎ᠢ ᠬᠥᠭ᠌ᠵᠢᠭᠦᠯᠬᠦ᠌᠎ᠨᠢ 《ᠬᠣᠣᠰ ᠨᠡᠭᠦᠷᠡᠰᠦᠲᠥ᠋ᠷᠥᠭ᠌ᠴᠢ》 ᠶ᠋ᠢᠨ ᠬᠠᠷᠠᠯᠲᠠ᠎ᠶ᠋ᠢ ᠪᠡᠶᠡᠯᠡᠭᠦᠯᠬᠦ᠌᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠢᠭᠤᠯᠬᠤ ᠪᠠ ᠬᠥᠮᠦᠨ ᠬᠢᠭᠡᠳ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠰᠠᠭᠤᠷᠢ ᠰᠤᠳᠤᠯᠭᠠᠨ ᠪᠠ ᠬᠡᠷᠡᠭ᠌ᠯᠡᠯᠲᠡ ᠵᠢᠨ ᠰᠠᠭᠤᠷᠢ ᠰᠤᠳᠤᠯᠭᠠᠨ᠎ᠢ ᠴᠢᠩᠭᠠᠳᠭᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠠᠵᠤ ᠦᠢᠯᠡᠰ᠎ᠦᠨ ᠬᠥᠭ᠌ᠵᠢᠯᠲᠡ᠎ᠳᠦ ᠱᠠᠭᠠᠷᠳᠠᠭ᠍ᠳᠠᠬᠤ ᠣᠷᠣᠢᠯᠠᠭ᠍ᠰᠠᠨ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠬᠥᠮᠦᠵᠢᠭᠦᠯᠵᠦ᠍᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠠᠵᠤ ᠦᠢᠯᠡᠰ᠎ᠦᠨ ᠬᠥᠭ᠌ᠵᠢᠯᠲᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠶ᠋ᠢᠨ ᠱᠢᠰᠲ᠋ᠧᠮ᠎ᠢ ᠪᠦᠷᠢᠨᠱᠢᠬᠦᠯᠵᠤ᠂ ᠪᠦᠬᠦ᠌ ᠤᠯᠤᠰ᠎ᠤᠨ ᠨᠡᠭᠦᠷᠡᠰᠦᠲᠥ᠋ᠷᠥᠭ᠌ᠴᠢ᠎ᠶ᠋ᠢᠨ ᠵᠠᠬ᠎ᠠ ᠳᠡᠯᠭᠡᠭᠦᠷ᠎ᠢ ᠲᠦᠷᠭᠡᠳᠭᠡᠨ ᠪᠠᠢᠭᠤᠯᠵᠤ᠂ ᠪᠦᠬᠦ᠌ ᠤᠯᠤᠰ᠎ᠤᠨ ᠬᠦᠯᠡᠮᠵᠢ᠎ᠶ᠋ᠢᠨ ᠬᠡᠢ ᠪᠡᠶᠡᠲᠦ᠍᠎ᠶ᠋ᠢᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠬᠤ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠢᠳᠡᠪᠬᠢᠲᠡᠢ ᠠᠬᠢᠭᠤᠯᠵᠤ᠂ ᠪᠦᠬᠦ᠌ ᠨᠡᠢᠭᠡᠮ᠎ᠦᠨ ᠪᠡᠶ᠎ᠡ ᠪᠡᠨ ᠳᠠᠭᠠᠭᠠᠵᠤ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠬᠤ ᠪᠠ ᠠᠮᠢ ᠠᠬᠤᠢ᠎ᠶ᠋ᠢᠨ ᠦᠢᠯᠡᠳᠬᠦᠨ᠎ᠦ ᠦᠷᠳᠡᠭ᠎ᠢ ᠪᠡᠶᠡᠯᠡᠭᠦᠯᠬᠦ᠌᠎ᠳᠦ ᠪᠦᠲᠦᠮᠵᠢᠲᠡᠢ ᠦᠢᠯᠡᠴᠢᠯᠡᠬᠦ᠌ ᠬᠡᠷᠡᠭ᠌ᠲᠡᠢ ᠭᠡᠪᠡ᠃

ᠬᠤᠷᠠᠯ᠎ᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠰᠦ᠍ ᠬᠤᠢ ᠡᠷᠬᠢᠯᠡᠪᠡ᠃

ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠬᠤ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠱᠤᠤ ᠬᠣᠩ᠂ ᠭᠤᠤ ᠶᠦᠨ ᠯᠦᠩ᠂ ᠴᠧᠨ ᠡᠸ᠋᠂ ᠮᠦ᠍ ᠬᠣᠩ᠂ ᠱᠢᠶᠠᠨ ᠬᠤᠢ᠂ ᠸᠠᠩ ᠳ᠋ᠦᠩ ᠹᠸᠩ᠂ ᠵᠢᠶᠠᠩ ᠱᠢᠨ ᡁᠢ ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ᠍ ᠶᠦᠩ ᠱᠢᠨ᠂ ᠶᠠᠩ ᠵᠧᠨ ᠬᠤᠷᠠᠯ᠎ᠳᠤ ᠣᠷᠣᠯᠴᠠᠵᠠᠢ᠃

(ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ 3 ᠰᠠᠷ᠎ᠠ᠎ᠶᠢᠨ 9᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面