2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-05 09:50:01

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3


ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠠ ᠨᠠᠷᠢᠨ ᠪᠢᠴᠢᠭ᠎ᠦᠨ ᠳᠠᠷᠤᠭ᠎ᠠ ᠵᠢ ᠰᠣᠩᠭᠣᠨ ᠭᠠᠷᠭᠠᠵᠤ ᠶᠡᠬᠡ ᠬᠤᠷᠠᠯ᠎ᠤᠨ ᠵᠥᠪᠯᠡᠬᠦ᠌ ᠵᠦᠢᠯ᠎ᠢ ᠪᠠᠲᠤᠯᠠᠪᠠ


ᠠᠷᠪᠠᠨ ᠳᠥᠷᠪᠡᠳᠦᠭᠡᠷ ᠬᠤᠭᠤᠴᠠᠭᠠᠨ ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ 4 ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠪᠡᠯᠡᠳᠭᠡᠯ ᠬᠤᠷᠠᠯ ᠬᠢᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠤᠷᠢᠶᠠᠨ ᠳᠠᠷᠤᠭ᠎ᠠ ᠵᠤᠤ ᠯᠸ ᠵᠶ᠋ᠢ ᠬᠤᠷᠠᠯ᠎ᠢ ᠡᠷᠬᠢᠯᠡᠪᠡ᠃ ᠬᠤᠷᠠᠯ ᠡᠴᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭ᠌ᠴᠢᠳ ᠎ᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢ ᠰᠣᠩᠭᠤᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠵᠥᠪᠯᠡᠬᠦ᠌ ᠵᠦᠢᠯ᠎ᠢ ᠪᠠᠲᠤᠯᠠᠪᠠ᠃

ᠠᠷᠪᠠᠨ ᠳᠥᠷᠪᠡᠳᠦᠭᠡᠷ ᠬᠤᠭᠤᠴᠠᠭᠠᠨ ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠣᠲᠣ 2929 ᠬᠥᠮᠦᠨ ᠪᠣᠶ᠃ 3 ᠰᠠᠷ᠎ᠠ᠎ᠶ᠋ᠢᠨ 3 ᠤ᠋ ᠡᠳᠦᠷ ᠪᠣᠯᠲᠠᠯ᠎ᠠ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠲᠤ ᠨᠡᠷ᠎ᠠ ᠮᠡᠳᠡᠭᠦᠯᠦᠭᠰᠡᠨ ᠲᠦᠯᠦᠭᠡᠯᠡᠭᠴᠢ 2893 ᠬᠥᠮᠦᠨ ᠪᠤᠢ᠃ 4 ᠤ᠋ ᠡᠳᠦᠷ᠎ᠦᠨ ᠪᠡᠯᠡᠳᠭᠡᠯ ᠬᠤᠷᠠᠯ᠎ᠳᠤ 2872 ᠬᠥᠮᠦᠨ ᠣᠷᠣᠯᠴᠠᠵᠤ᠂ 57 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠠ᠃

ᠵᠤᠤ ᠯᠸ ᠵᠶ᠋ᠢ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠷᠪᠠᠨ ᠭᠤᠷᠪᠠᠳᠤᠭᠠᠷ ᠬᠤᠷᠠᠯ᠎ᠡᠴᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠢ 2025 ᠣᠨ᠎ᠤ 3 ᠰᠠᠷ᠎ᠠ᠎ᠶ᠋ᠢᠨ 5 ᠤ᠋ ᠡᠳᠦᠷ ᠬᠤᠷᠠᠯᠳᠤᠭᠤᠯᠬᠤ᠎ᠪᠠᠷ ᠲᠣᠭ᠍ᠲᠠᠪᠠ᠃ ᠶᠡᠬᠡ ᠬᠤᠷᠠᠯ ᠎ᠤᠨ ᠡᠯ᠎ᠡ ᠵᠦᠢᠯ᠎ᠦᠨ ᠪᠡᠯᠡᠳᠭᠡᠯ ᠠᠵᠢᠯ ᠨᠢᠭᠡᠨᠲᠡ ᠪᠡᠯᠡᠬᠡᠨ ᠪᠣᠯᠵᠠᠢ ᠭᠡᠪᠡ᠃

ᠵᠣᠣ ᠯᠸ ᠵᠢᠶ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠵᠢᠯᠣᠭᠣᠳᠭᠤ ᠦᠵᠡᠯ ᠰᠠᠨᠠᠭ᠎ᠠ ᠪᠣᠯ᠄ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠬᠤᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠪᠡᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》ᠵᠢᠡᠨ ᠴᠢᠩᠭᠠᠳᠬᠠᠵᠤ᠂ 《ᠳᠥᠷᠪᠡᠨ ᠢᠲᠡᠭᠡᠯ 》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠪᠡᠷ ᠤᠯᠤᠰ᠎ᠢᠶᠠᠨ ᠵᠠᠰᠠᠬᠤ ᠎ᠶ᠋ᠢ ᠣᠷᠭᠠᠨᠢᠭ᠎ᠢᠶᠠᠷ ᠨᠢᠭᠡᠳᠭᠡᠬᠦ ᠵᠢ ᠪᠠᠷᠢᠮᠳᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ ᠎ᠢ ᠬᠥᠭ᠌ᠵᠢᠭᠦᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠳᠤᠷ ᠪᠠᠷᠢᠮᠳᠠᠯᠠᠵᠤ᠂ ᠰᠠᠢᠳᠤᠷ ᠲᠡᠭᠦᠯᠳᠡᠷᠵᠢᠭᠦᠯᠵᠤ᠂ ᠰᠠᠢᠲᠤᠷ ᠬᠡᠷᠡᠭ᠌ᠵᠢᠭᠦᠯᠵᠤ᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠶ᠋ᠢᠨ ᠲᠣᠭᠣᠷᠢᠨ᠎ᠳᠤ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭ᠍ᠰᠠᠨ ᠡᠭᠦᠷᠭᠡ ᠬᠠᠷᠢᠭᠤᠴᠠᠯᠭ᠎ᠠ᠎ᠵᠢ ᠨᠠᠷᠢᠨ ᠬᠢᠨᠠᠮᠠᠭᠠᠶ ᠭᠦᠶ᠋ᠴᠡᠳᠭᠡᠵᠤ᠂ ᠶᠡᠬᠡ ᠬᠤᠷᠠᠯ᠎ᠤᠨ ᠡᠯ᠎ᠡ ᠵᠦᠶ᠋ᠯ᠎ᠦᠨ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠤ᠂ ᠰᠡᠳᠭᠢᠯ ᠢ᠋ ᠨᠢᠭᠡᠳᠭᠡᠨ ᠬᠦᠴᠦ᠍ ᠵᠢ ᠬᠠᠮᠲᠤᠳᠬᠠᠬᠤ᠂ ᠦᠨᠡᠨ ᠬᠦ᠌ ᠠᠳᠭᠤᠵᠤ ᠪᠣᠳᠠᠲᠠᠶ ᠬᠢᠬᠦ᠂ ᠪᠦᠯᠬᠦᠮᠳᠡᠨ ᠳᠠᠪᠱᠢᠬᠤ ᠶᠡᠬᠡ ᠬᠤᠷᠠᠯ ᠪᠤᠯᠭᠠᠵᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠲᠠᠢ᠌ᠴᠢᠯᠠᠨ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠬᠰᠡᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠢᠲᠡᠭᠡᠯ ᠵᠣᠷᠢᠭ᠎ᠢᠶᠠᠨ ᠪᠠᠲᠤᠳᠭᠠᠨ᠂ ᠰᠡᠳᠭᠢᠯ᠎ᠨᠢᠭᠡᠳᠤᠨ ᠬᠦᠴᠦ᠍᠎ᠪᠡᠨ ᠬᠠᠮᠲᠤᠳᠭᠠᠵᠤ᠂ ᠡᠷᠡᠮᠡᠬᠡᠢᠯᠡᠨ ᠤᠷᠤᠭ᠍ᠰᠢᠯᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ ᠎ᠪᠠᠷ ᠪᠦᠳᠦᠭᠡᠨ ᠪᠠᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶ᠋ᠢ ᠪᠡᠶᠡᠯᠡᠭᠦᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠴᠢᠷᠮᠠᠢᠨ ᠲᠡᠮᠡᠴᠡᠨ᠎ᠠ ᠭᠡᠵᠤ ᠵᠢᠭᠠᠵᠤ ᠭᠠᠷᠭᠠᠪᠠ᠃

ᠪᠡᠯᠡᠳᠭᠡᠯ ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢ ᠰᠣᠩᠭᠣᠨ ᠭᠠᠷᠭᠠᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ 176 ᠬᠥᠮᠦᠨ᠎ᠢᠶᠡᠷ ᠪᠦᠷᠢᠯᠳᠦᠵᠦ᠍᠂ ᠯᠢ ᠬᠣᠩ ᠵᠦᠩ ᠶᠡᠬᠡ ᠬᠤᠷᠠᠯ᠎ᠤᠨ ᠨᠠᠷᠢᠨ ᠪᠢᠴᠢᠭ᠎ᠦᠨ ᠳᠠᠷᠤᠭ᠎ᠠ᠎ᠪᠠᠷ ᠰᠣᠩᠭᠣᠭ᠍ᠳᠠᠵᠠᠢ᠃

ᠪᠠᠲᠤᠯᠠᠯᠳᠠ ᠬᠢᠵᠤ ᠪᠠᠳᠤᠯᠠᠬᠰᠡᠨ ᠬᠤᠷᠠᠯ᠎ᠤᠨ ᠵᠦᠪᠯᠡᠬᠦ ᠵᠦᠢᠯ ᠢ᠋ ᠦᠨᠳᠦᠰᠦᠯᠡᠪᠡᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠨᠢ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠵᠤ᠂ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠮᠡᠳᠡᠭᠦᠯᠦᠯᠲᠡ᠂ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ ᠢ᠋ ᠬᠢᠨᠡᠨ ᠪᠠᠢᠴᠠᠭᠠᠵᠤ᠂ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2025 ᠣᠨ᠎ᠤ ᠲᠥᠪ᠎ᠦᠨ ᠪᠠ ᠣᠷᠣᠨ ᠨᠤᠲᠤᠭ ᠎ᠤᠨ ᠲᠥᠰᠦᠪ᠎ᠦᠨ ᠲᠥᠰᠦᠯ᠎ᠦᠨ ᠮᠡᠳᠡᠭᠦᠯᠦᠯᠲᠡ᠂ 2025 ᠣᠨ᠎ᠤ ᠲᠥᠪ᠎ᠦᠨ ᠪᠠ ᠣᠷᠣᠨ ᠨᠤᠲᠤᠭ ᠎ᠤᠨ ᠲᠥᠰᠦᠪ᠎ᠦᠨ ᠲᠥᠰᠦᠯ ᠢ᠋ ᠬᠢᠨᠡᠨ ᠪᠠᠢᠴᠠᠭᠠᠵᠤ᠂ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠭᠡ ᠬᠤᠷᠠᠯ ᠤ᠋ᠨ ᠪᠠᠢᠨᠭᠭᠤ ᠵᠢᠨ ᠬᠤᠷᠢᠶ᠎ᠠ ᠵᠢᠨ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠠᠤᠯᠢ(ᠵᠠᠰᠠᠪᠤᠷᠢ ᠣᠷᠣᠭᠤᠯᠬᠤ ᠲᠥᠰᠦᠯ)》 ᠵᠢ ᠲᠡᠪᠰᠢᠬᠦᠯᠤᠨ ᠬᠢᠨᠠᠨ ᠵᠦᠪᠯᠡᠬᠦᠯᠬᠦ ᠲᠤᠬᠠᠢ ᠰᠠᠨᠠᠯ ᠵᠥᠪᠯᠡᠯᠭᠡ᠎ᠶ᠋ᠢ ᠬᠢᠨᠠᠨ ᠵᠥᠪᠯᠡᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠬᠦᠯᠦᠯᠳᠠ ᠵᠢ ᠬᠢᠨᠠᠨ ᠵᠦᠪᠯᠡᠵᠤ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠬᠦᠯᠦᠯᠳᠠ ᠵᠢ ᠬᠢᠨᠠᠨ ᠵᠦᠪᠯᠡᠵᠤ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠬᠦᠯᠦᠯᠳᠠ ᠵᠢ ᠬᠢᠨᠠᠨ ᠵᠦᠪᠯᠡᠨ᠎ᠠ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠨᠭᠵᠠᠯᠰᠠᠨ᠂ ᠱᠢᠤᠸᠠᠢᠺᠸᠯᠠᠢ᠌ᠲ᠋ᠢ·ᠵᠠᠺᠸᠯ᠂ ᠨᠠᠷᠢᠨ ᠪᠢᠴᠢᠭ᠎ᠦᠨ ᠳᠠᠷᠤᠭ᠎ᠠ ᠯᠢᠦ ᠴᠢ ᠬᠤᠷᠠᠯ᠎ᠳᠤ ᠣᠷᠣᠯᠴᠠᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面