2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-05 09:32:10

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢ ᠵᠢᠨ ᠫᠢᠩ ᠯᠢ ᠴᠢᠶᠠᠩ ᠵᠣᠣ ᠯᠸ ᠵᠢᠶ ᠼᠠᠢ ᠴᠢ ᠳ᠋ᠢᠩ ᠱᠢᠤᠸᠠᠢ ᠱᠢᠶᠠᠩ ᠯᠢ ᠰᠢ ᠬᠠᠨ ᠵᠧᠩ ᠬᠤᠷᠠᠯ᠎ᠳᠤ ᠰᠠᠭᠠᠳᠠᠵᠦ ᠪᠠᠶᠠᠷ ᠬᠦᠷᠭᠡᠪᠡ

ᠸᠠᠩ ᠬᠤ᠌ ᠨᠢᠩ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠳᠡ ᠬᠢᠪᠡ ᠱ᠌ᠢ᠎ᠲᠡᠶ ᠹᠸᠩ ᠬᠤᠷᠠᠯ ᠢ᠋ ᠡᠷᠬᠢᠯᠡᠵᠠᠢ ᠵᠢᠶᠠᠩ ᠽᠦᠸᠧ ᠵᠢᠶᠦ᠋ᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ ᠬᠢᠪᠡ


ᠰᠡᠳᠭᠢᠯ ᠨᠢᠬᠡᠳᠦᠨ ᠬᠦᠴᠦ᠍᠎ᠪᠡᠨ ᠬᠠᠮᠲᠤᠳᠭᠠᠵᠤ ᠰᠦᠷᠯᠢᠭ ᠰᠠᠢᠬᠠᠨ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠵᠦ᠍᠂ ᠡᠷᠡᠮᠡᠬᠡᠢᠯᠡᠨ ᠲᠡᠮᠡᠴᠡᠵᠤ ᠵᠢᠳᠬᠦᠯ ᠴᠢᠷᠮᠠᠢᠯᠭ᠎ᠠ ᠭᠠᠷᠭᠠᠨ ᠴᠠᠭ ᠦᠶ᠎ᠡ᠎ᠶ᠋ᠢᠨ ᠱᠢᠨ᠎ᠡ ᠬᠠᠭᠤᠳᠠᠰᠤ᠎ᠶ᠋ᠢ ᠳᠠᠬᠢᠨ ᠵᠢᠷᠤᠭ᠍ᠯᠠᠨ᠎ᠠ᠃ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠭᠤᠷᠪᠠᠳᠤᠭᠠᠷ ᠬᠤᠷᠠᠯ 4 ᠤ᠋ ᠦᠳᠡ᠎ᠶ᠋ᠢᠨ ᠬᠣᠢᠨ᠎ᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ 2000 ᠭᠠᠷᠤᠢ ᠭᠡᠱᠢᠭᠦᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠵᠢᠨ ᠲᠤᠭᠤᠷᠢᠨ ᠳ᠋ᠤ᠂ ᠨᠠᠮ ᠪᠠ ᠤᠯᠤᠰ᠎ᠤᠨ ᠭᠣᠣᠯ ᠡᠭᠦᠷᠭᠡ᠎ᠲᠡᠶ ᠨᠢᠭ᠍ᠲᠠ ᠤᠶᠠᠯᠳᠤᠭᠤᠯᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠢᠳᠡᠪᠬᠢᠲᠡᠢ᠎ᠪᠡᠷ ᠲᠦᠷᠦ ᠵᠢᠨ ᠶᠠᠪᠤᠳᠠᠯ᠎ᠢ ᠵᠥᠪᠯᠡᠨ ᠰᠠᠨᠠᠯ ᠰᠠᠨᠠᠭᠤᠯᠭ᠎ᠠ ᠳᠤᠷᠠᠳᠴᠤ᠌᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠤᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠤᠨ᠎ᠠ᠃

3 ᠰᠠᠷ᠎ᠠ᠎ᠶ᠋ᠢᠨ ᠪᠡᠭᠡᠵᠢᠩ ᠬᠣᠲᠠ ᠬᠠᠪᠤᠷ ᠎ᠤᠨ ᠠᠭᠤᠷ ᠠᠮᠢᠰᠭᠤᠯ ᠵᠢᠡᠷ ᠪᠢᠯᠬᠠᠨ᠎ᠠ᠃ ᠠᠷᠠᠳ᠎ᠤᠨ ᠶᠡᠬᠡ ᠬᠤᠷᠠᠯ᠎ᠤᠨ ᠲᠠᠩᠬᠢᠮ ᠎ᠤᠨ ᠶᠣᠰᠣᠯᠠᠯ᠎ᠤᠨ ᠲᠠᠩᠬᠢᠮ᠎ᠳᠤ ᠳ᠋ᠧᠩ᠎ᠦᠨ ᠬᠡᠷᠡᠯ ᠳᠤᠸᠠᠯᠠᠵᠤ᠂ ᠠᠭᠤᠷ ᠠᠮᠢᠰᠭᠤᠯ ᠲᠦᠪ ᠶᠡᠬᠡᠮᠰᠦᠭ ᠪᠥᠭᠡᠳ ᠬᠥᠷ ᠬᠥᠭ᠌ᠵᠢᠶᠡᠨᠲᠡᠶ ᠪᠠᠢᠯ᠎ᠠ᠃ ᠳᠤᠮᠳᠠᠳᠤ ᠤᠯᠤᠰ ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠰᠦᠯᠳᠡ᠎ᠶ᠋ᠢ ᠲᠡᠷᠢᠭᠦᠯᠡᠭ᠌ᠴᠢᠳ ᠎ᠦᠨ ᠲᠠᠢᠰᠠᠨ᠎ᠤ ᠭᠣᠣᠯ ᠳᠤᠮᠳᠠ ᠡᠯᠭᠦᠵᠦ᠍᠂ ᠬᠤᠷᠴᠠ ᠤᠯᠠᠭᠠᠨ ᠦᠩᠭᠡ᠎ᠲᠡᠶ ᠠᠷᠪᠠᠨ ᠤᠯᠠᠭᠠᠨ ᠲᠤᠭ᠎ᠢ ᠬᠣᠶᠠᠷ ᠭᠠᠷᠯᠠᠨ ᠵᠢᠭ᠍ᠰᠠᠭᠠᠪᠠ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠭᠤᠷᠪᠠᠳᠤᠭᠠᠷ ᠬᠤᠷᠠᠯ᠎ᠳᠤ ᠣᠷᠣᠯᠴᠠᠬᠤ ᠶᠣᠰᠣᠲᠠᠢ ᠭᠡᠱᠢᠭᠦᠨ 2154 ᠬᠥᠮᠦᠨ᠂ ᠪᠣᠳᠠᠲᠠᠢ ᠣᠷᠣᠯᠴᠠᠭ᠍ᠰᠠᠨ ᠨᠢ 2110 ᠬᠥᠮᠦᠨ ᠪᠠᠢᠵᠤ᠂ ᠲᠣᠭ᠍ᠲᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠠ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠤ᠌ ᠨᠢᠩ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ᠂ ᠬᠤ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ· ᠭᠸᠯᠸᠭᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠦ᠍ ᠬᠤᠢ᠂ ᠱᠤᠤ ᠬᠣᠩ᠂ ᠭᠤᠤ ᠶᠦᠨ ᠯᠦᠩ᠂ ᠴᠧᠨ ᠡᠸ᠋᠂ ᠮᠦ᠍ ᠬᠣᠩ᠂ ᠱᠢᠶᠠᠨ ᠬᠤᠢ᠂ ᠸᠠᠩ ᠳ᠋ᠦᠩ ᠹᠸᠩ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ᠍ ᠶᠦᠩ ᠱᠢᠨ᠂ ᠶᠠᠩ ᠵᠧᠨ ᠲᠡᠷᠢᠭᠦᠯᠡᠭ᠌ᠴᠢᠳ᠎ᠦᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃

ᠨᠠᠮ ᠪᠣᠯᠤᠨ ᠲᠦᠷᠦ᠍᠎ᠶ᠋ᠢᠨ ᠤᠳᠤᠷᠢᠳᠭᠤ ᠬᠥᠮᠦᠨ ᠰᠢ ᠵᠢᠨ ᠫᠢᠩ᠂ ᠯᠢ ᠴᠢᠶᠠᠩ᠂ ᠵᠤᠤ ᠯᠸ ᠵᠶ᠋ᠢ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ ᠂ ᠬᠠᠨ ᠵᠧᠩ᠎ᠨᠡᠷ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠵᠤ᠂ ᠶᠡᠬᠡ ᠬᠤᠷᠠᠯ ᠬᠤᠷᠠᠯᠳᠤᠭ᠍ᠰᠠᠨ᠎ᠳᠤ ᠪᠠᠶᠠᠷ ᠬᠦᠷᠭᠡᠪᠡ᠃

ᠦᠳᠡ᠎ᠶ᠋ᠢᠨ ᠬᠣᠢᠨᠠᠬᠢ 3 ᠴᠠᠭ᠎ᠲᠤ᠂ ᠱ᠌ᠢ᠎ᠲᠡᠶ ᠹᠸᠩ ᠶᠡᠬᠡ ᠬᠤᠷᠠᠯ ᠡᠬᠢᠯᠡᠭ᠌ᠰᠡᠨ᠎ᠢ ᠵᠠᠷᠯᠠᠵᠤ᠂ ᠣᠯᠠᠨ᠎ᠢᠶᠠᠷ᠎ᠢᠶᠠᠨ ᠪᠣᠰᠴᠤ᠌ ᠵᠣᠭ᠍ᠰᠣᠨ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠳᠡ ᠳᠠᠭᠤᠤ᠎ᠶ᠋ᠢ ᠳᠠᠭᠤᠯᠠᠪᠠ᠃

ᠶᠡᠬᠡ ᠬᠤᠷᠠᠯ᠎ᠡᠴᠡ ᠡᠩ ᠲᠡᠷᠢᠭᠦᠨ᠎ᠳᠦ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠭᠤᠷᠪᠠᠳᠤᠭᠠᠷ ᠬᠤᠷᠠᠯ᠎ᠤᠨ ᠵᠥᠪᠯᠡᠬᠦ᠌ ᠵᠦᠶ᠋ᠯ᠎ᠢ ᠬᠢᠨᠠᠨ ᠵᠥᠪᠯᠡᠵᠦ᠍ ᠪᠠᠲᠤᠯᠠᠪᠠ᠃

ᠸᠠᠩ ᠬᠤ᠌ ᠨᠢᠩ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢ ᠲᠦᠯᠦᠭᠡᠯᠡᠵᠦ ᠶᠡᠬᠡ ᠬᠤᠷᠠᠯ᠎ᠳᠤ ᠠᠵᠢᠯ᠎ᠤᠨ ᠮᠡᠳᠡᠭᠦᠯᠦᠯᠲᠡ ᠬᠢᠪᠡ᠃


QQ20250305-092514.png


3 ᠰᠠᠷ᠎ᠠ ᠵᠢᠨ 4 ᠎ᠤ᠋ ᠦᠳᠡ ᠵᠢᠨ ᠬᠤᠢᠨ᠎ᠠ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ ᠎ᠤ ᠪᠦᠬᠦ᠌ ᠤᠯᠤᠰ ᠎ᠤᠨ ᠬᠣᠷᠢᠶ᠎ᠠ ᠵᠢᠨ ᠭᠤᠷᠪᠠᠳᠤᠭᠠᠷ ᠬᠤᠷᠠᠯ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠵᠢᠷᠤᠬ ᠪᠤᠯ ᠰᠢ ᠵᠢᠨ ᠫᠢᠩ᠂ ᠯᠢ ᠴᠢᠶᠠᠩ᠂ ᠵᠤᠤ ᠯᠸ ᠵᠶ᠋ᠢ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ᠎ᠨᠡᠷ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠵᠤ ᠪᠠᠢᠭ᠎ᠠ ᠨᠢ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠬᠦᠳᠡᠷᠯᠡᠪᠡ


ᠸᠠᠩ ᠬᠤ᠌ ᠨᠢᠩ᠂ 2024 ᠣᠨ ᠪᠣᠯ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠤᠢ ᠪᠣᠯᠤᠨ᠎ᠠ᠂ 《 ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠨᠢᠭᠡ ᠵᠢᠯ ᠪᠣᠯᠤᠨ᠎ᠠ᠃ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠎ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠲᠣᠭ᠍ᠲᠠᠭᠤᠨ᠎ᠢᠶᠠᠷ ᠬᠤᠪᠢᠷᠠᠯᠲᠠ᠎ᠶ᠋ᠢ ᠠᠷᠭᠠᠴᠠᠭᠠᠨ᠂ ᠠᠷᠭ᠎ᠠ ᠪᠤᠳᠤᠯᠭ᠎ᠠ᠎ᠶ᠋ᠢ ᠶᠡᠷᠦᠩᠬᠡᠢᠯᠡᠨ ᠬᠡᠷᠡᠭ᠌ᠵᠢᠭᠦᠯᠵᠦ᠍᠂ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠴᠢᠬᠤᠯᠠ ᠶᠡᠬᠡ ᠱᠢᠨ᠎ᠡ ᠠᠮᠵᠢᠯᠲᠠ ᠪᠦᠲᠦᠮᠵᠢ ᠣᠯᠵᠤ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠱᠢᠨ᠎ᠡ ᠢᠯᠠᠯᠲᠠ᠎ᠶ᠋ᠢ ᠲᠡᠮᠡᠴᠡᠨ ᠤᠯᠬᠤ ᠵᠣᠷᠢᠭ ᠪᠠ ᠢᠲᠡᠭᠡᠯ ᠢ᠋ ᠨᠡᠩ ᠪᠠᠲᠤᠳᠭᠠᠪᠠ ᠭᠡᠵᠤ ᠢᠯᠡᠳᠭᠡᠵᠠᠢ᠃


QQ20250305-092525.png


3 ᠰᠠᠷ᠎ᠠ ᠵᠢᠨ 4 ᠎ᠤ᠋ ᠦᠳᠡ ᠵᠢᠨ ᠬᠤᠢᠨ᠎ᠠ᠂ ᠳᠤᠮᠳᠠᠳᠤ ᠤᠯᠤᠰ ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ ᠎ᠤᠨ ᠬᠣᠷᠢᠶ᠎ᠠ ᠵᠢᠨ ᠭᠤᠷᠪᠠᠳᠤᠭᠠᠷ ᠬᠤᠷᠠᠯ ᠪᠡᠭᠡᠵᠢᠩ᠎ᠤᠨ ᠠᠷᠠᠳ ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠵᠢᠷᠤᠬ ᠪᠤᠯ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠤ᠌ ᠨᠢᠩ ᠤᠯᠤᠰ ᠲᠦᠷᠦ᠍ ᠎ᠶ᠋ᠢᠨ ᠵᠥᠪᠯᠡᠯᠭᠡᠨ ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢ ᠲᠦᠯᠦᠭᠡᠯᠡᠵᠦ ᠶᠡᠬᠡ ᠬᠤᠷᠠᠯ᠎ᠳᠤ ᠠᠵᠢᠯ᠎ᠤᠨ ᠮᠡᠳᠡᠭᠦᠯᠦᠯᠲᠡ ᠬᠢᠵᠦ ᠪᠠᠢᠭ᠎ᠠ ᠨᠢ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠯᠢᠦ ᠸᠧᠢ ᠪᠢᠩ ᠰᠡᠬᠦᠳᠡᠷᠯᠡᠪᠡ


ᠸᠠᠩ ᠬᠣ᠌ ᠨᠢᠩ ᠥᠩᠭᠡᠷᠡᠭ᠌ᠰᠡᠨ ᠨᠢᠭᠡ ᠵᠢᠯ᠎ᠦᠨ ᠲᠤᠷᠱᠢᠬᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠳ᠋ᠦᠩᠨᠡᠪᠡ᠃ ᠲᠡᠷᠡ᠂ 2024 ᠣᠨ ᠪᠣᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠦᠨ ᠬᠥᠭ᠌ᠵᠢᠯᠲᠡ᠎ᠳᠦ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠤᠯᠤᠰ ᠲᠥᠷᠥ᠎ᠶ᠋ᠢᠨ ᠵᠥᠪᠯᠡᠯᠭᠡᠨ᠎ᠦ ᠪᠥᠬᠥ᠌ ᠤᠯᠤᠰ᠎ᠤᠨ ᠬᠣᠷᠢᠶ᠎ᠠ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ 《ᠬᠣᠶᠠᠷ᠎ᠢ ᠲᠣᠭ᠍ᠲᠠᠭᠠᠬᠰᠡᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂《ᠬᠣᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠪᠡᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ ᠵᠢ ᠪᠠᠷᠢᠮᠳᠠᠯᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠨᠠᠮ ᠪᠠ ᠤᠯᠤᠰ᠎ᠤᠨ ᠭᠤᠤᠯ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢ ᠪᠠᠷᠢᠮᠲᠠᠯᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠠᠷᠠᠳ ᠲᠦᠮᠡᠨ᠎ᠦ ᠲᠥᠯᠥᠭᠡ ᠪᠠᠢᠬᠤ᠎ᠶ᠋ᠢ ᠪᠠᠷᠢᠮᠲᠠᠯᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ᠎ᠪᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠶ᠋ᠢ ᠪᠠᠷᠢᠮᠲᠠᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠡᠯ᠎ᠡ ᠲᠠᠯ᠎ᠠ ᠪᠦᠬᠦ᠌ ᠶᠠᠪᠤᠴᠠ᠎ᠳᠤ ᠨᠠᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠣᠶ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠴᠢᠬᠤᠯᠠ᠎ᠡᠴᠡ ᠴᠢᠬᠤᠯᠠ ᠵᠦᠶ᠋ᠯ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠤᠯᠠᠮ ᠨᠢᠭᠡ ᠠᠯᠬᠤᠮ ᠣᠢᠯᠠᠭᠠᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠎ᠳᠦ ᠠᠩᠬᠠᠷᠤᠯ᠎ᠢᠶᠠᠨ ᠲᠥᠪᠯᠡᠷᠡᠭᠦᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠴᠢᠬᠤᠯᠠ ᠶᠡᠬᠡ ᠠᠰᠠᠭᠤᠳᠠᠯ ᠳᠡᠭᠡᠷ᠎ᠡ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠲᠤᠰᠭᠠᠢ ᠵᠦᠪᠯᠡᠯ ᠤ᠋ᠨ ᠰᠠᠭᠤᠷᠢᠯᠠᠬᠤ ᠴᠢᠨᠠᠷᠲᠠᠢ ᠦᠢᠯᠡᠳᠦᠯ᠎ᠢ ᠢᠳᠡᠪᠬᠢᠲᠡᠢ ᠪᠠᠳᠠᠷᠠᠭᠤᠯᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠦᠨ ᠡᠭᠦᠷᠭᠡ ᠲᠤᠱᠢᠶᠠᠯ᠎ᠢᠶᠠᠨ ᠭᠦᠶ᠋ᠴᠡᠳᠭᠡᠬᠦ᠌ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠬᠥᠭ᠌ᠵᠢᠭᠡᠵᠤ᠂ ᠡᠯ᠎ᠡ ᠵᠦᠢᠯ᠎ᠦᠨ ᠠᠵᠢᠯ ᠱᠢᠨ᠎ᠡ ᠠᠬᠢᠴᠠ᠎ᠲᠠᠶ ᠪᠣᠯᠵᠠᠢ ᠭᠡᠵᠤ ᠬᠡᠯᠡᠪᠡ᠃

ᠸᠠᠩ ᠬ᠍ᠤ ᠨᠢᠩ᠂ 2025 ᠣᠨ ᠪᠣᠯ《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ ᠪᠣᠯᠤᠨ᠎ᠠ᠂ ᠪᠠᠰᠠ ᠴᠤ᠌ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠨᠢᠭᠡ ᠵᠢᠯ ᠪᠣᠯᠤᠨ᠎ᠠ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ ᠎ᠶ᠋ᠢ ᠪᠠᠷᠢᠮᠳᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠪᠡᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠪᠠᠢᠭᠤᠯᠤᠭ᠍ᠳᠠᠭ᠍ᠰᠠᠨ 75 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠲᠤᠬᠠᠢ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ ᠵᠢ ᠦᠨᠡᠨ ᠬᠦ᠌ ᠡᠬᠦᠷᠭᠡᠯᠡᠵᠤ᠂ ᠭᠤᠤᠯᠳᠠᠯᠭ᠎ᠠ᠎ᠶ᠋ᠢᠨ ᠲᠣᠭᠣᠷᠢᠨ᠎ᠳᠤ᠂ ᠶᠡᠬᠡ ᠲᠠᠯ᠎ᠠ᠎ᠳᠤ ᠦᠢᠯᠡᠴᠢᠯᠡᠬᠦ ᠵᠢ ᠪᠠᠷᠢᠮᠳᠠᠯᠠᠵᠤ᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠴᠢᠨᠠᠷ ᠰᠠᠢᠲᠠᠶ ᠪᠡᠶᠡᠯᠡᠭᠦᠯᠬᠦ᠌᠎ᠳᠦ ᠬᠦᠴᠦᠨ ᠨᠡᠮᠡᠷᠢᠯᠠᠵᠤ᠂ 《ᠠᠷᠪᠡᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠪᠠᠲᠤ ᠪᠡᠬᠢ ᠰᠠᠭᠤᠷᠢ ᠲᠠᠯᠪᠢᠬᠤ ᠬᠡᠷᠡᠭ᠌ᠲᠡᠶ ᠭᠡᠵᠤ ᠢᠯᠡᠳᠭᠡᠪᠡ᠃

ᠸᠠᠩ ᠬ᠍ᠤ ᠨᠢᠩ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠳᠡᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠮ᠎ᠤᠨ ᠱᠢᠨ᠎ᠡ᠎ᠡᠭᠦᠳᠦᠯᠳᠡ᠎ᠶᠢᠨ ᠤᠨᠤᠯ᠎ᠢᠶᠠᠷ ᠵᠡᠪᠰᠡᠭ᠌ᠯᠡᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠣᠭᠣᠳᠤᠮᠵᠢ᠎ᠶ᠋ᠢ ᠴᠢᠩᠭᠠᠳᠭᠠᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠲᠠᠢ ᠤᠶᠠᠯᠳᠤᠭᠤᠯᠤᠨ ᠲᠦᠷᠦ᠎ᠶᠢᠨ ᠶᠠᠪᠤᠳᠠᠯ᠎ᠢ ᠵᠦᠪᠯᠡᠨ ᠠᠷᠭ᠎ᠠ ᠤᠬᠠᠭᠠᠨ ᠭᠠᠷᠭᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠵᠥᠪᠯᠡᠬᠦ᠌ ᠠᠷᠠᠳᠴᠢᠯᠠᠯ᠎ᠤᠨ ᠲᠣᠭ᠍ᠲᠠᠴᠠ᠎ᠶ᠋ᠢ ᠪᠦᠷᠢᠨᠱᠢᠬᠦᠯᠵᠤ᠂ ᠵᠠᠪᠠᠯ ᠢᠯᠠᠯᠲᠠ ᠤᠯᠬᠤ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠡᠮᠡᠬᠡᠢᠯᠡᠨ ᠤᠷᠤᠭ᠍ᠰᠢᠯᠠᠬᠤ ᠬᠦᠴᠦᠨ ᠴᠢᠳᠠᠯ᠎ᠢ ᠨᠢᠭ᠍ᠲᠠᠷᠠᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠵᠤ᠂ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠰᠠᠭᠤᠷᠢ᠎ᠶ᠋ᠢ ᠲᠠᠰᠤᠷᠠᠯᠳᠡ ᠦᠭᠡᠢ ᠪᠡᠬᠢᠵᠢᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠥᠮᠦᠰ᠎ᠦᠨ ᠰᠡᠳᠭᠢᠯ᠎ᠢ ᠥᠷᠭᠡᠨ᠎ᠢᠶᠡᠷ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠤᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭ᠌ᠲᠡᠢ ᠭᠡᠵᠦ᠍ ᠢᠯᠡᠳᠭᠡᠪᠡ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠵᠢᠶᠠᠩ ᠽᠦᠸᠧ ᠵᠢᠶᠦ᠋ᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ᠎ᠶᠢᠨ ᠪᠠᠢᠩᠭᠤ᠎ᠶ᠋ᠢᠨ ᠬᠤᠷᠢᠶ᠎ᠠ᠎ᠶ᠋ᠢ ᠲᠥᠯᠥᠭᠡᠯᠡᠵᠦ᠍᠂ ᠶᠡᠬᠡ ᠬᠤᠷᠠᠯ᠎ᠳᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠶᠠᠳᠤᠭᠠᠷ ᠬᠤᠷᠠᠯ ᠡᠴᠡ ᠨᠠᠭᠠᠱᠢᠬᠢ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ ᠬᠢᠪᠡ᠃ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ᠎ᠶᠢᠨ ᠬᠣᠶᠠᠳᠤᠭᠠᠷ ᠬᠤᠷᠠᠯ ᠡᠴᠡ ᠨᠠᠭᠠᠰᠢ᠂ ᠨᠡᠢᠲᠡ 6019 ᠬᠤᠪᠢ ᠰᠠᠨᠠᠯ ᠳᠤᠷᠠᠳᠤᠯᠭ᠎ᠠ ᠳᠡᠪᠰᠢᠬᠦᠯᠵᠦ᠂ ᠬᠢᠨᠠᠨ ᠪᠠᠢᠴᠠᠭᠠᠬᠤ ᠪᠡᠷ ᠳᠠᠮᠵᠢᠨ 5091 ᠬᠤᠪᠢ ᠵᠢ ᠨᠢ ᠬᠡᠷᠡᠭ ᠪᠤᠯᠭᠠᠨ ᠳᠠᠩᠰᠠᠯᠠᠵᠤ᠂ 99.9% ᠵᠢᠨ ᠰᠠᠨᠠᠯ ᠳᠤᠷᠠᠳᠤᠯᠭ᠎ᠠ᠎ᠶ᠋ᠢ ᠨᠢᠭᠡᠨᠲᠡ ᠱᠢᠶ᠋ᠳᠪᠦᠷᠢᠯᠡᠵᠦ᠍ ᠬᠠᠷᠢᠭᠤᠯᠲᠠ ᠥᠭ᠌ᠪᠡ᠃ ᠰᠠᠨᠠᠯ ᠳᠤᠷᠠᠳᠤᠯᠭ᠎ᠠ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠨᠡᠢᠭᠡᠮ᠎ᠦᠨ ᠡᠶ᠎ᠡ ᠵᠣᠬᠢᠴᠠᠩᠭᠤᠢ ᠪᠠ ᠲᠣᠭ᠍ᠲᠠᠭᠤᠨ ᠪᠠᠢᠳᠠᠯ᠎ᠢ ᠬᠠᠮᠠᠭᠠᠯᠠᠬᠤ ᠵᠡᠷᠭᠡ᠎ᠲᠡᠶ ᠨᠢᠭ᠍ᠲᠠ ᠤᠶᠠᠯᠳᠤᠭᠤᠯᠤᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠦᠯᠡᠮᠵᠢ ᠣᠯᠠᠨ ᠰᠠᠨᠠᠯ ᠰᠠᠨᠠᠭᠤᠯᠭ᠎ᠠ᠎ᠶ᠋ᠢ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠪᠣᠯᠭᠠᠨ ᠤᠨᠳᠤᠤᠰᠢᠭᠤᠯᠵᠤ᠂ ᠬᠣᠯᠪᠣᠭ᠍ᠳᠠᠯ ᠪᠥᠬᠥᠶ ᠬᠥᠭ᠌ᠵᠢᠯᠲᠡ᠎ᠶ᠋ᠢᠨ ᠲᠥᠯᠥᠪᠵᠢᠭᠦᠯᠭᠡ᠂ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠲᠦᠷᠢᠮ ᠪᠢᠴᠢᠭ ᠮᠠᠲ᠋ᠧᠷᠢᠶᠠᠯ᠎ᠳᠤ ᠨᠠᠢᠳᠠᠪᠤᠷᠢᠵᠢᠭᠤᠯᠤᠭᠠᠳ᠂ ᠰᠠᠨᠠᠯ ᠳᠤᠷᠠᠳᠤᠯᠭ᠎ᠠ᠎ᠶ᠋ᠢᠨ ᠦᠶ᠋ᠯᠡᠳᠦᠯ᠎ᠢ ᠤᠯᠠᠮ ᠨᠢᠭᠡ ᠠᠯᠬᠤᠮ ᠢᠯᠡᠷᠡᠭᠦᠯᠪᠡ᠃

ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠭ᠍ᠰᠠᠨ ᠤᠳᠤᠷᠢᠳᠭᠤ ᠨᠥᠬᠥᠳ᠎ᠲᠦ ᠪᠠᠰᠠ᠄ ᠮᠠ ᠱᠢᠩ ᠷᠦᠢ᠂ ᠸᠠᠩ ᠢ᠂ ᠶᠢᠨ ᠯᠢ᠂ ᠯᠢᠦ ᠭᠦᠸᠧ ᠵᠦᠩ᠂ ᠯᠢ ᠭᠠᠨ ᠵᠢᠶ᠍ᠸ᠂ ᠯᠢ ᠱᠤ᠌ ᠯᠸᠢ᠂ ᠯᠢ ᠬᠣᠩ ᠵᠦᠩ᠂ ᠾᠧ ᠸᠧᠢ ᠳ᠋ᠦᠩ᠂ ᠾᠧ ᠯᠢ ᠹᠸᠩ᠂ ᠵᠠᠩ ᠶᠢᠤ ᠱᠢᠶᠠ᠂ ᠵᠠᠩ ᠭᠦᠸᠧ ᠴᠢᠩ᠂ ᠴᠧᠨ ᠸᠸᠨ ᠴᠢᠩ᠂ ᠴᠧᠨ ᠵᠶ᠋ᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ᠍᠎ᠶ᠋ᠢᠨ ᠭᠦᠸᠧ᠂ ᠸᠠᠩ ᠱᠢᠶᠤᠤ ᠬᠣᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠸᠢ᠂ ᠯᠤᠪᠰᠠᠩᠵᠠᠯᠰᠠᠨ᠂ ᠰᠢᠤᠸᠠᠢᠺᠸᠯᠠᠢᠲ᠋ᠢ·ᠵᠠᠺᠸᠯ᠂ ᠡᠦ ᠵᠸᠩ ᠯᠦᠩ᠂ ᠱᠸᠨ ᠢ ᠴᠢᠨ᠂ ᠵᠠᠩ ᠵᠢᠶᠦ᠋ᠨ᠂ ᠶᠢᠩ ᠶᠥᠩ ᠨᠠᠷ ᠪᠤᠢ᠃

ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠶᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠤᠷᠢᠯᠭ᠎ᠠ᠎ᠪᠠᠷ ᠡᠬᠢᠯᠡᠯᠲᠡ᠎ᠶ᠋ᠢᠨ ᠬᠤᠷᠠᠯ᠎ᠳᠤ ᠰᠤᠯᠠ ᠣᠷᠣᠯᠴᠠᠪᠠ᠃ ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶ᠋ᠢᠨ ᠡᠯᠴᠢᠨ ᠰᠠᠢᠳ᠂ ᠭᠠᠳᠠᠭᠠᠳᠤ᠎ᠳᠤ ᠰᠠᠭᠤᠭ᠎ᠠ ᠬᠠᠷᠢᠶᠠᠲᠤ᠎ᠨᠠᠷ ᠤᠷᠢᠯᠭ᠎ᠠ᠎ᠪᠠᠷ ᠡᠬᠢᠯᠡᠯᠲᠡ᠎ᠶ᠋ᠢᠨ ᠬᠤᠷᠠᠯ᠎ᠳᠤ ᠣᠷᠣᠯᠴᠠᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面