2025-03-05 09:43:17
— ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠡᠬᠢᠯᠡᠭ᠌ᠰᠡᠨ᠎ᠳᠦ ᠬᠠᠯᠠᠭᠤᠨ ᠪᠠᠶᠠᠷ ᠬᠦᠷᠭᠡᠶ᠎ᠡ
ᠤᠷᠢᠬᠠᠨ ᠬᠠᠪᠤᠷ ᠲᠤᠷᠤᠨ᠎ᠠ᠎ᠶ᠋ᠢᠨ ᠰᠠᠯᠬᠢ ᠢᠯᠪᠢᠬᠦᠶ᠎ᠠ᠂ ᠠᠭᠤᠯᠠ ᠤᠰᠤ ᠱᠢᠨ᠎ᠡ ᠥᠨᠭᠭᠡ ᠳᠦᠷᠬᠥ ᠢᠯᠡᠷᠡᠭᠦᠯᠦᠨ᠎ᠠ᠃ 3 ᠰᠠᠷ᠎ᠠ᠎ᠶ᠋ᠢᠨ 5 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ᠌ ᠤᠯᠤᠰ ᠤᠨ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠪᠡᠭᠡᠵᠢᠩ᠎ᠳᠦ ᠦᠪᠡᠳᠡᠭ᠌ᠰᠢ ᠶᠡᠬᠡ ᠪᠡᠷ ᠡᠬᠢᠯᠡᠪᠡ᠃ 3000 ᠱᠢᠬᠠᠮ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠨᠢᠭᠡ ᠲᠠᠩᠬᠢᠮ᠎ᠳᠤ ᠴᠤᠭ᠍ᠯᠠᠷᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠱᠢᠢᠳᠪᠦᠷᠢᠲᠦ ᠢᠯᠠᠯᠲᠠ᠎ᠶ᠋ᠢ ᠤᠯᠬᠤ ᠳᠤ ᠰᠠᠨᠠᠯ ᠰᠠᠨᠠᠭᠤᠯᠭ᠎ᠠ ᠳᠤᠷᠠᠳᠴᠤ ᠠᠷᠭ᠎ᠠ ᠤᠬᠠᠭᠠᠨ ᠭᠠᠷᠭᠠᠵᠤ᠂ ᠳᠤᠮᠳᠠᠳᠤ ᠤᠯᠤᠰ ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠰᠡᠳᠭᠢᠯ ᠵᠢᠡᠨ ᠨᠢᠭᠡᠳᠭᠡᠨ ᠬᠦᠴᠦ᠍ ᠪᠡᠨ ᠬᠠᠮᠲᠤᠳᠬᠠᠨ᠎ᠠ᠃ ᠪᠢᠳᠡ ᠶᠡᠬᠡ ᠬᠤᠷᠠᠯ᠎ᠤᠨ ᠬᠤᠷᠠᠯᠳᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ!
ᠰᠦᠷ ᠳᠠᠯᠠᠢᠴᠠᠲᠠᠢ ᠠᠶᠠᠨ ᠳᠤ ᠲᠡᠮᠡᠴᠡᠯ ᠤ᠋ᠨ ᠬᠠᠷᠢᠭᠤᠴᠠᠯᠭ᠎ᠠ ᠡᠭᠦᠷᠭᠡᠯᠡᠯ ᠢ᠋ ᠪᠠᠲᠤ ᠴᠡᠭᠡᠵᠢᠯᠡᠵᠦ᠍᠂ ᠢᠳᠡᠷᠡᠭᠦᠨ ᠠᠯᠬᠤᠭ᠎ᠠ ᠪᠡᠷ ᠭᠠᠪᠰᠢᠭᠠᠢᠯᠠᠨ ᠤᠷᠤᠭᠰᠢᠯᠠᠨ᠎ᠠ᠃ ᠮᠠᠷᠲᠠᠭ᠍ᠳᠠᠰᠢ ᠦᠭᠡᠢ 2024 ᠣᠨ᠎ᠳᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰᠲᠠᠶᠠᠭᠠᠷ ᠡᠷᠡᠮᠡᠬᠡᠢᠯᠡᠨ ᠤᠷᠤᠭ᠍ᠰᠢᠯᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠮᠠᠰᠢ ᠤᠯᠠᠨ ᠶᠡᠬᠡ ᠶᠠᠪᠤᠳᠠᠯ ᠴᠢᠬᠤᠯᠠ ᠶᠠᠪᠤᠳᠠᠯ᠎ᠢ ᠪᠦᠲᠦᠭᠡᠵᠦ᠍᠂ ᠮᠠᠰᠢ ᠤᠯᠠᠨ ᠬᠦᠴᠢᠷ ᠶᠠᠪᠤᠳᠠᠯ ᠪᠠᠴᠢᠮ ᠶᠠᠪᠤᠳᠠᠯ᠎ᠢ ᠱᠢᠢᠳᠪᠦᠷᠢᠯᠡᠪᠡ᠃ 《ᠴᠠᠭ ᠦᠶ᠎ᠡ᠎ᠶ᠋ᠢᠨ ᠱᠢᠨ᠎ᠡ ᠬᠠᠭᠤᠳᠠᠰᠤ》 ᠪᠡᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠵᠤ᠂ 《ᠬᠠᠮᠤᠭ᠎ᠤᠨ ᠰᠠᠢ᠌ᠨ ᠠᠵᠢᠯᠯᠠᠭ᠎ᠠ》 ᠪᠡᠷ ᠪᠦᠬᠦᠳᠡ ᠨᠠᠢᠷᠠᠮᠳᠠᠬᠤ ᠲᠤᠮᠳᠠᠳᠤ ᠠᠷᠠᠤᠨ ᠤᠯᠤᠰᠪᠠᠢᠭᠤᠯᠤᠬᠳᠠᠬᠰᠡᠨ 75 ᠵᠢᠯ᠎ᠦᠨ ᠤᠢ᠎ᠶ᠋ᠢ ᠪᠡᠯᠭᠡᠯᠡᠵᠤ᠂ ᠪᠢᠳᠡᠨ ᠤ᠋ ᠬᠠᠷᠠᠯᠲᠠ ᠨᠡᠩ ᠡᠷᠡᠰ ᠪᠠᠲᠤ ᠪᠣᠯᠪᠠ; ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ᠂ ᠠᠮᠤ ᠪᠤᠳᠠᠭᠠᠨ᠎ᠤ ᠤᠨᠠᠯᠲᠠ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠵᠦ᠍᠂ ᠴᠠᠩ ᠧ ᠵᠢᠷᠭᠤᠳᠤᠭᠠᠷ᠂ ᠱᠸᠨᠵᠸᠨ ᠡᠴᠡ ᠵᠦᠩᠱᠠᠨ ᠬᠦᠷᠬᠦ ᠲᠠᠯᠠᠢ ᠰᠤᠨᠳᠠᠯᠠᠬᠰᠡᠨ ᠵᠠᠮ ᠵᠡᠷᠭᠡ ᠰᠢᠨ᠎ᠠ ᠵᠢ ᠡᠭᠦᠳᠦᠭᠰᠡᠨ ᠦᠷ᠎ᠠ ᠪᠦᠲᠦᠭᠡᠯ ᠢ᠋ ᠤᠯᠵᠤ᠂ 《ᠲᠣᠭ᠍ᠲᠠᠭᠤᠨ》 ᠤ᠋ ᠰᠠᠭᠤᠷᠢ ᠨᠡᠩ ᠪᠡᠬᠢᠵᠢᠵᠦ᠍᠂ 《ᠤᠷᠤᠭ᠍ᠰᠢᠯᠠᠯᠳᠠ》 ᠵᠢᠨ ᠬᠥᠳᠡᠯᠭᠡᠬᠦ᠌ ᠡᠨᠧᠷᠭᠢ ᠲᠠᠰᠤᠷᠠᠯᠲᠠ ᠦᠭᠡᠢ ᠴᠢᠩᠭᠠᠷᠠᠵᠤ᠂ ᠪᠢᠳᠡᠨ᠎ᠤ ᠬᠥᠳᠡᠯᠭᠡᠬᠦ᠌ ᠬᠦᠴᠦᠨ ᠨᠡᠩ ᠬᠦᠴᠦᠷᠬᠡᠭ᠌ᠵᠢᠪᠡ; ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠠᠯᠠᠪᠤᠷ᠎ᠲᠤ ᠡᠷᠡᠯᠬᠡᠭ᠌ᠯᠡᠨ ᠲᠡᠮᠡᠴᠡᠵᠦ᠍᠂ ᠬᠦᠨᠳᠦ ᠶᠡᠬᠡ ᠪᠠᠢᠭᠠᠯᠢ᠎ᠶ᠋ᠢᠨ ᠭᠠᠮᠱᠢᠭ ᠤ᠋ᠨ ᠡᠮᠦᠨ᠎ᠡ ᠲᠦᠮᠡᠨ ᠤᠯᠠᠨ᠎ᠢᠶᠠᠷ᠎ᠢᠶᠠᠨ ᠵᠤᠷᠢᠭ ᠨᠢᠭᠡᠳᠦᠨ᠂ ᠤᠯᠠᠨ ᠤᠯᠤᠰ᠎ᠤᠨ ᠲᠠᠪᠴᠠᠩ ᠳᠡᠭᠡᠷ᠎ᠡ ᠳᠤᠮᠳᠠᠳᠤ ᠤᠯᠤᠰ᠎ᠤᠨ ᠵᠣᠷᠢᠯᠲᠠ᠎ᠶ᠋ᠢ ᠢᠯᠡ ᠲᠣᠳᠣᠷᠬᠠᠢ ᠳᠤᠷᠠᠳᠴᠤ᠂ ᠪᠢᠳᠡᠨ ᠤ᠋ ᠵᠣᠷᠢᠭ ᠰᠠᠨᠠᠭ᠎ᠠ ᠨᠡᠩ ᠴᠤᠭ ᠪᠠᠳᠠᠷᠠᠩᠭᠤᠢ ᠪᠣᠯᠪᠠ᠃
ᠥᠩᠭᠡᠷᠡᠭ᠌ᠰᠡᠨ ᠨᠢᠭᠡ ᠵᠢᠯ᠎ᠦᠨ ᠠᠮᠵᠢᠯᠲᠠ ᠪᠦᠲᠦᠮᠵᠢ ᠲᠤᠢᠯ᠎ᠤᠨ ᠬᠢᠯᠪᠠᠷ ᠪᠤᠰᠤ ᠪᠠᠢᠵᠦ᠂ ᠬᠦᠮᠦᠰ ᠢ᠋ ᠤᠷᠮᠠᠰᠢᠭᠤᠯᠤᠨ ᠵᠤᠷᠢᠭᠵᠢᠭᠤᠯᠤᠨ᠎ᠠ᠂ ᠡᠨᠡ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠤᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠢᠯᠡᠳᠲᠡ ᠳᠠᠪᠠᠭᠤᠯᠢᠭ᠎ᠢ ᠭᠦᠢᠴᠡᠳ ᠢᠯᠡᠷᠡᠭᠦᠯᠵᠦ᠍᠂ ᠪᠢᠳᠡᠨ᠎ᠦ ᠱᠢᠨ᠎ᠡ ᠴᠠᠭ ᠦᠶ᠎ᠡ ᠱᠢᠨ᠎ᠡ ᠠᠶᠠᠨ᠎ᠳᠤ ᠵᠠᠮ ᠨᠡᠭᠡᠭᠡᠨ ᠤᠷᠤᠭ᠍ᠰᠢᠯᠠᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠬᠤ ᠢᠲᠡᠭᠡᠯ ᠵᠣᠷᠢᠭ᠎ᠢ ᠨᠡᠩ ᠪᠠᠲᠤᠳᠭᠠᠵᠠᠢ᠃ ᠶᠠᠭ ᠶᠡᠷᠦᠩᠬᠡᠢ ᠱᠦᠵᠢ ᠰᠢ ᠵᠢᠨ ᠫᠢᠩ ᠤ᠋ᠨ ᠭᠦᠨᠵᠡᠭᠡᠢ ᠵᠢᠭᠠᠵᠤ ᠭᠠᠷᠭᠠᠭᠰᠠᠨᠴᠢᠯᠠᠨ᠄ 《ᠪᠢᠳᠡ ᠢᠲᠡᠭᠡᠯ ᠵᠣᠷᠢᠭ᠎ᠢᠶᠠᠨ ᠭᠤᠢᠪᠢᠰᠢ ᠦᠭᠡᠢ ᠪᠠᠲᠤᠳᠭᠠᠵᠤ᠂ ᠵᠥᠷᠢᠴᠡᠯ ᠠᠰᠠᠭᠤᠳᠠᠯ ᠡᠴᠡ ᠵᠠᠢᠯᠠᠬᠤ ᠦᠭᠡᠢ ᠪᠡᠷ ᠱᠢᠭᠤᠳ ᠬᠠᠨᠳᠤᠵᠤ ᠂ ᠠᠶᠤᠯ ᠲᠦᠭ᠌ᠰᠢᠭᠦᠷᠢ ᠥᠷᠢᠰᠥᠯᠳᠦᠭᠡᠨ ᠢ᠋ ᠤᠬᠤᠷᠢᠯ ᠦᠭᠡᠢ ᠪᠡᠷ ᠠᠷᠭᠠᠴᠠᠭᠠᠳᠠᠭ ᠯᠡ ᠶᠤᠮ ᠪᠣᠯ ᠥᠭᠡᠷᠡᠴᠢᠯᠡᠯᠲᠡ ᠬᠥᠭ᠌ᠵᠢᠯᠲᠡ᠎ᠶ᠋ᠢᠨ ᠱᠢᠨ᠎ᠡ ᠣᠷᠣᠨ ᠵᠠᠢ᠎ᠶ᠋ᠢ ᠯᠠᠪᠲᠠᠢ ᠨᠡᠭᠡᠭᠡᠵᠦ᠍ ᠴᠢᠳᠠᠨ᠎ᠠ! 》
ᠪᠠᠢᠭᠤᠯᠤᠯ ᠲᠣᠭ᠍ᠲᠠᠭᠤᠨ ᠪᠣᠯᠪᠠᠰᠤ ᠤᠯᠤᠰ ᠣᠷᠣᠨ ᠲᠣᠭ᠍ᠲᠠᠭᠤᠨ ᠪᠤᠯᠤᠮᠤᠢ᠂ ᠪᠠᠢᠭᠤᠯᠤᠯ ᠬᠦᠴᠦᠷᠭᠡᠭ ᠪᠣᠯᠪᠠᠰᠤ ᠤᠯᠤᠰ ᠣᠷᠣᠨ ᠬᠦᠴᠦᠷᠬᠡᠭ ᠪᠤᠯᠤᠮᠤᠢ᠃ 70 ᠭᠠᠷᠤᠢ ᠵᠢᠯ᠎ᠦᠨ ᠲᠤᠷᠰᠢ᠂ ᠨᠠᠮ᠎ᠤᠨ ᠤᠳᠤᠷᠢᠳᠤᠯᠭ᠎ᠠ ᠳᠣᠣᠷ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠳᠤᠮᠳᠠᠳᠤ ᠤᠯᠤᠰ᠎ᠤᠨ ᠡᠬᠡ ᠭᠠᠵᠠᠷ᠎ᠲᠤ ᠪᠠᠲᠤ ᠦᠨᠳᠦᠰᠦᠯᠡᠵᠦ᠍᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠦᠢᠯᠡᠳᠦᠯᠭᠡ᠎ᠳᠦ ᠭᠦᠨᠵᠡᠭᠡᠢ ᠠᠭᠤᠰᠤᠯᠴᠠᠵᠤ᠂《ᠬᠣᠶᠠᠷ ᠶᠡᠬᠡ ᠭᠠᠢᠬᠠᠮᠱᠢᠭ》᠎ᠢ᠋ ᠡᠭᠦᠳᠬᠦ᠌᠎ᠳᠦ ᠴᠢᠬᠤᠯᠠ ᠪᠠᠢᠭᠤᠯᠤᠯ᠎ᠤᠨ ᠪᠠᠲᠤᠯᠠᠭ᠎ᠠ ᠬᠠᠩᠭᠠᠪᠠ᠃ ᠥᠩᠭᠡᠷᠡᠭ᠌ᠰᠡᠨ ᠨᠢᠭᠡ ᠵᠢᠯ ᠳ᠋ᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠳᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ ᠶ᠋ᠢ ᠣᠷᠭᠠᠨᠢᠭ᠎ᠢᠶᠠᠷ ᠨᠢᠭᠡᠳᠭᠡᠬᠦ ᠵᠢ ᠪᠠᠷᠢᠮᠳᠠᠯᠠᠵᠤ᠂ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ ᠪᠠ ᠬᠢᠨᠠᠯᠲᠠ᠎ᠶ᠋ᠢ ᠴᠢᠩᠭᠠᠳᠭᠠᠵᠤ ᠦᠨᠳᠦᠰᠦᠨ ᠬᠠᠤᠯᠢ᠎ᠶ᠋ᠢᠨ ᠡᠷᠬᠡ ᠰᠦᠷ ᠪᠠ ᠨᠡᠷ᠎ᠡ ᠬᠦᠨᠳᠦ᠍᠎ᠶ᠋ᠢ ᠬᠠᠮᠠᠭᠠᠯᠠᠵᠤ᠂ ᠴᠢᠨᠠᠷ ᠰᠠᠢᠲᠠᠶ ᠬᠠᠤᠯᠢ ᠲᠣᠭ᠍ᠲᠠᠭᠠᠯᠲᠠ᠎ᠪᠠᠷ ᠥᠭᠡᠷᠡᠴᠢᠯᠡᠯᠲᠡ ᠬᠥᠭ᠌ᠵᠢᠯᠲᠡ᠎ᠶ᠋ᠢ ᠪᠠᠲᠤᠯᠠᠬᠤ ᠪᠠ ᠦᠢᠯᠡᠴᠢᠯᠡᠵᠤ᠂ ᠪᠦᠲᠦᠮᠵᠢᠲᠡᠢ ᠬᠢᠨᠠᠯᠲᠠ᠎ᠪᠠᠷ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠠᠳᠠᠭᠠᠳᠤ ᠶᠠᠪᠤᠯᠴᠠᠭ᠎ᠠ ᠪᠠᠷ ᠤᠯᠤᠰ᠎ᠤᠨ ᠭᠠᠳᠠᠭᠠᠳᠤ ᠬᠠᠷᠢᠯᠴᠠᠭᠠᠨ᠎ᠤ ᠶᠡᠬᠡ ᠲᠠᠯ᠎ᠠ᠎ᠳᠤ ᠦᠢᠯᠡᠴᠢᠯᠡᠵᠤ᠂ ᠡᠯ᠎ᠡ ᠵᠦᠢᠯ᠎ᠦᠨ ᠠᠵᠢᠯ ᠱᠢᠨ᠎ᠡ ᠠᠬᠢᠯᠳᠠ ᠪᠠ ᠱᠢᠨ᠎ᠡ ᠦᠷ᠎ᠡ ᠪᠦᠲᠦᠮᠵᠢ ᠤᠯᠵᠤ᠂ ᠨᠠᠮ ᠪᠠ ᠤᠯᠤᠰ᠎ᠤᠨ ᠠᠵᠢᠯ ᠦᠶ᠋ᠯᠡᠰ᠎ᠦᠨ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠪᠡ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠪᠣᠯ ᠮᠠᠨ᠎ᠤ ᠤᠯᠤᠰ᠎ᠤᠨ ᠤᠯᠤᠰ᠎ᠤᠨ ᠪᠠᠢᠳᠠᠯ ᠪᠠ ᠪᠣᠳᠠᠲᠤ ᠪᠠᠢᠳᠠᠯ᠎ᠳᠤ ᠨᠡᠢᠴᠡᠭ᠌ᠰᠡᠨ᠂ ᠨᠡᠢᠭᠡᠮ ᠵᠢᠷᠤᠮᠲᠤ ᠤᠯᠤᠰ᠎ᠤᠨ ᠱᠢᠨᠵᠢ ᠴᠢᠨᠠᠷ᠎ᠢ ᠢᠯᠡᠷᠡᠭᠦᠯᠦᠭ᠌ᠰᠡᠨ᠂ ᠠᠷᠠᠳ ᠲᠦᠮᠡᠨ᠎ᠦ ᠡᠵᠡᠨ ᠰᠠᠭᠤᠵᠤ ᠡᠷᠬᠡ ᠮᠡᠳᠡᠬᠦ᠌᠎ᠶ᠋ᠢ ᠪᠠᠲᠤᠯᠠᠭ᠍ᠰᠠᠨ ᠰᠠᠢ᠌ᠨ ᠪᠠᠢᠭᠤᠯᠤᠯ ᠮᠥᠨ᠂ ᠪᠦᠬᠦ᠌ ᠠᠷᠠᠳ ᠲᠦᠮᠡᠨ᠎ᠦ ᠬᠦᠴᠦᠨ᠎ᠢ ᠪᠦᠲᠦᠮᠵᠢᠲᠡᠢ ᠨᠢᠭ᠍ᠲᠠᠷᠠᠭᠤᠯᠵᠤ ᠬᠠᠮᠲᠤ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠵᠤ ᠴᠢᠳᠠᠬᠤ ᠰᠠᠢ᠌ᠨ ᠪᠠᠢᠭᠤᠯᠤᠯ ᠮᠥᠨ ᠭᠡᠳᠡᠭ᠎ᠢ ᠦᠢᠯᠡᠳᠦᠯᠭᠡ ᠬᠠᠷᠠᠭᠤᠯᠪᠠ᠃
ᠴᠥᠬᠥᠷᠡᠰᠢ ᠦᠭᠡᠢ ᠲᠡᠮᠡᠴᠡᠯ᠎ᠢᠶᠡᠷ ᠳᠠᠮᠵᠢᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠨᠢᠭᠡᠨᠲᠡ ᠰᠦᠷᠯᠢᠭ ᠰᠠᠢᠬᠠᠨ ᠵᠢᠷᠤᠭ ᠳᠦᠷᠰᠦ᠎ᠶ᠋ᠢ ᠳᠡᠯᠭᠡᠨ ᠦᠵᠡᠭᠦᠯᠦᠭ᠌ᠰᠡᠨ ᠪᠥᠭᠡᠳ ᠬᠢᠵᠠᠭᠠᠯᠠᠰᠢ ᠦᠭᠡᠢ ᠭᠡᠷᠡᠯ ᠰᠠᠴᠤᠷᠠᠩᠭᠤᠢ ᠠᠯᠤᠰ ᠢᠷᠡᠭᠡᠳᠦᠢ᠎ᠲᠡᠶ ᠪᠣᠯᠵᠠᠢ᠃ ᠣᠳᠣᠬᠠᠨ᠎ᠤ ᠳᠡᠯᠡᠬᠡᠢ ᠶᠢᠷᠲᠢᠨᠴᠦ᠍᠎ᠳᠤ ᠬᠤᠪᠢᠰᠤᠯᠳᠠ ᠰᠠᠮᠠᠭᠤᠷᠠᠯ ᠰᠣᠯᠪᠢᠴᠠᠵᠤ᠂ ᠵᠠᠭᠤᠨ ᠵᠢᠯ᠎ᠳ᠋ᠤ ᠲᠤᠬᠢᠶᠠᠯᠳᠤᠭ᠎ᠠ ᠦᠭᠡᠢ ᠬᠤᠪᠢᠰᠤᠯᠳᠠ ᠲᠦᠷᠭᠡᠰᠴᠤ᠂ ᠤᠷᠤᠭ᠍ᠰᠢᠯᠠᠯᠲᠠ᠎ᠶ᠋ᠢᠨ ᠵᠠᠮ ᠳᠡᠭᠡᠷᠡᠬᠢ ᠠᠶᠤᠯ ᠲᠦᠭ᠌ᠰᠢᠭᠦᠷᠢ ᠥᠷᠢᠰᠥᠯᠳᠦᠭᠡᠨ ᠪᠣᠯᠤᠨ ᠲᠣᠭ᠍ᠲᠠᠯᠭᠠᠳᠤ ᠪᠤᠰᠤ ᠬᠦᠴᠦᠨ ᠵᠦᠢᠯ᠎ᠢ ᠢᠯᠠᠨ ᠳᠠᠪᠠᠬᠤ᠎ᠳᠤ᠂ ᠨᠡᠩ ᠴᠤ᠌ 《ᠤᠷᠬᠢᠯ ᠳ᠋ᠤᠷ ᠠᠪᠠᠷᠢᠬᠤ ᠳ᠋ᠤ ᠪᠡᠷᠭᠡ ᠡᠴᠡ ᠦᠯᠤ ᠠᠶᠤᠬᠤ》 ᠡᠷᠴᠢ ᠵᠣᠷᠢᠭ ᠪᠠᠢᠬᠤ ᠬᠡᠷᠡᠭ᠌ᠲᠡᠢ᠃ ᠠᠷᠠᠳ ᠲᠦᠮᠡᠨ ᠪᠣᠯ ᠲᠡᠦᠬᠡ᠎ᠶ᠋ᠢ ᠡᠭᠦᠳᠦᠨ ᠪᠦᠲᠦᠭᠡᠭ᠌ᠴᠢ ᠮᠥᠨ᠂ ᠠᠯᠢᠪᠠ ᠬᠦᠴᠢᠷ ᠪᠡᠷᠬᠡᠱᠢᠶᠡᠯ ᠥᠷᠢᠰᠥᠯᠳᠦᠭᠡᠨ᠎ᠢ ᠢᠯᠠᠨ ᠳᠠᠪᠠᠬᠤ ᠬᠠᠮᠤᠭ᠎ᠤᠨ ᠶᠡᠬᠡ ᠲᠦᠱᠢᠭ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠲᠦᠭ ᠲᠦᠮᠡᠨ ᠠᠷᠠᠳ ᠲᠦᠮᠡᠨ᠎ᠦ ᠥᠪᠡᠷ᠎ᠦᠨ ᠬᠢᠨᠢ ᠦᠢᠯᠡᠰ ᠮᠥᠨ᠂ ᠭᠠᠭ᠍ᠴᠠ ᠬᠦ᠌ ᠠᠷᠠᠳ ᠲᠦᠮᠡᠨ᠎ᠢ ᠴᠢᠩᠭ᠎ᠠ ᠲᠦᠱᠢᠭ᠌ᠯᠡᠪᠡᠯ ᠰᠠᠶᠢ ᠲᠡᠦᠬᠡ᠎ᠶ᠋ᠢᠨ ᠱᠢᠨ᠎ᠡ ᠠᠭᠤᠤ ᠦᠢᠯᠡᠰ᠎ᠢ ᠲᠠᠰᠤᠷᠠᠯᠳᠠ ᠦᠭᠡᠢ ᠡᠭᠦᠳᠦᠨ ᠪᠦᠲᠦᠭᠡᠵᠦ᠍ ᠴᠢᠳᠠᠨ᠎ᠠ᠃ ᠱᠢᠨ᠎ᠡ ᠠᠶᠠᠨ ᠳ᠋ᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠭᠡᠬᠦ᠌ ᠡᠨᠡ ᠬᠦ᠌ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠡᠶᠡᠯᠡᠭᠦᠯᠬᠦ᠌ ᠴᠢᠬᠤᠯᠠ ᠪᠠᠢᠭᠤᠯᠤᠯ᠎ᠤᠨ ᠠᠴᠢᠶᠠᠯᠠᠪᠤᠷᠢ᠎ᠶ᠋ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠍᠂ ᠰᠠᠢᠲᠤᠷ ᠬᠡᠷᠡᠭ᠌ᠵᠢᠭᠦᠯᠵᠦ᠍᠂ ᠠᠷᠠᠳ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠰᠣᠨᠣᠰᠴᠤ᠌᠂ ᠠᠷᠠᠳ ᠲᠦᠮᠡᠨ ᠦ ᠤᠶᠤᠨ ᠤᠬᠠᠭᠠᠨ᠎ᠢ ᠨᠢᠭ᠍ᠲᠠᠷᠠᠭᠤᠯᠵᠤ᠂ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠬᠠᠷᠢᠭᠤᠯᠲᠠ ᠥᠭ᠌ᠴᠦ᠂ ᠡᠨᠡ ᠬᠦ᠌ ᠪᠠᠢᠭᠤᠯᠤᠯ᠎ᠤᠨ ᠢᠯᠡᠳᠲᠡ ᠳᠠᠪᠠᠭᠤᠯᠢᠭ᠎ᠢ ᠨᠡᠩ ᠭᠦᠢᠴᠡᠳ ᠪᠠᠳᠠᠷᠠᠭᠤᠯᠪᠠᠯ᠂ ᠯᠠᠪᠲᠠᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠠᠤᠭ᠎ᠠ ᠶᠡᠬᠡ ᠬᠦᠴᠦᠨ ᠴᠢᠳᠠᠯ᠎ᠢ ᠨᠢᠭ᠍ᠲᠠᠷᠠᠭᠤᠯᠵᠤ ᠴᠢᠳᠠᠨ᠎ᠠ᠃
ᠪᠦᠬᠦ᠌ ᠤᠯᠤᠰ᠎ᠤᠨ ᠬᠣᠶᠠᠷ ᠬᠤᠷᠠᠯ᠎ᠢ ᠰᠠᠢᠲᠤᠷ ᠬᠤᠷᠠᠯᠳᠤᠭᠤᠯᠬᠤ ᠪᠣᠯ ᠮᠠᠨ᠎ᠤ ᠤᠯᠤᠰ᠎ᠤᠨ ᠤᠯᠤᠰ ᠲᠦᠷᠦ᠍᠎ᠶ᠋ᠢᠨ ᠠᠮᠢᠳᠤᠷᠠᠯ ᠳᠤᠮᠳᠠᠬᠢ ᠨᠢᠭᠡᠨ ᠲᠤᠮᠤ ᠶᠠᠪᠤᠳᠠᠯ ᠮᠥᠨ᠂ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠲᠥᠯᠥᠪᠵᠢᠭᠦᠯᠬᠦ᠌᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠲᠠᠢ᠌ᠴᠢᠯᠠᠨ ᠨᠠᠮ᠎ᠤᠨ ᠲᠥᠪ ᠬᠤᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ᠂ ᠮᠥᠨ ᠴᠦ᠍ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠳᠠᠯ᠎ᠡ ᠪᠡᠷ ᠭᠦᠨᠵᠡᠭᠡᠢᠷᠡᠭᠦᠯᠬᠦ᠌ ᠴᠢᠬᠤᠯᠠ ᠨᠢᠭᠡ ᠵᠢᠯ ᠪᠣᠯᠤᠨ᠎ᠠ᠃ ᠵᠠᠩᠭᠢᠯᠠᠭ᠎ᠠ᠎ᠶ᠋ᠢᠨ ᠵᠢᠯ᠎ᠳᠦ ᠵᠠᠩᠭᠢᠯᠠᠭ᠎ᠠ᠎ᠶ᠋ᠢᠨ ᠠᠷᠭ᠎ᠠ ᠪᠤᠳᠤᠯᠭ᠎ᠠ᠎ᠶ᠋ᠢ ᠰᠦᠪᠡᠭ᠌ᠴᠢᠯᠡᠵᠦ᠂ ᠵᠠᠩᠭᠢᠯᠠᠭ᠎ᠠ᠎ᠶ᠋ᠢᠨ ᠠᠵᠢᠯ ᠢ ᠬᠢᠬᠦ᠌ ᠬᠡᠷᠡᠭ᠌ᠲᠡᠢ᠃ ᠨᠠᠮ᠎ᠤᠨ ᠲᠥᠪ ᠬᠤᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠶ᠋ᠢ ᠬᠡᠷᠬᠢᠨ ᠨᠠᠷᠢᠯᠢᠭ ᠪᠣᠳᠠᠲᠠᠢ ᠨᠠᠢᠳᠠᠪᠤᠷᠢᠵᠢᠭᠤᠯᠵᠤ᠂ ᠠᠵᠤ ᠠᠬᠤᠢ ᠶ᠋ᠢᠨ ᠦᠷᠭᠦᠯᠵᠢᠯᠡᠨ ᠳᠡᠭᠡᠭ᠌ᠰᠢᠯᠡᠵᠦ᠍ ᠰᠠᠢᠵᠢᠷᠠᠬᠤ᠎ᠶ᠋ᠢ ᠠᠬᠢᠭᠤᠯᠬᠤ ᠪᠤᠢ? ᠭᠣᠣᠯᠳᠠᠯᠭ᠎ᠠ᠎ᠲᠠᠶ ᠬᠦᠷᠢᠶᠡᠨ᠎ᠳᠡᠬᠢ ᠠᠶᠤᠯ ᠲᠦᠭ᠌ᠰᠢᠭᠦᠷᠢ ᠪᠣᠯᠤᠨ ᠭᠠᠳᠠᠭᠠᠳᠤ ᠣᠷᠴᠢᠨ᠎ᠤ ᠳᠠᠭᠠᠷᠢᠯᠳᠠ᠎ᠶ᠋ᠢ ᠬᠡᠷᠬᠢᠨ ᠪᠦᠲᠦᠮᠵᠢᠲᠡᠢ ᠰᠡᠷᠭᠡᠢᠯᠡᠨ ᠠᠷᠢᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠪᠤᠢ? 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠬᠡᠷᠬᠢᠨ ᠴᠢᠨᠠᠷ ᠰᠠᠢᠲᠠᠶ ᠪᠡᠶᠡᠯᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠪᠠᠲᠤ ᠰᠠᠭᠤᠷᠢ᠎ᠶ᠋ᠢ ᠲᠠᠯᠪᠢᠬᠤ ᠪᠣᠶ? ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠶ᠋ᠢᠨ ᠲᠣᠭᠣᠷᠢᠨ᠎ᠳᠤ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠪᠡᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠭᠤᠷᠪᠠᠳᠤᠭᠠᠷ ᠬᠤᠷᠠᠯ ᠯᠠᠪᠲᠠᠢ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ᠎ᠪᠡᠷ ᠨᠡᠩ ᠶᠡᠬᠡ ᠬᠤᠪᠢ ᠨᠡᠮᠡᠷᠢ ᠦᠵᠡᠭᠦᠯᠬᠦ᠌ ᠪᠣᠯᠤᠨ᠎ᠠ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠠᠷᠠᠳ ᠲᠦᠮᠡᠨ᠎ᠦ ᠳᠤᠮᠳᠠ ᠡᠴᠡ ᠢᠷᠡᠵᠦ᠍᠂ ᠠᠷᠠᠳ ᠲᠦᠮᠡᠨ᠎ᠦ ᠳᠤᠮᠳᠠ ᠦᠨᠳᠦᠰᠦᠯᠡᠵᠦ᠍᠂ ᠠᠷᠠᠳ ᠲᠦᠮᠡᠨ ᠡᠴᠡ ᠣᠯᠭᠣᠭ᠍ᠰᠠᠨ ᠢᠷᠠᠭᠤ ᠠᠯᠳᠠᠷᠲᠤ ᠲᠤᠱᠢᠶᠠᠯ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠥᠷᠭᠡᠨ ᠤᠯᠠᠨ ᠲᠥᠯᠥᠭᠡᠯᠡᠭ᠌ᠴᠢ ᠨᠠᠮ ᠪᠠ ᠤᠯᠤᠰ ᠡᠴᠡ ᠠᠷᠠᠳ ᠤᠯᠠᠨ᠎ᠲᠠᠶ ᠬᠠᠷᠢᠯᠴᠠᠬᠤ ᠬᠥᠭᠥᠷᠭᠡ ᠬᠣᠯᠪᠣᠭᠠᠰᠤ ᠪᠤᠯᠵᠤ᠂ ᠪᠣᠳᠠᠲᠠᠢ᠎ᠶ᠋ᠢ ᠡᠷᠬᠢᠮᠯᠡᠭ᠌ᠰᠡᠨ ᠲᠤᠰᠠᠲᠠᠢ 《ᠰᠠᠢ᠌ᠨ ᠠᠷᠭ᠎ᠠ》 ᠵᠢ ᠢᠯᠡᠭᠦᠬᠡᠨ ᠭᠠᠷᠭᠠᠵᠤ᠂ ᠳᠤᠮᠳᠠᠳᠤ ᠤᠯᠤᠰ᠎ᠤᠨ ᠬᠥᠭ᠌ᠵᠢᠯᠲᠡ ᠲᠠᠪᠱᠢᠯᠳᠠ᠎ᠶ᠋ᠢᠨ 《ᠢᠷᠠᠭᠤ ᠳᠠᠭᠤᠨ》 ᠢ᠋ ᠳᠠᠮᠵᠢᠭᠤᠯᠬᠤ᠎ᠶ᠋ᠢ ᠬᠦᠰᠡᠵᠦ᠍ ᠪᠠᠢᠨ᠎ᠠ᠃
ᠠᠶᠠᠨ ᠵᠠᠮ᠎ᠳᠦ ᠬᠦᠴᠢᠷ ᠪᠡᠷᠬᠡ ᠤᠯᠠᠨᠳᠠᠢᠴᠤ ᠯᠠᠪᠳᠠᠭᠤᠨ ᠪᠠᠲᠤᠲᠠᠶ᠎ᠪᠠᠷ ᠢᠷᠡᠭᠡᠳᠦᠶ ᠵᠦᠭ ᠤᠷᠤᠭ᠍ᠰᠢᠯᠠᠨ᠎ᠠ᠃ ᠠᠤᠭ᠎ᠠ ᠬᠠᠷᠠᠯᠲᠠ ᠲᠡᠢᠰᠢ ᠦᠷᠭᠦᠯᠵᠢᠯᠡᠨ ᠤᠷᠤᠭ᠍ᠰᠢᠯᠠᠬᠤ᠎ᠳᠤ ᠪᠢᠳᠡ ᠠᠶᠤᠯ ᠲᠦᠭ᠌ᠰᠢᠭᠦᠷᠢ᠎ᠶ᠋ᠢ ᠡᠰᠡᠷᠭᠦᠴᠡᠨ ᠲᠤᠯᠬᠤ᠂ ᠥᠷᠢᠰᠥᠯᠳᠦᠭᠡᠨ᠎ᠢ ᠢᠯᠠᠨ ᠳᠠᠪᠠᠬᠤ ᠪᠠᠲᠤ ᠴᠢᠩᠭ᠎ᠠ ᠲᠤᠯᠭᠠᠭᠤᠷᠢᠯᠠᠯ᠎ᠲᠠᠶ᠂ ᠥᠭᠡᠷᠡᠴᠢᠯᠡᠯᠲᠡ ᠬᠥᠭ᠌ᠵᠢᠯᠲᠡ᠎ᠶ᠋ᠢᠨ ᠱᠢᠨ᠎ᠡ ᠣᠷᠣᠨ ᠵᠠᠢ᠎ᠶ᠋ᠢ ᠨᠡᠭᠡᠭᠡᠬᠦ᠌ ᠬᠦᠴᠦᠷᠬᠡᠭ ᠶᠡᠬᠡ ᠢᠳᠡ ᠬᠦᠴᠦᠨ᠎ᠲᠡᠶ ᠶᠤᠮ᠃ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠢ᠋ᠶ᠋ᠠᠨ ᠴᠢᠩᠭᠠᠳᠭᠠᠨ᠂ 《ᠳᠥᠷᠪᠡᠨ ᠢᠲᠡᠭᠡᠯ》 ᠢ᠋ᠶ᠋ᠠᠨ ᠪᠠᠲᠤᠳᠭᠠᠵᠤ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠢᠲᠡᠭᠡᠯ ᠵᠣᠷᠢᠭ᠎ᠢᠶᠠᠨ ᠪᠠᠲᠤᠳᠭᠠᠨ᠂ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠡᠪᠦᠷᠯᠡᠵᠦ᠍᠂ ᠵᠠᠮ ᠨᠡᠭᠡᠭᠡᠨ ᠤᠷᠤᠭ᠍ᠰᠢᠯᠠᠨ ᠳᠡᠪᠱᠢᠵᠦ᠍᠂ ᠱᠢᠷᠭᠠᠭᠤ ᠬᠠᠲᠠᠭᠤᠵᠢᠯᠲᠠᠶ ᠲᠡᠮᠡᠴᠡᠪᠡᠯ᠂ ᠪᠢᠳᠡ ᠯᠠᠪᠲᠠᠶ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠡᠭᠦᠯ ᠬᠤᠷᠢᠶᠠᠬᠤ ᠳᠠᠢᠯᠠᠯᠳᠤᠭᠠᠨ᠎ᠢ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍ ᠴᠢᠳᠠᠨ᠎ᠠ᠃
ᠶᠡᠬᠡ ᠬᠤᠷᠠᠯ᠎ᠤᠨ ᠲᠡᠭᠦᠰ ᠠᠮᠵᠢᠯᠲᠠ ᠤᠯᠬᠤ᠎ᠶ᠋ᠢ ᠵᠥᠩᠨᠡᠶ᠎ᠡ!
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃