2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-11 09:53:28

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

11 ᠎ᠤ᠋ ᠦᠳᠡ᠎ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠡᠯ᠎ᠡ ᠲᠥᠯᠥᠭᠡᠯᠡᠭᠴᠢᠳ᠎ᠦᠨ ᠪᠦᠯᠬᠦᠮ ᠳᠤᠭᠤᠢᠯᠠᠩ ᠬᠤᠪᠢᠶᠠᠭᠰᠠᠨ ᠬᠤᠷᠠᠯ ᠬᠢᠵᠤ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ᠂ ᠠᠷᠠᠳ ᠎ᠤᠨ ᠳᠡᠭᠡᠳᠦ ᠰᠢᠭᠦᠬᠦ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢᠨ ᠲᠤᠬᠠᠢ ᠭᠤᠷᠪᠡᠨ ᠰᠢᠢᠳᠪᠦᠷᠢ ᠵᠢᠨ ᠲᠦᠰᠦᠯ᠎ᠢ ᠬᠢᠨᠠᠨ ᠵᠦᠪᠯᠡᠨ᠎ᠡ; ᠲᠡᠷᠢᠭᠦᠯᠡᠭᠴᠢᠳ᠎ᠦᠨ ᠪᠦᠯᠬᠦᠮ᠎ᠦᠨ ᠳᠥᠷᠪᠡᠳᠦᠭᠡᠷ ᠤᠳᠠᠭ᠎ᠠ ᠵᠢᠨ ᠬᠤᠷᠠᠯ᠎ᠢ ᠬᠤᠷᠠᠯᠳᠤᠭᠤᠯᠤᠨ᠎ᠠ᠃

11᠎ᠤ᠋ ᠦᠳᠡ᠎ᠶᠢᠨ ᠬᠣᠢᠨᠠᠬᠢ 3 ᠴᠠᠭ᠎ᠲᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠠᠷᠠᠳ᠎ᠤᠨ ᠶᠡᠬᠡ ᠬᠤᠷᠠᠯ᠎ᠤᠨ ᠲᠠᠨᠭᠬᠢᠮ᠎ᠳᠦ ᠲᠡᠭᠦᠰᠬᠦ ᠬᠤᠷᠠᠯ ᠬᠤᠷᠠᠯᠳᠤᠭᠤᠯᠵᠤ᠂ ᠵᠠᠰᠠᠭ᠎ᠤᠨ ᠣᠷᠳᠣᠨ᠎ᠤ ᠠᠵᠢᠯ ᠎ᠤᠨ ᠢᠯᠡᠳᠬᠡᠯ᠎ᠦᠨ ᠲᠤᠬᠠᠢ ᠰᠢᠢᠳᠪᠦᠷᠢ᠎ᠶᠢᠨ ᠲᠥᠰᠥᠯ᠎ᠢ ᠪᠠᠲᠤᠯᠠᠵᠤ᠂ ᠪᠦᠬᠦ ᠤᠯᠤᠰ᠎ᠤᠨ ᠠᠷᠠᠳ ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠣᠯᠣᠨ ᠣᠷᠣᠨ ᠨᠤᠲᠤᠭ᠎ᠤᠨ ᠡᠯ᠎ᠡ ᠱᠠᠲᠤᠨ ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠤᠭᠲᠠᠭᠠᠯ᠎ᠤᠨ ᠲᠦᠰᠦᠯ᠎ᠢ ᠪᠠᠲᠤᠯᠠᠵᠤ᠂ 2024 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢ ᠬᠡᠷᠡᠭᠵᠢᠭᠦᠯᠦᠭᠰᠡᠨ ᠪᠠᠢᠳᠠᠯ ᠬᠢᠭᠡᠳ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢᠨ ᠲᠤᠬᠠᠢ ᠰᠢᠢᠳᠪᠦᠷᠢ᠎ᠶᠢᠨ ᠲᠥᠰᠥᠯ᠎ᠢ ᠪᠠᠲᠤᠯᠠᠵᠤ᠂ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠥᠪ᠎ᠢ ᠭᠦᠢᠴᠡᠳᠬᠡᠭᠰᠡᠨ ᠪᠠᠢᠳᠠᠯ ᠬᠢᠭᠡᠳ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠥᠪ᠎ᠦᠨ ᠲᠤᠬᠠᠢ ᠰᠢᠢᠳᠪᠦᠷᠢ᠎ᠶᠢᠨ ᠲᠥᠰᠥᠯ᠎ᠢ ᠪᠠᠲᠤᠯᠠᠵᠤ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ ᠵᠢᠨ ᠲᠤᠬᠠᠢ ᠰᠢᠢᠳᠪᠦᠷᠢ᠎ᠶᠢᠨ ᠲᠥᠰᠥᠯ᠎ᠢ ᠪᠠᠲᠤᠯᠠᠵᠤ᠂ ᠠᠷᠠᠳ᠎ᠤᠨ ᠳᠡᠭᠡᠳᠦ ᠰᠢᠭᠦᠬᠦ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ ᠵᠢᠨ ᠲᠤᠬᠠᠢ ᠰᠢᠢᠳᠪᠦᠷᠢ᠎ᠶᠢᠨ ᠲᠥᠰᠥᠯ᠎ᠢ ᠪᠠᠲᠤᠯᠠᠵᠤ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠡ ᠵᠢᠨ ᠠᠵᠢᠯ ᠎ᠤᠨ ᠮᠡᠳᠡᠭᠦᠯᠦᠯᠲᠡ ᠵᠢᠨ ᠲᠤᠬᠠᠢ ᠰᠢᠢᠳᠪᠦᠷᠢ᠎ᠶᠢᠨ ᠲᠥᠰᠥᠯ᠎ᠢ ᠪᠠᠲᠤᠯᠠᠨ᠎ᠠ᠃

(ᠰᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶᠢᠨ 10 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面