2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-07 09:52:19

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3


ᠸᠠᠩ ᠬᠤ᠌ ᠨᠢᠩ ᠼᠠᠢ ᠴᠢ ᠡᠷᠭᠢᠨ ᠦᠵᠡᠬᠦ ᠪᠠ ᠶᠠᠷᠢᠯᠴᠠᠬᠤ ᠳ᠋ᠤ ᠤᠷᠤᠯᠴᠠᠵᠠᠢ


ᠳᠣᠮᠳᠠᠳᠤ ᠣᠯᠣᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠡᠣᠯᠣᠰ ᠤ᠋ᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ 6 ᠎ᠤ᠋ ᠦᠳᠡ᠎ᠶ᠋ᠢᠨ ᠬᠣᠢᠨ᠎ᠠ ᠪᠦᠬᠦ᠌ ᠤᠯᠤᠰ ᠎ᠤᠨ ᠤᠯᠤᠰ ᠲᠥᠷᠥ᠎ᠶ᠋ᠢᠨ ᠵᠥᠪᠯᠡᠯᠭᠡᠨ ᠎ᠦ ᠠᠷᠪᠠᠨ ᠳᠥᠷᠪᠡᠳᠦᠭᠡᠷ ᠬᠤᠭᠤᠴᠠᠭᠠᠨ ᠎ᠤ ᠬᠤᠷᠢᠶ᠎ᠠ ᠵᠢᠨ ᠭᠤᠷᠪᠠᠳᠤᠭᠠᠷ ᠬᠤᠷᠠᠯ ᠎ᠳᠤ ᠣᠷᠣᠯᠴᠠᠵᠤ ᠪᠠᠢᠭ᠎ᠠ ᠠᠷᠠᠳᠴᠢᠯᠠᠭ᠍ᠰᠠᠨ ᠬᠣᠯᠪᠣᠭ᠎ᠠ᠂ ᠠᠷᠠᠳᠴᠢᠯᠠᠯ᠎ᠢᠶᠠᠷ ᠠᠬᠢᠭᠤᠯᠬᠤ ᠬᠤᠷᠠᠯ᠂ ᠰᠤᠷᠭᠠᠨ ᠬᠥᠮᠦᠵᠢᠯ ᠎ᠦᠨ ᠡᠲᠡᠭᠡᠳ᠎ᠦᠨ ᠭᠡᠱᠢᠭᠦᠳ᠎ᠢ ᠡᠷᠭᠢᠨ ᠦᠵᠡᠭ᠌ᠰᠡᠨ ᠪᠥᠭᠡᠳ ᠳᠤᠭᠤᠢᠯᠠᠩ ᠬᠠᠮᠲᠤᠷᠠᠭ᠍ᠰᠠᠨ ᠬᠤᠷᠠᠯ ᠎ᠳᠤ ᠣᠷᠣᠯᠴᠠᠵᠤ᠂ ᠰᠠᠨᠠᠯ ᠰᠠᠨᠠᠭᠤᠯᠭ᠎ᠠ ᠵᠢ ᠨᠢ ᠰᠣᠨᠣᠰᠴᠠᠶ᠃ ᠲᠡᠷᠡ᠂ ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠡᠷᠬᠡᠪᠰᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠴᠢᠳᠠᠪᠤᠷᠢᠲᠠᠨ ᠎ᠤ᠋ ᠲᠤᠬᠠᠢ ᠬᠡᠷᠡᠭ᠌ᠴᠡᠭᠡ ᠱᠠᠭᠠᠷᠳᠠᠯᠭ᠎ᠠ᠎ᠶ᠋ᠢ ᠭᠦᠨᠵᠡᠭᠡᠢ ᠡᠵᠡᠮᠳᠡᠵᠦ᠍᠂ ᠰᠤᠷᠭᠠᠨ ᠬᠥᠮᠦᠵᠢᠯ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠣᠯᠤᠨ ᠴᠢᠳᠠᠪᠤᠷᠢᠲᠠᠨ᠎ᠳᠡᠬᠢ ᠲᠤᠯᠭᠠᠭᠤᠷᠢᠯᠠᠬᠤ ᠦᠢᠯᠡᠳᠦᠯ᠎ᠢ ᠴᠢᠩᠭᠠᠳᠭᠠᠵᠤ᠂ ᠴᠢᠳᠠᠪᠤᠷᠢᠲᠠᠨ ᠴᠣᠯᠭᠣᠷᠠᠨ ᠭᠠᠷᠬᠤ᠂ ᠬᠥᠮᠦᠨ ᠪᠦᠬᠦᠨ᠎ᠦ ᠴᠢᠳᠠᠪᠤᠷᠢ᠎ᠶ᠋ᠢ ᠭᠦᠢᠴᠡᠳ ᠪᠠᠳᠠᠷᠠᠭᠤᠯᠬᠤ᠂ ᠴᠢᠳᠠᠪᠦᠷᠢ ᠵᠢᠨ ᠬᠢᠷᠢ ᠪᠡᠷ ᠨᠢ ᠬᠡᠷᠡᠭᠯᠡᠬᠦ ᠠᠮᠢᠳᠤᠯᠢᠭ ᠪᠠᠢᠳᠠᠯ᠎ᠢ ᠤᠯᠠᠮ ᠨᠢᠭᠡ ᠠᠯᠬᠤᠮ ᠪᠦᠷᠢᠯᠳᠦᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

《3·8》 ᠤ᠋ ᠳᠡᠯᠡᠬᠡᠢ᠎ᠶ᠋ᠢᠨ ᠬᠥᠳᠡᠯᠮᠦᠷᠢᠴᠢᠨ ᠡᠮᠡᠭ᠌ᠲᠡᠢᠴᠦᠳ᠎ᠦᠨ ᠪᠠᠶᠠᠷ ᠬᠦᠷᠴᠦ᠍ ᠢᠷᠡᠬᠦ᠌ ᠲᠠᠱᠢᠷᠠᠮ᠎ᠢᠶᠠᠷ᠂ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠡᠴᠡ ᠪᠦᠬᠦ᠌ ᠤᠯᠤᠰ ᠎ᠤᠨ ᠬᠣᠶᠠᠷ ᠬᠤᠷᠠᠯ᠎ᠳᠤ ᠣᠷᠣᠯᠴᠠᠭ᠍ᠰᠠᠨ ᠡᠮᠡᠭ᠌ᠲᠡᠢ ᠲᠥᠯᠥᠭᠡᠯᠡᠭ᠌ᠴᠢ᠂ ᠡᠮᠡᠭ᠌ᠲᠡᠢ ᠭᠡᠱᠢᠭᠦᠨ᠂ ᠡᠮᠡᠭ᠌ᠲᠡᠢ ᠠᠵᠢᠯᠳᠠᠨ᠂ ᠪᠦᠬᠦ᠌ ᠤᠯᠤᠰ ᠎ᠤᠨ ᠡᠯ᠎ᠡ ᠦᠨᠳᠦᠰᠦᠲᠡᠨ ᠡᠯ᠎ᠡ ᠡᠲᠡᠭᠡᠳ ᠎ᠦᠨ ᠡᠮᠡᠭ᠌ᠲᠡᠢᠴᠦᠳ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ ᠎ᠤ ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ ᠎ᠤ ᠣᠷᠣᠨ᠂ ᠲᠠᠢᠸᠠᠨ ᠣᠷᠣᠨ᠎ᠤ ᠡᠮᠡᠭ᠌ᠲᠡᠢᠴᠤᠳ ᠪᠣᠯᠤᠨ ᠭᠠᠳᠠᠭᠠᠳᠤ᠎ᠳᠤ ᠪᠠᠢᠭ᠎ᠠ ᠡᠮᠡᠭ᠌ᠲᠡᠢ ᠬᠠᠷᠢᠶᠠᠲᠤ ᠨᠡᠷ᠎ᠲᠦ ᠪᠠᠶᠠᠷ᠎ᠤᠨ ᠡᠳᠦᠷ᠎ᠦᠨ ᠮᠡᠨᠳᠦᠴᠢᠯᠡᠯ ᠪᠣᠯᠤᠨ ᠰᠠᠢ᠌ᠨ ᠰᠠᠢᠬᠠᠨ ᠵᠥᠩᠨᠡᠯ ᠳᠡᠪᠱᠢᠭᠦᠯᠪᠡ᠃

ᠳᠣᠮᠳᠠᠳᠤ ᠣᠯᠣᠰ ᠤ᠋ᠨ ᠡᠪ ᠬᠠᠮᠳᠤ ᠨᠠᠮ ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠤ᠌ ᠨᠢᠩ᠂ ᠳᠣᠮᠳᠠᠳᠤ ᠣᠯᠣᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠥᠪ᠎ᠦᠨ ᠠᠯᠪᠠᠨ ᠲᠢᠩᠬᠢᠮ ᠎ᠦᠨ ᠡᠷᠬᠢᠯᠡᠭ᠌ᠴᠢ ᠼᠠᠢ ᠴᠢ ᠡᠷᠬᠢᠨ ᠦᠵᠡᠬᠦ᠌ ᠪᠠ ᠶᠠᠷᠢᠯᠴᠠᠬᠤ᠎ᠳᠤ ᠣᠷᠣᠯᠴᠠᠵᠡᠢ᠃

ᠳᠤᠭᠤᠢᠯᠠᠩ᠎ᠬᠠᠮᠲᠤᠷᠠᠭ᠍ᠰᠠᠨ ᠬᠤᠷᠠᠯ ᠳᠡᠭᠡᠷ᠎ᠡ᠂ ᠵᠠᠩ ᠶᠦᠨ ᠺᠠᠶ᠂ ᠼᠠᠢ ᠭᠤᠸᠠᠩ ᠵᠢᠶᠧ᠂ ᠵᠧᠩ ᠵᠢᠶᠠ ᠵᠢᠶᠠᠨ᠂ ᠱᠢᠤᠢ ᠺᠦᠨ᠂ ᠼᠦᠢ ᠶᠠ ᠯᠢ᠂ ᠮᠠ ᠵᠢᠩ ᠯᠢᠨ ᠵᠡᠷᠭᠡ 6 ᠭᠡᠱᠢᠭᠦᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠪᠣᠯᠤᠨ ᠣᠷᠣᠨ ᠪᠦᠰᠡ᠎ᠶ᠋ᠢᠨ ᠠᠵᠤ ᠦᠶ᠋ᠯᠡᠰ᠎ᠦᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠬᠤ᠂ ᠰᠠᠭᠤᠷᠢ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠌᠂ ᠬᠡᠦᠬᠡᠳ ᠵᠠᠯᠠᠭᠤᠴᠤᠳ ᠪᠠᠭᠠᠴᠤᠳ᠎ᠤᠨ ᠤᠩᠱᠢᠯᠭ᠎ᠠ᠎ᠶ᠋ᠢᠨ ᠠᠮᠢ ᠠᠬᠤᠶ᠎ᠶ᠋ᠢ ᠴᠣᠭ᠍ᠴᠠᠯᠠᠬᠤ᠂ ᠤᠯᠤᠰ ᠎ᠤᠨ ᠰᠤᠷᠭᠠᠨ ᠬᠥᠮᠦᠵᠢᠯ᠎ᠦᠨ ᠣᠶᠤᠨᠴᠢ ᠰᠦᠯᠵᠢᠶᠡᠨ᠎ᠦ ᠪᠠᠢᠭᠤᠯᠤᠯᠲᠠ ᠎ᠶ᠋ᠢ ᠠᠬᠢᠭᠤᠯᠬᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠬᠤ᠂ ᠰᠤᠷᠭᠠᠭᠤᠯᠢ᠎ᠶ᠋ᠢᠨ ᠬᠢᠴᠢᠶᠡᠯ᠎ᠳᠦ ᠲᠦᠱᠢᠭ᠌ᠯᠡᠨ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ ᠵᠡᠷᠭᠡ᠎ᠶ᠋ᠢᠨ ᠲᠣᠭᠣᠷᠢᠨ᠎ᠳᠤ ᠦᠭᠡ ᠬᠡᠯᠡᠪᠡ᠃

ᠤᠯᠠᠨ᠎ᠤ ᠬᠡᠯᠡᠭᠰᠡᠨ ᠎ᠢ ᠰᠣᠨᠣᠰᠤᠭᠰᠠᠨ᠎ᠤ ᠳᠠᠷᠠᠭ᠎ᠠ᠂ ᠰᠢ᠎ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠤᠯᠠᠨ ᠎ᠲᠠᠢ ᠬᠠᠮᠲᠤ ᠶᠠᠷᠢᠯᠴᠠᠵᠤ᠂ ᠰᠠᠨᠠᠯ ᠰᠠᠨᠠᠭᠤᠯᠭ᠎ᠠ᠎ᠶᠢ ᠰᠣᠨᠣᠰᠤᠭᠰᠠᠨ᠎ᠳᠠᠭᠠᠨ ᠮᠠᠰᠢ ᠪᠠᠶᠠᠷ ᠲᠠᠢ ᠪᠠᠢᠨ᠎ᠠ ᠭᠡᠵᠦ ᠢᠯᠡᠳᠬᠡᠪᠡ᠃ ᠲᠡᠷᠡ ᠳᠤᠮᠳᠠᠳᠤ ᠤᠯᠤᠰ᠎ᠤᠨ ᠡᠪ ᠬᠠᠮᠲᠤ ᠨᠠᠮ ᠎ᠤᠨ ᠲᠥᠪ ᠬᠣᠷᠢᠶ᠎ᠡ ᠵᠢ ᠲᠦᠯᠦᠭᠡᠯᠡᠨ᠂ ᠡᠨᠳᠡ ᠰᠠᠭᠤᠵᠤ ᠪᠠᠢᠭ᠎ᠠ ᠭᠡᠰᠢᠭᠦᠳ᠎ᠲᠦ᠂ ᠮᠦᠨ ᠴᠦ᠍ ᠥᠷᠭᠡᠨ ᠤᠯᠠᠨ ᠠᠷᠠᠳᠴᠢᠯᠠᠭᠰᠠᠨ ᠬᠣᠯᠪᠣᠭ᠎ᠠ᠂ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠦᠨ ᠪᠦᠷᠢᠯᠳᠦᠭᠦᠨ ᠪᠠ ᠰᠤᠷᠭᠠᠨ ᠬᠥᠮᠦᠵᠢᠯ᠎ᠦᠨ ᠡᠲᠡᠭᠡᠳ᠎ᠦᠨ ᠬᠥᠮᠥᠰ᠂ ᠥᠷᠭᠡᠨ ᠤᠯᠠᠨ ᠤᠯᠤᠰ ᠲᠦᠷᠦ᠎ᠶᠢᠨ ᠵᠥᠪᠯᠡᠯᠭᠡᠨ ᠎ᠦ ᠭᠡᠰᠢᠭᠦᠳ᠎ᠲᠦ ᠴᠢᠩ ᠰᠡᠳᠬᠢᠯ᠎ᠦᠨ ᠮᠡᠨᠳᠦᠴᠢᠯᠡᠯ ᠳᠡᠪᠰᠢᠭᠦᠯᠪᠡ᠃


QQ20250307-092936.png


3 ᠰᠠᠷ᠎ᠠ ᠵᠢᠨ 6 ᠎ᠤ᠋ ᠦᠳᠡ᠎ᠶ᠋ᠢᠨ ᠬᠣᠢᠨ᠎ᠠ᠂ ᠳᠣᠮᠳᠠᠳᠤ ᠣᠯᠣᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠡᠣᠯᠣᠰ ᠤ᠋ᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠪᠦᠬᠦ᠌ ᠤᠯᠤᠰ ᠎ᠤᠨ ᠤᠯᠤᠰ ᠲᠥᠷᠥ᠎ᠶ᠋ᠢᠨ ᠵᠥᠪᠯᠡᠯᠭᠡᠨ ᠎ᠦ ᠠᠷᠪᠠᠨ ᠳᠥᠷᠪᠡᠳᠦᠭᠡᠷ ᠬᠤᠭᠤᠴᠠᠭᠠᠨ ᠎ᠤ ᠭᠤᠷᠪᠠᠳᠤᠭᠠᠷ ᠬᠤᠷᠠᠯ ᠳ᠋ᠤ ᠣᠷᠣᠯᠴᠠᠵᠤ ᠪᠠᠢᠭ᠎ᠠ ᠠᠷᠠᠳᠴᠢᠯᠠᠭ᠍ᠰᠠᠨ ᠬᠣᠯᠪᠣᠭ᠎ᠠ᠂ ᠠᠷᠠᠳᠴᠢᠯᠠᠯ᠎ᠢᠶᠠᠷ ᠠᠬᠢᠭᠤᠯᠬᠤ ᠬᠤᠷᠠᠯ᠂ ᠰᠤᠷᠭᠠᠨ ᠬᠥᠮᠦᠵᠢᠯ᠎ᠦᠨ ᠡᠲᠡᠭᠡᠳ᠎ᠦᠨ ᠭᠡᠱᠢᠭᠦᠳ᠎ᠢ ᠡᠷᠭᠢᠵᠦ᠍ ᠦᠵᠡᠭ᠌ᠰᠡᠨ ᠪᠥᠭᠡᠳ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠵᠤ᠂ ᠰᠠᠨᠠᠯ ᠰᠠᠨᠠᠭᠤᠯᠭ᠎ᠠ ᠵᠢ ᠨᠢ ᠰᠣᠨᠣᠰᠴᠠᠶ᠃ ᠳᠣᠮᠳᠠᠳᠤ ᠣᠯᠣᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠤ᠌ ᠨᠢᠩ᠂ ᠳᠣᠮᠳᠠᠳᠤ ᠣᠯᠣᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠥᠪ᠎ᠦᠨ ᠠᠯᠪᠠᠨ ᠲᠢᠩᠬᠢᠮ᠎ᠦᠨ ᠡᠷᠬᠢᠯᠡᠭ᠌ᠴᠢ ᠼᠠᠢ ᠴᠢ ᠡᠷᠬᠢᠨ ᠦᠵᠡᠬᠦ᠌ ᠪᠠ ᠶᠠᠷᠢᠯᠴᠠᠬᠤ᠎ᠳᠤ ᠣᠷᠣᠯᠴᠠᠪᠠ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ


ᠰᠢ᠎ᠶᠢᠨ ᠫᠢᠩ᠂ ᠥᠩᠭᠡᠷᠡᠭᠰᠡᠨ ᠨᠢᠭᠡ ᠵᠢᠯ᠎ᠳᠦ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠭᠣᠣᠯ ᠡᠭᠦᠷᠭᠡ᠎ᠲᠠᠢ ᠨᠢᠭ᠍ᠲᠠ ᠤᠶᠠᠯᠳᠤᠭᠤᠯᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠂ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠳᠦ ᠰᠢᠨ᠎ᠡ ᠬᠤᠪᠢ ᠨᠡᠮᠡᠷᠢ ᠦᠵᠡᠭᠦᠯᠪᠡ᠃ ᠠᠷᠠᠳᠴᠢᠯᠠᠭᠰᠠᠨ ᠬᠣᠯᠪᠣᠭ᠎ᠠ᠂ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠦᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠠ ᠥᠷᠭᠡᠨ ᠤᠯᠠᠨ ᠪᠦᠷᠢᠯᠳᠦᠭᠦᠨ ᠭᠣᠣᠯ ᠠᠵᠢᠯ᠎ᠳᠠᠭᠠᠨ ᠠᠩᠬᠠᠷᠤᠯ᠎ᠢᠶᠠᠨ ᠲᠥᠪᠯᠡᠷᠡᠭᠦᠯᠵᠦ᠂ ᠢᠳᠡᠪᠬᠢᠲᠡᠢ᠎ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠨᠡᠢᠭᠡᠮ᠎ᠦᠨ ᠦᠢᠯᠡᠴᠢᠯᠡᠭᠡ᠎ᠳᠦ ᠣᠷᠣᠯᠴᠠᠵᠤ᠂ ᠡᠯ᠎ᠡ ᠵᠦᠢᠯ᠎ᠦᠨ ᠠᠵᠢᠯ ᠰᠢᠨ᠎ᠡ ᠠᠮᠵᠢᠯᠲᠠ ᠪᠦᠲᠦᠮᠵᠢ ᠣᠯᠪᠠ᠃ ᠥᠷᠭᠡᠨ ᠤᠯᠠᠨ ᠰᠤᠷᠭᠠᠨ ᠬᠥᠮᠦᠵᠢᠯ᠎ᠦᠨ ᠡᠲᠡᠭᠡᠳ ᠎ᠦᠨ ᠬᠥᠮᠥᠰ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠵᠤ᠂ 《ᠲᠠᠪᠤᠨ ᠬᠥᠮᠦᠵᠢᠯ》 ᠢ᠋ ᠵᠡᠷᠭᠡ ᠪᠡᠷ ᠠᠳᠬᠤᠬᠤ᠂ ᠶᠣᠰᠣ᠌ ᠰᠤᠷᠲᠠᠬᠤᠨ᠎ᠢ ᠪᠤᠢ ᠪᠣᠯᠭᠠᠵᠤ ᠬᠥᠮᠥᠨ᠎ᠢ ᠬᠥᠮᠥᠵᠢᠭᠦᠯᠬᠦ ᠵᠢ ᠠᠬᠢᠭᠤᠯᠬᠤ᠎ᠳᠦ ᠰᠢᠨ᠎ᠡ ᠠᠯᠬᠤᠮ᠎ᠢ ᠠᠯᠬᠤᠵᠠᠢ ᠭᠡᠵᠤ ᠵᠢᠭᠠᠵᠤ ᠭᠠᠷᠭᠠᠪᠠ᠃

ᠰᠢ᠎ᠶᠢᠨ ᠫᠢᠩ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠎ᠳᠤ ᠡᠷᠬᠡᠪᠰᠢ ᠰᠤᠷᠭᠠᠭᠤᠯᠢ ᠡᠷᠭᠢᠯᠡᠬᠦ ᠵᠥᠪ ᠴᠢᠭᠯᠡᠯ ᠎ᠢ ᠪᠠᠷᠢᠮᠲᠠᠯᠠᠵᠤ᠂ ᠶᠣᠰᠣ᠌ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠢᠬᠠᠨ ᠬᠥᠳᠡᠯᠮᠦᠷᠢ ᠪᠥᠬᠥ ᠲᠠᠯ᠎ᠠ᠎ᠪᠠᠷ ᠬᠥᠭᠵᠢᠭᠰᠡᠨ ᠨᠡᠢᠭᠡᠮ ᠵᠢᠷᠤᠮ ᠎ᠤᠨ ᠪᠦᠲᠦᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ᠎ᠶᠢ ᠬᠥᠮᠥᠵᠢᠭᠦᠯᠬᠦ ᠬᠡᠷᠡᠭᠲᠡᠢ᠃ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ᠎ᠶᠢ ᠱᠤᠭᠤᠵᠤ ᠬᠥᠮᠥᠨ᠎ᠢ ᠬᠥᠮᠥᠵᠢᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠶᠣᠰᠣ᠌ ᠰᠤᠷᠲᠠᠬᠤᠨ᠎ᠤ ᠬᠥᠮᠦᠵᠢᠯ᠎ᠢ ᠤᠶᠤᠨ᠎ᠤ ᠬᠥᠮᠦᠵᠢᠯ᠂ ᠪᠡᠶ᠎ᠡ ᠎ᠶᠢᠨ ᠲᠠᠮᠢᠷ᠂ ᠭᠤᠸ᠎ᠠ ᠰᠠᠢᠬᠠᠨ᠎ᠤ ᠬᠥᠮᠦᠵᠢᠯ᠂ ᠬᠥᠳᠡᠯᠮᠦᠷᠢ᠎ᠶᠢᠨ ᠬᠥᠮᠦᠵᠢᠯ᠎ᠦᠨ ᠪᠦᠬᠦ ᠶᠠᠪᠤᠴᠠ᠎ᠳᠤ ᠲᠤᠭᠤᠰᠢᠯᠠᠭᠤᠯᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠪᠠᠢᠭᠤᠯᠤᠯᠲᠠ ᠪᠣᠯᠣᠨ ᠨᠠᠮ᠎ᠤᠨ ᠰᠢᠨ᠎ᠡ᠎ᠶᠢ ᠡᠭᠦᠳᠬᠦ ᠤᠨᠤᠯ᠎ᠢᠶᠠᠷ ᠵᠡᠪᠰᠡᠭᠯᠡᠬᠦ᠎ᠶᠢ ᠵᠡᠷᠭᠡ ᠪᠡᠷ ᠠᠬᠢᠭᠤᠯᠬᠤ᠂ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ ᠪᠣᠯᠣᠨ ᠬᠢᠴᠢᠶᠡᠯ᠎ᠦᠨ ᠦᠵᠡᠯ ᠰᠠᠨᠠᠭ᠎ᠠ ᠤᠯᠤᠰ ᠲᠦᠷᠦ᠎ᠶᠢ ᠵᠡᠷᠭᠡ ᠪᠡᠷ ᠤᠷᠤᠭᠰᠢᠯᠠᠭᠤᠯᠬᠤ ᠶ᠋ᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠦᠨ 《ᠪᠠᠭ᠎ᠠ ᠬᠢᠴᠢᠶᠡᠯ᠎ᠦᠨ ᠲᠠᠩᠬᠢᠮ》 ᠪᠣᠯᠣᠨ ᠨᠡᠢᠭᠡᠮ ᠎ᠦᠨ 《ᠶᠡᠬᠡ ᠬᠢᠴᠢᠶᠡᠯ᠎ᠦᠨ ᠲᠠᠩᠬᠢᠮ》 ᠢ᠋ ᠪᠦᠲᠦᠮᠵᠢᠲᠡᠢ ᠠᠭᠤᠰᠤᠯᠴᠠᠭᠤᠯᠵᠤ᠂ ᠶᠣᠰᠣ᠌ ᠰᠤᠷᠲᠠᠬᠤᠨ᠎ᠤ ᠬᠥᠮᠦᠵᠢᠯ᠎ᠦᠨ ᠠᠵᠢᠯ᠎ᠢ ᠨᠡᠩ ᠪᠣᠳᠠᠲᠠᠢ᠂ ᠨᠡᠩ ᠪᠦᠲᠦᠮᠵᠢᠲᠡᠢ ᠬᠢᠬᠦ ᠬᠡᠷᠡᠭᠲᠡᠢ ᠭᠡᠵᠤ ᠴᠢᠬᠤᠯᠠᠴᠢᠯᠠᠪᠠ᠃

ᠰᠢ᠎ᠶᠢᠨ ᠫᠢᠩ᠂ ᠴᠢᠨᠠᠷ ᠰᠠᠢᠲᠠᠢ ᠰᠤᠷᠭᠠᠨ ᠬᠥᠮᠦᠵᠢᠯ᠎ᠦᠨ ᠰᠢᠰᠲᠧᠮ᠎ᠢ ᠪᠠᠢᠭᠤᠯᠵᠤ᠂ ᠠᠷᠠᠳ ᠲᠦᠮᠡᠨ᠎ᠳᠦ ᠲᠠᠭᠠᠰᠢᠶᠠᠭᠳᠠᠭᠰᠠᠨ ᠰᠤᠷᠭᠠᠨ ᠬᠥᠮᠦᠵᠢᠯ᠎ᠢ ᠰᠠᠢᠲᠤᠷ ᠡᠷᠭᠢᠯᠡᠬᠦ ᠵᠢᠨ ᠦᠨᠳᠦᠰᠦ ᠨᠢ ᠰᠤᠷᠭᠠᠨ ᠬᠥᠮᠦᠵᠢᠯ ᠎ᠦᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠎ᠳᠦ ᠪᠤᠢ᠃

ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ᠎ᠦᠨ ᠦᠨᠡᠯᠡᠯᠲᠡ᠎ᠶᠢᠨ ᠰᠢᠰᠲᠧᠮ᠎ᠢ ᠪᠠᠢᠭᠤᠯᠵᠤ᠂ ᠳᠣᠬᠢᠭᠤᠷ ᠎ᠤᠨ ᠦᠢᠯᠡᠳᠦᠯ ᠎ᠢ ᠪᠦᠲᠦᠮᠵᠢᠲᠡᠢ ᠪᠠᠳᠠᠷᠠᠭᠤᠯᠬᠤ ᠬᠡᠷᠡᠭᠲᠡᠢ᠃ ᠰᠤᠷᠭᠠᠭᠤᠯᠢ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ ᠎ᠢ ᠲᠡᠭᠦᠯᠳᠡᠷᠵᠢᠭᠦᠯᠵᠦ᠍᠂ ᠰᠤᠷᠭᠠᠭᠤᠯᠢ᠎ᠶ᠋ᠢᠨ ᠰᠤᠷᠭᠠᠭᠤᠯᠢ ᠡᠷᠬᠢᠯᠡᠬᠦ᠌ ᠡᠵᠡᠨ ᠮᠡᠳᠡᠬᠦ᠌ ᠡᠷᠬᠡ ᠎ᠶ᠋ᠢ ᠨᠠᠢᠳᠠᠪᠤᠷᠢᠵᠢᠭᠤᠯᠵᠤ᠂ ᠬᠠᠤᠯᠢ ᠶᠣᠰᠣᠭᠠᠷ ᠰᠤᠷᠭᠠᠨ ᠬᠥᠮᠦᠵᠢᠯ᠎ᠢ ᠵᠠᠰᠠᠬᠤ ᠪᠠ ᠬᠠᠮᠢᠶᠠᠷᠬᠤ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃ ᠣᠳᠣᠬᠢᠴᠢᠯᠠᠭ᠍ᠰᠠᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠥᠮᠦᠨ ᠠᠮᠠ᠎ᠶ᠋ᠢᠨ ᠪᠦᠲᠦᠴᠡ᠎ᠶ᠋ᠢᠨ ᠬᠤᠪᠢᠷᠠᠯᠲᠠ᠎ᠳᠤ ᠵᠣᠬᠢᠴᠠᠵᠤ᠂ ᠰᠠᠭᠤᠷᠢ ᠰᠤᠷᠭᠠᠨ ᠬᠥᠮᠦᠵᠢᠯ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠎ᠦᠨ ᠰᠤᠷᠭᠠᠨ ᠬᠥᠮᠦᠵᠢᠯ ᠎ᠢ ᠨᠢᠭᠡᠳᠦᠯᠲᠡᠢ ᠲᠥᠯᠥᠪᠵᠢᠭᠦᠯᠵᠦ᠍᠂ ᠵᠠᠰᠠᠭ ᠎ᠤᠨ ᠣᠷᠳᠣᠨ ᠎ᠤ ᠪᠡᠯᠡ ᠣᠷᠣᠭᠤᠯᠤᠯᠲᠠ ᠪᠣᠯᠤᠨ ᠨᠡᠢᠭᠡᠮ᠎ᠦᠨ ᠪᠡᠯᠡ ᠣᠷᠣᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠨᠡᠩ ᠵᠦᠢ ᠵᠣᠬᠢᠰᠲᠠᠢ ᠥᠨᠳᠥᠷ ᠪᠦᠲᠦᠮᠵᠢᠲᠡᠢ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠲᠤᠬᠢᠷᠠᠭᠤᠯᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠬᠦ᠌ ᠬᠡᠷᠡᠭ᠌ᠲᠡᠢ ᠭᠡᠵᠤ ᠵᠢᠭᠠᠵᠤ ᠭᠠᠷᠭᠠᠪᠠ᠃

ᠰᠢ ᠵᠢᠨ ᠫᠢᠩ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠦᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠪᠠ ᠴᠢᠳᠠᠪᠤᠷᠢᠲᠠᠨ᠎ᠢ ᠪᠡᠶ᠎ᠡ᠎ᠪᠡᠨ ᠳᠠᠭᠠᠭᠠᠵᠤ ᠬᠥᠮᠦᠵᠢᠭᠦᠯᠬᠦ᠌ ᠰᠠᠢ᠌ᠨ ᠬᠤᠷᠱᠢᠯᠴᠠᠯ᠎ᠢ ᠪᠡᠶᠡᠯᠡᠭᠦᠯᠵᠦ᠍᠂ ᠰᠤᠷᠭᠠᠨ ᠬᠥᠮᠦᠵᠢᠯ᠎ᠦᠨ ᠤᠳᠤᠷᠢᠳᠤᠮᠵᠢ᠎ᠶ᠋ᠢᠨ ᠴᠢᠨᠠᠷᠲᠠᠢ᠂ ᠰᠠᠭᠤᠷᠢ ᠴᠢᠨᠠᠷᠲᠠᠢ ᠲᠤᠯᠭᠠᠭᠤᠷᠢᠯᠠᠬᠤ ᠦᠢᠯᠡᠳᠦᠯ ᠎ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭ᠌ᠲᠡᠢ᠃ ᠰᠠᠭᠤᠷᠢ ᠱᠢᠨᠵᠢᠯᠡᠭᠡᠨ᠎ᠦ ᠰᠠᠯᠠᠭ᠎ᠠ ᠪᠣᠯᠤᠨ ᠰᠣᠯᠪᠢᠴᠠᠯ ᠱᠢᠨᠵᠢᠯᠡᠭᠡᠨ ᠎ᠦ ᠰᠠᠯᠠᠭ᠎ᠠ᠎ᠶ᠋ᠢᠨ ᠱᠢᠪᠲᠤᠯᠤᠯᠲᠠ᠎ᠶ᠋ᠢᠨ ᠲᠥᠯᠥᠪᠯᠡᠭᠡ᠎ᠶ᠋ᠢ ᠰᠠᠢᠲᠤᠷ ᠬᠡᠷᠡᠭ᠌ᠵᠢᠭᠦᠯᠵᠦ᠍᠂ ᠰᠤᠷᠭᠠᠭᠤᠯᠢ ᠠᠵᠤ ᠠᠬᠤᠢᠯᠠᠯ ᠣᠷᠣᠨ ᠨᠤᠲᠤᠭ᠎ᠤᠨ ᠬᠠᠮᠲᠤᠷᠠᠭ᠍ᠰᠠᠨ ᠱᠢᠨ᠎ᠡ᠎ᠶ᠋ᠢ ᠡᠭᠦᠳᠬᠦ᠌ ᠲᠠᠪᠴᠠᠩ᠎ᠢ ᠪᠠᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠱᠢᠭᠤᠯᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠴᠢᠳᠠᠪᠤᠷᠢᠲᠠᠨ ᠎ᠢ ᠬᠥᠮᠦᠵᠢᠭᠦᠯᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ ᠎ᠶ᠋ᠢᠨ ᠬᠡᠷᠡᠭ᠌ᠴᠡᠭᠡ ᠎ᠶ᠋ᠢ ᠵᠣᠬᠢᠴᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠴᠢᠳᠠᠪᠤᠷᠢᠲᠠᠨ᠎ᠢ ᠪᠡᠶ᠎ᠡ᠎ᠪᠡᠨ ᠳᠠᠭᠠᠭᠠᠵᠤ ᠬᠥᠮᠦᠵᠢᠭᠦᠯᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠤᠯᠤᠰ ᠎ᠤᠨ ᠰᠤᠷᠭᠠᠨ ᠬᠥᠮᠦᠵᠢᠯ ᠎ᠦᠨ ᠲᠣᠭᠠᠴᠢᠯᠠᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠰᠤᠷᠤᠯᠴᠠᠬᠤ ᠬᠡᠯᠪᠡᠷᠢ᠎ᠶ᠋ᠢᠨ ᠨᠡᠢᠭᠡᠮ᠎ᠢ ᠪᠠᠢᠭᠤᠯᠵᠤ᠂ ᠡᠯ᠎ᠡ ᠲᠦᠷᠦᠯ᠎ᠦᠨ ᠬᠡᠯᠪᠡᠷᠢ ᠡᠯ᠎ᠡ ᠲᠡᠰ ᠳᠠᠪᠬᠤᠷᠭ᠎ᠠ᠎ᠶ᠋ᠢᠨ ᠴᠢᠳᠠᠪᠤᠷᠢᠲᠠᠨ᠎ᠤ ᠥᠷᠢᠰᠥᠯᠳᠦᠨ ᠴᠣᠯᠭᠣᠷᠠᠨ ᠭᠠᠷᠬᠤ᠎ᠶ᠋ᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠰᠢ ᠵᠢᠨ ᠫᠢᠩ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠪᠣᠯ ᠪᠦᠬᠦ᠌ ᠨᠠᠮ ᠪᠦᠬᠦ᠌ ᠨᠡᠢᠭᠡᠮ᠎ᠦᠨ ᠬᠠᠮᠲᠤ ᠎ᠶ᠋ᠢᠨ ᠬᠠᠷᠢᠭᠤᠴᠠᠯᠭ᠎ᠠ ᠮᠥᠨ᠃ ᠠᠷᠠᠳ ᠎ᠤᠨ ᠤᠯᠤᠰ ᠲᠦᠷᠦ᠍᠎ᠶ᠋ᠢᠨ ᠵᠥᠪᠯᠡᠯᠭᠡᠨ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ ᠎ᠢᠶᠡᠨ ᠭᠦᠢᠴᠡᠳ ᠪᠠᠳᠠᠷᠠᠭᠤᠯᠵᠤ᠂ ᠬᠥᠮᠦᠰ᠎ᠦᠨ ᠰᠡᠳᠭᠢᠯ᠎ᠢ ᠥᠷᠭᠡᠨ᠎ᠢᠶᠡᠷ ᠨᠢᠭ᠍ᠲᠠᠷᠠᠭᠤᠯᠤᠨ ᠬᠠᠮᠲᠤ᠎ᠶ᠋ᠢᠨ ᠲᠠᠨᠢᠯᠲᠠ ᠎ᠶ᠋ᠢ ᠨᠢᠭ᠍ᠲᠠᠷᠠᠭᠤᠯᠵᠤ᠂ ᠤᠶᠤᠨ ᠤᠬᠠᠭᠠᠨ᠎ᠢ ᠨᠢᠭ᠍ᠲᠠᠷᠠᠭᠤᠯᠤᠨ ᠬᠦᠴᠦᠨ ᠴᠢᠳᠠᠯ ᠎ᠢ ᠨᠢᠭ᠍ᠲᠠᠷᠠᠭᠤᠯᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠦᠨ ᠴᠢᠳᠠᠪᠤᠷᠢᠲᠠᠨ ᠎ᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠥᠷᠭᠡᠨ ᠤᠯᠠᠨ ᠠᠷᠠᠳᠴᠢᠯᠠᠭ᠍ᠰᠠᠨ ᠬᠣᠯᠪᠣᠭ᠎ᠠ᠂ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠪᠦᠷᠢᠯᠳᠦᠬᠦᠨ ᠪᠣᠯᠤᠨ ᠰᠤᠷᠭᠠᠨ ᠬᠥᠮᠦᠵᠢᠯ ᠎ᠦᠨ ᠡᠲᠡᠭᠡᠳ᠎ᠦᠨ ᠬᠢᠨ ᠲᠤᠰ ᠪᠡᠶ᠎ᠡ᠎ᠶ᠋ᠢᠨ ᠳᠠᠪᠠᠭᠤᠯᠢᠭ ᠎ᠢᠶᠠᠨ ᠪᠠᠳᠠᠷᠠᠭᠤᠯᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ ᠎ᠤ ᠪᠠᠢᠭᠤᠯᠤᠮᠵᠢ ᠲᠣᠭ᠍ᠲᠠᠴᠠ᠎ᠶ᠋ᠢ ᠨᠢᠭᠡ ᠴᠤᠬ᠍ᠴᠠᠵᠢᠭᠤᠯᠬᠤ ᠥᠭᠡᠷᠡᠴᠢᠯᠡᠯᠲᠡ ᠪᠠ ᠬᠥᠭ᠌ᠵᠢᠯᠲᠡ᠎ᠶ᠋ᠢᠨ ᠦᠢᠯᠡᠳᠦᠯᠭᠡ᠎ᠳᠦ ᠣᠷᠣᠯᠴᠠᠬᠤ᠎ᠶ᠋ᠢ ᠨᠡᠩ ᠰᠠᠢᠲᠤᠷ ᠳᠡᠮᠵᠢᠵᠦ᠍᠂ ᠤᠯᠤᠰ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠦᠨ ᠪᠦᠬᠦᠯᠢ ᠴᠣᠭ᠍ᠴᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

ᠱ᠌ᠢ᠎ᠲᠡᠶ ᠹᠸᠩ᠂ ᠳ᠋ᠢᠩ ᠵᠦᠩ ᠯᠢ᠂ ᠼᠠᠢ ᠳ᠋ᠠ ᠹᠸᠩ᠂ ᠬᠤ᠌ ᠴᠦᠨ ᠬᠤᠸᠠ᠂ ᠸᠠᠩ ᠳ᠋ᠦᠩ ᠹᠸᠩ᠂ ᠵᠢᠶᠠᠩ ᠱᠢᠨ ᡁᠢ᠂ ᠸᠠᠩ ᠭᠤᠸᠠᠩ ᠴᠢᠶᠠᠨ᠂ ᠵᠦ᠍ ᠶᠦᠩ ᠱᠢᠨ᠎ᠨᠡᠷ ᠳᠤᠭᠤᠢᠯᠠᠩ᠎ᠬᠠᠮᠲᠤᠷᠠᠭ᠍ᠰᠠᠨ ᠬᠤᠷᠠᠯ᠎ᠳᠤ ᠣᠷᠣᠯᠴᠠᠵᠡᠢ᠃


(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 6 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面