2025-03-11 09:24:31
ᠰᠢ ᠵᠢᠨ ᠫᠢᠩ ᠯᠢ ᠴᠢᠶᠠᠩ ᠼᠠᠢ ᠴᠢ ᠳ᠋ᠢᠩ ᠱᠢᠤᠸᠠᠢ ᠱᠢᠶᠠᠩ ᠯᠢ ᠰᠢ ᠬᠠᠨ ᠵᠧᠩ ᠣᠷᠣᠯᠴᠠᠪᠠ
ᠸᠠᠩ ᠬ᠍ᠤ ᠨᠢᠩ ᠶᠠᠷᠢᠶ᠎ᠠ ᠲᠠᠯᠪᠢᠵᠠᠢ
ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ᠎ᠶᠢᠨ ᠭᠤᠷᠪᠠᠳᠤᠭᠠᠷ ᠬᠤᠷᠠᠯ ᠡᠯ᠎ᠡ ᠵᠥᠪᠯᠡᠬᠦ᠌ ᠵᠦᠶ᠋ᠯᠡᠰ᠎ᠢᠶᠡᠨ ᠲᠡᠭᠦᠰ ᠠᠮᠵᠢᠯᠲᠠ᠎ᠲᠠᠶ ᠳᠠᠭᠤᠰᠬᠠᠭᠠᠳ 10᠎ᠤ᠋ ᠦᠳᠡ᠎ᠶ᠋ᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠬᠤᠷᠠᠯ᠎ᠡᠴᠡ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠰᠠᠨ ᠨᠢᠭᠡᠴᠢ ᠪᠣᠯᠤᠨ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠦᠨ ᠲᠠᠰᠤᠷᠠᠯᠲᠠ ᠦᠭᠡᠢ ᠬᠥᠭ᠌ᠵᠢᠬᠦ᠌᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠦ᠍ ᠤᠷᠢᠶᠠᠯᠠᠪᠠ᠃

3 ᠰᠠᠷ᠎ᠠ᠎ᠶ᠋ᠢᠨ 10᠎ᠤ᠋ ᠦᠳᠡ᠎ᠶ᠋ᠢᠨ ᠡᠮᠦᠨ᠎ᠡ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠭᠤᠷᠪᠠᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠰᠢ ᠵᠢᠨ ᠫᠢᠩ᠂ ᠯᠢ ᠴᠢᠶᠠᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ ᠲᠡᠷᠢᠭᠦᠯᠡᠭ᠌ᠴᠢ᠎ᠶ᠋ᠢᠨ ᠲᠠᠢᠰᠠᠨ᠎ᠳᠤ ᠰᠠᠭᠠᠲᠠᠵᠠᠢ᠃
ᠱᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ ᠶᠠᠨ ᠶᠠᠨ ᠰᠡᠭᠦᠳᠡᠷᠯᠡᠪᠡ

3 ᠰᠠᠷ᠎ᠠ᠎ᠶ᠋ᠢᠨ 10᠎ᠤ᠋ ᠦᠳᠡ᠎ᠶ᠋ᠢᠨ ᠡᠮᠦᠨ᠎ᠡ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠭᠤᠷᠪᠠᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠤ᠌ ᠨᠢᠩ ᠲᠡᠭᠦᠰᠭᠦ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠢ᠃
ᠱᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ ᠯᠢᠦ ᠸᠧᠶ ᠪᠢᠩ ᠰᠡᠭᠦᠳᠡᠷᠯᠡᠪᠡ
ᠬᠤᠷᠠᠯ᠎ᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬ᠍ᠤ ᠨᠢᠩ ᠡᠷᠬᠢᠯᠡᠪᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ᠂ ᠬ᠍ᠤ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ·ᠭᠸᠯᠸᠭᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠤ᠌ ᠬᠤᠢ᠂ ᠱᠤᠤ ᠬᠣᠩ᠂ ᠭᠤᠤ ᠶᠦᠨ ᠯᠦᠩ᠂ ᠴᠧᠨ ᠦ᠋᠂ ᠮᠦ᠍ ᠬᠣᠩ᠂ ᠱᠢᠶᠠᠨ ᠬᠤᠢ᠂ ᠸᠠᠩ ᠳ᠋ᠦᠩ ᠹᠸᠩ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ᠍ ᠶᠦᠩ ᠱᠢᠨ᠂ ᠶᠠᠩ ᠵᠧᠨ ᠲᠡᠷᠢᠭᠦᠯᠡᠭ᠌ᠴᠢ᠎ᠶᠢᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃
ᠰᠢ ᠵᠢᠨ ᠫᠢᠩ᠂ ᠯᠢ ᠴᠢᠶᠠᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ᠎ᠨᠡᠷ ᠲᠡᠷᠢᠭᠦᠯᠡᠭ᠌ᠴᠢ᠎ᠶᠢᠨ ᠲᠠᠢᠰᠠᠨ᠎ᠳᠤ ᠰᠠᠭᠠᠲᠠᠵᠠᠢ᠃
ᠦᠳᠡ᠎ᠶ᠋ᠢᠨ ᠡᠮᠦᠨᠡᠬᠢ 9 ᠴᠠᠭ᠎ᠲᠤ ᠲᠡᠭᠦᠰᠭᠦ ᠬᠤᠷᠠᠯ ᠡᠬᠢᠯᠡᠪᠡ᠃ ᠸᠠᠩ ᠬ᠍ᠤ ᠨᠢᠩ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ᠎ᠶᠢᠨ ᠭᠤᠷᠪᠠᠳᠤᠭᠠᠷ ᠬᠤᠷᠠᠯ᠎ᠳᠤ ᠣᠷᠣᠯᠴᠠᠬᠤ ᠶᠣᠰᠣᠲᠠᠢ ᠭᠡᠱᠢᠭᠦᠨ 2154 ᠬᠥᠮᠦᠨ ᠪᠤᠢ᠂ ᠪᠣᠳᠠᠲᠠᠢ ᠣᠷᠣᠯᠴᠠᠭ᠍ᠰᠠᠨ ᠨᠢ 2082 ᠬᠥᠮᠦᠨ ᠪᠠᠢᠵᠤ᠂ ᠲᠣᠭ᠍ᠲᠠᠭ᠍ᠰᠠᠨ ᠬᠥᠮᠦᠨ᠎ᠦ ᠲᠣᠭ᠎ᠠ᠎ᠳᠤ ᠨᠡᠢᠴᠡᠨ᠎ᠡ ᠭᠡᠵᠦ᠍ ᠨᠡᠢᠲᠡᠯᠡᠪᠡ᠃
ᠬᠤᠷᠠᠯ᠎ᠡᠴᠡ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠭᠤᠷᠪᠠᠳᠤᠭᠠᠷ ᠬᠤᠷᠠᠯ᠎ᠤᠨ ᠱᠢᠶ᠋ᠳᠪᠦᠷᠢ ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠬᠣᠶᠠᠳᠤᠭᠠᠷ ᠬᠤᠷᠠᠯ᠎ᠡᠴᠡ ᠨᠠᠭᠠᠱᠢᠬᠢ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠭᠤᠷᠪᠠᠳᠤᠭᠠᠷ ᠬᠤᠷᠠᠯ᠎ᠤᠨ ᠱᠢᠶ᠋ᠳᠪᠦᠷᠢ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠰᠠᠨᠠᠯ ᠳᠤᠷᠠᠳᠤᠯᠭ᠎ᠠ᠎ᠶ᠋ᠢᠨ ᠵᠥᠪᠯᠡᠯ᠎ᠦᠨ ᠮᠡᠳᠡᠭᠦᠯᠦᠯᠲᠡ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠭᠤᠷᠪᠠᠳᠤᠭᠠᠷ ᠬᠤᠷᠠᠯ᠎ᠤᠨ ᠤᠯᠤᠰ ᠲᠥᠷᠥ᠎ᠶ᠋ᠢᠨ ᠱᠢᠶ᠋ᠳᠪᠦᠷᠢ᠎ᠶ᠋ᠢ ᠪᠠᠲᠤᠯᠠᠪᠠ᠃
ᠸᠠᠩ ᠬ᠍ᠤ ᠨᠢᠩ ᠶᠠᠷᠢᠶᠠᠨ᠎ᠳᠠᠭᠠᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ ᠪᠣᠯ ᠨᠢᠭᠡ ᠤᠳᠠᠭ᠎ᠠ᠎ᠶ᠋ᠢᠨ ᠲᠤᠭ᠎ᠢ ᠥᠨᠳᠥᠷ ᠮᠠᠨᠳᠤᠭᠤᠯᠤᠭ᠍ᠰᠠᠨ᠂ ᠰᠡᠳᠭᠢᠯ᠎ᠨᠢᠭᠡᠳᠤᠨ ᠬᠦᠴᠦ᠍᠎ᠪᠡᠨ ᠬᠠᠮᠲᠤᠳᠭᠠᠭ᠍ᠰᠠᠨ᠂ ᠦᠨᠡᠨ᠎ᠢ ᠪᠠᠷᠢᠮᠲᠠᠯᠠᠵᠤ ᠪᠣᠳᠠᠲᠠᠢ᠎ᠶ᠋ᠢ ᠡᠷᠬᠢᠮᠯᠡᠭ᠌ᠰᠡᠨ᠂ ᠪᠦᠯᠬᠦᠮᠳᠡᠨ ᠤᠷᠤᠭ᠍ᠰᠢᠯᠠᠭ᠍ᠰᠠᠨ ᠶᠡᠬᠡ ᠬᠤᠷᠠᠯ ᠪᠣᠯᠤᠨ᠎ᠠ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠢᠯᠡᠷᠬᠡᠢ ᠤᠯᠤᠰ ᠲᠦᠷᠦ᠍᠎ᠶ᠋ᠢᠨ ᠳᠠᠪᠠᠭᠤᠯᠢᠭ᠎ᠢ ᠭᠦᠢᠴᠡᠳ ᠢᠯᠡᠷᠡᠭᠦᠯᠵᠦ᠍᠂ ᠮᠠᠨ᠎ᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃ ᠳᠣᠮᠳᠠᠳᠤ ᠣᠯᠣᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠡᠣᠯᠣᠰ ᠤ᠋ᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠵᠡᠷᠭᠡ ᠨᠠᠮ ᠪᠠ ᠲᠥᠷᠥ᠎ᠶ᠋ᠢᠨ ᠤᠳᠤᠷᠢᠳᠭᠤ ᠨᠥᠬᠥᠳ ᠶᠡᠬᠡ ᠬᠤᠷᠠᠯ᠎ᠤᠨ ᠡᠬᠢᠯᠡᠯᠳᠠ ᠵᠢᠨ ᠬᠤᠷᠠᠯ ᠪᠣᠯᠤᠨ ᠲᠡᠭᠦᠰᠭᠦ ᠬᠤᠷᠠᠯ᠎ᠳᠤ ᠣᠷᠣᠯᠴᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠢ ᠡᠷᠭᠢᠨ ᠦᠵᠡᠭ᠌ᠰᠡᠨ ᠪᠥᠭᠡᠳ ᠳᠤᠭᠤᠢᠯᠠᠩ᠎ᠬᠠᠮᠲᠤᠷᠠᠭ᠍ᠰᠠᠨ ᠶᠠᠷᠢᠯᠴᠠᠭ᠎ᠠ᠎ᠳᠤ ᠣᠷᠣᠯᠴᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠲᠡᠶ ᠬᠠᠮᠲᠤ᠎ᠪᠠᠷ ᠤᠯᠤᠰ ᠤ᠋ᠨ ᠶᠡᠬᠡ ᠶᠠᠪᠤᠳᠠᠯ᠎ᠢ ᠵᠥᠪᠯᠡᠵᠡᠶ᠃ ᠤᠯᠤᠰ ᠲᠦᠷᠦ᠍᠎ᠶ᠋ᠢᠨ ᠵᠥᠪᠯᠡᠯᠭᠡᠨ᠎ᠦ ᠪᠦᠬᠦ᠌ ᠭᠡᠱᠢᠭᠦᠳ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠠ ᠪᠤᠰᠤᠳ ᠮᠡᠳᠡᠭᠦᠯᠦᠯᠳᠡ ᠵᠢ ᠨᠠᠷᠢᠨ ᠬᠢᠨᠠᠮᠠᠭᠠᠢ ᠶᠠᠷᠢᠯᠴᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠳᠡ ᠪᠠ ᠰᠠᠨᠠᠯ ᠲᠤᠷᠠᠳᠤᠯᠭ᠎ᠠ ᠵᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ ᠵᠡᠷᠭᠡ ᠪᠢᠴᠢᠭ ᠮᠠᠲ᠋ᠧᠷᠢᠶᠠᠯ᠎ᠢ ᠨᠠᠷᠢᠨ ᠬᠢᠨᠠᠮᠠᠭᠠᠢ ᠬᠢᠨᠠᠨ ᠵᠦᠪᠯᠡᠵᠦ᠂ ᠳᠦᠷᠦ᠍ ᠵᠢᠨ ᠶᠠᠪᠤᠳᠠᠯ᠎ᠢ ᠵᠥᠪᠯᠡᠭ᠌ᠰᠡᠨ ᠦᠯᠡᠮᠵᠢ ᠦᠷ᠎ᠡ ᠪᠦᠲᠦᠭᠡᠯ ᠤᠯᠪᠠ᠃ ᠤᠯᠤᠰ ᠲᠦᠷᠦ᠍᠎ᠶ᠋ᠢᠨ ᠵᠥᠪᠯᠡᠯᠭᠡᠨ᠎ᠦ ᠪᠦᠬᠦ᠌ ᠭᠡᠱᠢᠭᠦᠳ ᠥᠩᠭᠡᠷᠡᠭ᠌ᠰᠡᠨ ᠨᠢᠭᠡ ᠵᠢᠯ᠎ᠳᠦ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠦᠬᠦ᠌ ᠲᠠᠯ᠎ᠠ᠎ᠶ᠋ᠢ ᠶᠡᠷᠦᠩᠬᠡᠢᠯᠡᠨ ᠵᠢᠯᠣᠭᠣᠳᠴᠤ᠌᠂ ᠯᠠᠪᠳᠠᠭᠤᠨ ᠲᠣᠭ᠍ᠲᠠᠭᠤᠨ᠎ᠢᠶᠠᠷ ᠬᠤᠪᠢᠷᠠᠯᠲᠠ᠎ᠶ᠋ᠢ ᠠᠷᠭᠠᠴᠠᠭᠠᠨ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠡᠷᠡᠮᠡᠬᠡᠢᠯᠡᠨ ᠤᠷᠤᠭ᠍ᠰᠢᠯᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠤᠭᠠᠳ ᠴᠢᠬᠤᠯᠠ ᠶᠡᠬᠡ ᠱᠢᠨ᠎ᠡ ᠠᠮᠵᠢᠯᠲᠠ ᠪᠦᠲᠦᠮᠵᠢ ᠣᠯᠤᠭ᠍ᠰᠠᠨ᠎ᠢ ᠳᠡᠭᠡᠳᠦ ᠬᠡᠮᠵᠢᠶ᠎ᠡ᠎ᠪᠡᠷ ᠦᠨᠡᠯᠡᠪᠡ; 《ᠬᠣᠶᠠᠷ᠎ᠢ ᠲᠣᠭ᠍ᠲᠠᠭᠠᠬᠰᠠᠨ》 ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠱᠢᠨ᠎ᠡ ᠢᠯᠠᠯᠲᠠ᠎ᠶ᠋ᠢ ᠲᠡᠮᠡᠴᠡᠨ ᠤᠯᠬᠤ ᠢᠲᠡᠭᠡᠯ ᠵᠣᠷᠢᠭ᠎ᠢᠶᠠᠨ ᠤᠯᠠᠮ ᠨᠢᠭᠡ ᠠᠯᠬᠤᠮ ᠪᠠᠲᠤᠳᠭᠠᠪᠠ ᠭᠡᠵᠦ᠍ ᠰᠠᠨᠠᠯ ᠨᠢᠭᠡᠲᠡᠢ ᠢᠯᠡᠳᠭᠡᠵᠡᠬᠡᠪᠡ᠃
ᠸᠠᠩ ᠬᠤ᠌ ᠨᠢᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠪᠦᠯᠬᠦᠮᠳᠡᠯ ᠪᠠ ᠠᠷᠠᠳᠴᠢᠯᠠᠯ ᠬᠡᠬᠦ ᠬᠣᠶᠠᠷ ᠶᠡᠬᠡ ᠭᠣᠣᠯ ᠰᠡᠳᠦᠪ᠎ᠢ ᠪᠠᠷᠢᠮᠲᠠᠯᠠᠵᠤ᠂ ᠬᠥᠮᠦᠨ᠎ᠦ ᠰᠡᠳᠭᠢᠯ᠎ᠢ ᠨᠢᠭ᠍ᠲᠠᠷᠠᠭᠤᠯᠬᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠂ ᠣᠶᠤᠨ ᠤᠬᠠᠭᠠᠨ᠎ᠢ ᠨᠢᠭ᠍ᠲᠠᠷᠠᠭᠤᠯᠬᠤ᠂ ᠬᠦᠴᠦᠨ᠎ᠢᠶᠡᠨ ᠨᠢᠭ᠍ᠲᠠᠷᠠᠭᠤᠯᠬᠤ ᠠᠵᠢᠯ ᠢ᠋ ᠯᠠᠪᠳᠠᠭᠤᠨ ᠪᠠᠲᠤᠲᠠᠶ ᠰᠠᠢᠲᠤᠷ ᠬᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠲᠠᠶ ᠨᠢᠭ᠍ᠲᠠ ᠤᠶᠠᠯᠳᠤᠭᠤᠯᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠂ ᠬᠠᠮᠤᠭ᠎ᠤᠨ ᠥᠷᠭᠡᠨ ᠳᠡᠯᠭᠡᠷ ᠤᠯᠤᠰ᠎ᠢᠶᠡᠨ ᠬᠠᠢᠷᠠᠯᠠᠬᠤ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠦᠷᠦ᠍᠎ᠶ᠋ᠢᠨ ᠦᠢᠯᠡᠳᠦᠯ᠎ᠢ ᠦᠨᠡᠨ ᠬᠦ᠌ ᠪᠠᠳᠠᠷᠠᠭᠤᠯᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠨᠡᠢᠭᠡᠮ ᠵᠢᠷᠤᠮ᠎ᠤᠨ ᠵᠥᠪᠯᠡᠬᠦ᠌ ᠠᠷᠠᠳᠴᠢᠯᠠᠯ᠎ᠤᠨ ᠴᠢᠬᠤᠯᠠ ᠠᠷᠭ᠎ᠠ ᠵᠠᠮ ᠪᠠ ᠲᠤᠰᠭᠠᠢ ᠵᠥᠪᠯᠡᠬᠦ᠌ ᠪᠠᠢᠭᠤᠯᠤᠮᠵᠢ ᠪᠣᠯᠬᠤ ᠦᠢᠯᠡᠳᠦᠯ᠎ᠢ ᠨᠡᠩ ᠰᠠᠢ᠌ᠳᠤᠷ ᠪᠠᠳᠠᠷᠠᠭᠤᠯᠵᠤ᠂ ᠤᠯᠤᠰ ᠲᠥᠷᠥ᠎ᠶ᠋ᠢᠨ ᠵᠥᠪᠯᠡᠯᠭᠡ ᠬᠢᠬᠦ᠌᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠵᠠᠰᠠᠭ᠎ᠤᠨ ᠶᠠᠪᠤᠳᠠᠯ᠎ᠳᠤ ᠣᠷᠣᠯᠴᠠᠨ ᠲᠦᠷᠦ᠍᠎ᠶ᠋ᠢᠨ ᠶᠠᠪᠤᠳᠠᠯ᠎ᠢ ᠵᠥᠪᠯᠡᠬᠦ᠌ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠲᠤᠬᠠᠢ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ ᠶ᠋ᠢ ᠨᠡᠩ ᠰᠠᠢᠲᠤᠷ ᠡᠭᠦᠷᠭᠡᠯᠡᠬᠦ᠌ ᠬᠡᠷᠡᠭ᠌ᠲᠡᠢ ᠭᠡᠵᠦ ᠢᠯᠡᠳᠭᠡᠪᠡ᠃
ᠸᠠᠩ ᠬᠤ᠌ ᠨᠢᠩ᠂ ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠡᠳᠭᠢᠯ ᠨᠢᠭᠡᠳᠦᠨ ᠬᠦᠴᠦ᠍ ᠪᠡᠨ ᠬᠠᠮᠲᠤᠳᠭᠠᠵᠤ᠂ ᠪᠦᠯᠬᠦᠮᠳᠡᠨ ᠲᠡᠮᠡᠴᠡᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠴᠢᠷᠮᠠᠢᠨ ᠲᠡᠮᠡᠴᠡᠵᠡᠭᠡᠶ᠎ᠡ ᠭᠡᠵᠦ᠍ ᠢᠯᠡᠳᠭᠡᠪᠡ᠃
ᠲᠡᠭᠦᠰᠭᠦ ᠬᠤᠷᠠᠯ᠎ᠳᠤ ᠣᠷᠣᠯᠴᠠᠭ᠍ᠰᠠᠨ ᠤᠳᠤᠷᠢᠳᠭᠤ ᠨᠥᠬᠥᠳ᠎ᠲᠦ ᠪᠠᠰᠠ᠄ ᠮᠠ ᠱᠢᠩ ᠷᠦᠢ᠂ ᠸᠠᠩ ᠢ᠂ ᠶᠢᠨ ᠯᠢ᠂ ᠯᠢᠦ ᠭᠦᠸᠧ ᠵᠦᠩ᠂ ᠯᠢ ᠭᠠᠨ ᠵᠢᠶ᠍ᠸ᠂ ᠯᠢ ᠱᠦ᠍ ᠯᠸᠢ᠂ ᠯᠢ ᠬᠣᠩ ᠵᠦᠩ᠂ ᠾᠧ ᠸᠧᠢ ᠳ᠋ᠦᠩ᠂ ᠾᠧ ᠯᠢ ᠹᠸᠩ᠂ ᠵᠠᠩ ᠶᠢᠤ ᠱᠢᠶᠠ᠂ ᠵᠠᠩ ᠭᠦᠸᠧ ᠴᠢᠩ᠂ ᠴᠧᠨ ᠸᠸᠨ ᠴᠢᠩ᠂ ᠴᠧᠨ ᠵᠶ᠋ᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ᠍᠎ᠶ᠋ᠢᠨ ᠭᠦᠸᠧ᠂ ᠸᠠᠩ ᠱᠢᠶᠤᠤ ᠬᠣᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠨᠭᠵᠠᠯᠰᠠᠨ᠂ ᠰᠢᠤᠸᠠᠢᠺᠧᠯᠠᠢᠲ᠋ᠢ·ᠵᠠᠺᠧᠯ᠂ ᠡᠦ ᠵᠧᠩ ᠯᠦᠩ᠂ ᠱᠧᠨ ᠢ ᠴᠢᠨ᠂ ᠵᠠᠩ ᠵᠢᠶᠦᠢ᠍ᠨ᠂ ᠶᠢᠩ ᠶᠦᠨᠭ ᠨᠠᠷ ᠪᠤᠢ᠃
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠢ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠲᠡᠭᠦᠰᠭᠦ ᠬᠤᠷᠠᠯ᠎ᠳᠤ ᠰᠤᠯᠠ ᠣᠷᠣᠯᠴᠠᠵᠠᠢ᠃ ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶ᠋ᠢᠨ ᠡᠯᠴᠢᠨ ᠰᠠᠢᠳ᠂ ᠭᠠᠳᠠᠭᠠᠳᠤ᠎ᠳᠤ ᠰᠠᠭᠤᠭ᠎ᠠ ᠳᠤᠮᠳᠠᠳᠤ᠎ᠶ᠋ᠢᠨ ᠬᠠᠷᠢᠶᠠᠲᠤ᠎ᠨᠠᠷ ᠤᠷᠢᠯᠭ᠎ᠠ᠎ᠪᠠᠷ ᠲᠡᠭᠦᠰᠭᠦ ᠬᠤᠷᠠᠯ᠎ᠳᠤ ᠣᠷᠣᠯᠴᠠᠪᠠ᠃
ᠶᠡᠬᠡ ᠬᠤᠷᠠᠯ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ᠎ᠶ᠋ᠢᠨ ᠳᠤᠮᠳᠠ ᠲᠡᠭᠦᠰᠴᠠᠢ᠃
(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 10᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃