2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-06 09:49:36

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢ ᠵᠢᠨ ᠫᠢᠩ ᠸᠠᠩ ᠬᠣ᠌ ᠨᠢᠩ ᠼᠠᠢ ᠴᠢ ᠳ᠋ᠢᠩ ᠱᠢᠤᠸᠠᠢ ᠱᠢᠶᠠᠩ ᠯᠢ ᠰᠢ ᠬᠠᠨ ᠵᠧᠩ᠎ᠨᠡᠷ ᠲᠡᠷᠢᠭᠦᠯᠡᠭ᠌ᠴᠢᠳ᠎ᠤᠨ ᠲᠠᠢᠰᠠᠨ᠎ᠳᠤ ᠰᠠᠭᠠᠲᠠᠵᠠᠢ

ᠯᠢ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠪᠡ

ᠵᠣᠣ ᠯᠸ ᠵᠢᠶ ᠶᠡᠬᠡ ᠬᠤᠷᠠᠯ᠎ᠢ ᠡᠷᠭᠢᠯᠡᠪᠡ

ᠲᠥᠯᠥᠭᠡᠯᠡᠭ᠌ᠴᠢ ᠵᠢᠨ ᠬᠠᠤᠯᠢ ᠎ᠳᠤ ᠵᠠᠰᠠᠪᠤᠷᠢ ᠣᠷᠣᠭᠤᠯᠬᠤ ᠲᠥᠰᠦᠯ᠎ᠦᠨ ᠲᠤᠬᠠᠢ ᠲᠣᠳᠣᠷᠬᠠᠢᠯᠠᠯᠲᠠ ᠵᠡᠷᠭᠡ ᠎ᠶ᠋ᠢ ᠰᠣᠨᠣᠰᠪᠠ


ᠠᠷᠪᠠᠨ ᠳᠥᠷᠪᠡᠳᠦᠭᠡᠷ ᠬᠤᠭᠤᠴᠠᠭᠠᠨ ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ 5 ᠎ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ 3000 ᠱᠢᠬᠠᠮ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠨ ᠶᠡᠬᠡ ᠬᠤᠷᠠᠯ᠎ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭ᠍ᠰᠠᠨ ᠲᠠᠷᠬᠠᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠨ᠎ᠡ᠃

ᠠᠷᠠᠳ ᠎ᠤᠨ ᠶᠡᠬᠡ ᠬᠤᠷᠠᠯ᠎ᠤᠨ ᠲᠠᠩᠬᠢᠮ᠎ᠤᠨ ᠶᠣᠰᠣᠯᠠᠯ᠎ᠤᠨ ᠲᠠᠩᠬᠢᠮ᠎ᠲᠥᠪ ᠬᠢᠴᠢᠶᠡᠩᠭᠦᠢ ᠪᠥᠭᠡᠳ ᠬᠦᠷ ᠬᠥᠭ᠌ᠵᠢᠶᠡᠨᠲᠠᠢ ᠠᠭᠤᠷ ᠠᠮᠢᠰᠬᠤᠯ᠎ᠢᠶᠡᠷ ᠪᠢᠯᠬᠠᠵᠤ᠂ ᠲᠡᠷᠢᠭᠦᠯᠡᠭ᠌ᠴᠢᠳ᠎ᠦᠨ ᠲᠠᠢᠰᠠᠨ᠎ᠤ ᠬᠥᠱᠢᠭᠡ᠎ᠶ᠋ᠢᠨ ᠭᠣᠣᠯ ᠳᠤᠮᠳᠠ ᠡᠯᠬᠦᠭᠰᠡᠨ ᠤᠯᠤᠰ᠎ᠤᠨ ᠰᠦᠯᠳᠡ ᠬᠤᠷᠠᠯ᠎ᠤᠨ ᠲᠠᠯᠠᠪᠠᠢ᠎ᠶ᠋ᠢᠨ ᠬᠦᠩᠬᠦᠷ ᠤᠷᠤᠢ ᠳᠡᠭᠡᠷᠡᠬᠢ ᠲᠠᠪᠤᠨ ᠬᠣᠱᠢᠭᠤᠲᠤ ᠤᠳᠤᠨ ᠳ᠋ᠧᠩ᠎ᠯᠤᠭᠡ ᠦᠩᠬᠡ ᠢᠯᠭᠠᠷᠠᠨ ᠬᠡᠷᠡᠯ ᠰᠠᠴᠤᠷᠠᠨ ᠬᠠᠷᠠᠬᠳᠠᠨ᠎ᠠ᠃


QQ20250306-094854.png


3 ᠰᠠᠷ᠎ᠠ ᠵᠢᠨ 5᠎ᠦ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠨᠠᠮ ᠪᠠ ᠲᠦᠷᠦ ᠵᠢᠨ ᠤᠳᠤᠷᠢᠳᠬᠤ ᠬᠦᠮᠦᠨ ᠰᠢ ᠵᠢᠨ ᠫᠢᠩ ᠂ ᠯᠢ ᠴᠢᠶᠠᠩ ᠂ ᠸᠠᠩ ᠬᠣ᠌ ᠨᠢᠩ ᠂ ᠼᠠᠢ ᠴᠢ ᠂ ᠳ᠋ᠢᠩ ᠱᠢᠤᠸᠠᠢ ᠱᠢᠶᠠᠩ ᠂ ᠯᠢ ᠰᠢ ᠂ ᠬᠠᠨ ᠵᠧᠩ ᠨᠠᠷ ᠬᠤᠷᠠᠯ᠎ᠳᠤ ᠤᠷᠤᠯᠴᠠᠵᠠᠢ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠯᠢ ᠰᠢᠤᠸᠠᠢ ᠷᠸᠨ ᠰᠡᠭᠦᠳᠡᠷᠯᠡᠪᠡ


ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠵᠤᠤ ᠯᠸ ᠵᠶ᠋ᠢ ᠶᠡᠬᠡ ᠬᠤᠷᠠᠯ᠎ᠢ ᠡᠷᠬᠢᠯᠡᠪᠡ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ ᠂ ᠳ᠋ᠢᠩ ᠵᠦᠩ ᠯᠢ᠂ ᠬᠤᠤ ᠮᠢᠩ ᠵᠢᠨ ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠡᠨ᠂ ᠱᠢᠤᠸᠠᠢᠺᠧᠯᠠᠢ᠌ᠲ᠋ᠢ·ᠵᠠᠺᠸᠯ᠂ ᠯᠢᠦ ᠴᠢ ᠲᠡᠷᠢᠭᠦᠯᠡᠭ᠌ᠴᠢᠳ᠎ᠦᠨ ᠲᠠᠢᠰᠠᠨ᠎ᠤ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠰᠠᠭᠤᠳᠠᠯ᠎ᠳᠤ ᠰᠠᠭᠠᠲᠠᠪᠠ᠃

ᠰᠢ ᠵᠢᠨ ᠫᠢᠩ᠂ ᠯᠢ ᠴᠢᠶᠠᠩ᠂ ᠸᠠᠩ ᠬᠣ᠌ ᠨᠢᠩ᠂ ᠼᠠᠢ ᠴᠢ ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ ᠪᠣᠯᠤᠨ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠪᠠ᠃

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠳᠤ 2929 ᠲᠥᠯᠥᠭᠡᠯᠡᠭ᠌ᠴᠢ ᠣᠷᠣᠯᠴᠠᠬᠤ ᠶᠤᠰᠤᠲᠠᠢ᠃ 5 ᠤ᠋ ᠦᠳᠡ᠎ᠶ᠋ᠢᠨ ᠡᠮᠦᠨᠡᠬᠢ ᠬᠤᠷᠠᠯ᠎ᠳᠤ 2880 ᠬᠥᠮᠦᠨ ᠣᠷᠣᠯᠴᠠᠵᠤ᠂ 49 ᠬᠥᠮᠦᠨ ᠣᠷᠣᠯᠴᠠᠭ᠍ᠰᠠᠨ ᠦᠭᠡᠢ᠂ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠨ᠎ᠡ᠃

ᠦᠳᠡ᠎ᠶ᠋ᠢᠨ ᠡᠮᠦᠨᠡᠬᠢ 9 ᠴᠠᠭ᠎ᠲᠤ᠂ ᠵᠣᠣ ᠯᠸ ᠵᠢᠶ᠄ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠡᠬᠢᠯᠡᠯ᠎ᠠ ᠭᠡᠵᠦ ᠨᠡᠢᠲᠡᠯᠡᠪᠡ᠃ ᠪᠦᠭᠦᠳᠡᠭᠡᠷ᠎ᠢᠶᠡᠨ ᠪᠣᠰᠴᠤ᠌ ᠵᠣᠭ᠍ᠰᠣᠨ ᠤᠯᠤᠰ᠎ᠤᠨ ᠰᠦᠯᠳᠡ ᠳᠠᠭᠤᠤ᠎ᠶ᠋ᠢ ᠬᠠᠩᠭᠢᠨᠠᠲᠠᠯ᠎ᠠ ᠳᠠᠭᠤᠯᠠᠪᠠ᠃


QQ20250306-094904.png


3 ᠰᠠᠷ᠎ᠠ ᠵᠢᠨ 5 ᠎ᠦ ᠦᠳᠡ ᠵᠢᠨ ᠡᠮᠦᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠭᠤᠷᠪᠠᠳᠤᠭᠠᠷ ᠬᠤᠷᠠᠯ ᠪᠡᠭᠡᠵᠢᠩ᠎ᠦᠨ ᠠᠷᠠᠳ ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠲᠥᠷᠥ᠎ᠶ᠋ᠢᠨ ᠶᠠᠪᠤᠳᠠᠯ ᠎ᠤᠨ ᠬᠤᠷᠢᠶ᠎ᠠ ᠵᠢᠨ ᠶᠡᠷᠦᠩᠬᠡᠶ ᠰᠠᠢᠳ ᠯᠢ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠪᠡ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ


ᠬᠤᠷᠠᠯ᠎ᠤᠨ ᠵᠥᠪᠯᠡᠬᠦ᠌ ᠵᠦᠶ᠋ᠯ᠎ᠢ ᠦᠨᠳᠦᠰᠦᠯᠡᠨ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠶ ᠰᠠᠢᠳ ᠯᠢ ᠴᠢᠶᠠᠩ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠡᠮᠦᠨ᠎ᠡ᠎ᠡᠴᠡ ᠶᠡᠬᠡ ᠬᠤᠷᠠᠯ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠢᠪᠡ᠃ ᠢᠯᠡᠳᠭᠡᠯ ᠨᠢ ᠭᠤᠷᠪᠠᠨ ᠬᠡᠰᠡᠭ᠎ᠢᠶᠡᠷ ᠪᠦᠷᠢᠯᠳᠦᠵᠡᠢ᠄ ᠨᠢᠭᠡ᠂ 2024 ᠣᠨ᠎ᠤ ᠠᠵᠢᠯ᠎ᠤᠨ ᠡᠷᠭᠢᠴᠡᠭᠦᠯᠦᠯ; ᠬᠣᠶᠠᠷ᠂ 2025 ᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠶᠡᠷᠦᠩᠬᠡᠶ ᠱᠠᠭᠠᠷᠳᠠᠯᠭ᠎ᠠ ᠪᠠ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ; ᠭᠤᠷᠪᠠ᠂ 2025 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠡᠭᠦᠷᠭᠡ᠃

ᠯᠢ ᠴᠢᠶᠠᠩ ᠢᠯᠡᠳᠭᠡᠯ᠎ᠳᠡᠭᠡᠨ᠂ ᠥᠩᠭᠡᠷᠡᠭ᠌ᠰᠡᠨ ᠨᠢᠭᠡ ᠵᠢᠯ᠎ᠳᠦ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠶᠠᠪᠤᠴᠠ ᠲᠤᠢᠯ᠎ᠤᠨ ᠶᠡᠷᠦ᠍ ᠪᠤᠰᠤ᠎ᠶ᠋ᠢᠨ ᠶᠤᠮ᠃ ᠭᠠᠳᠠᠭᠠᠳᠤ ᠳᠠᠷᠤᠯᠲᠠ ᠶᠡᠬᠡᠰᠴᠤ᠂ ᠳᠣᠲᠣᠭᠠᠳᠤ᠎ᠶ᠋ᠢᠨ ᠬᠦᠴᠢᠷᠳᠡᠯ ᠨᠡᠮᠡᠭ᠌ᠳᠡᠭ᠌ᠰᠡᠨ ᠪᠤᠳᠤᠯᠢᠶᠠᠨᠲᠠᠶ ᠬᠦᠨᠳᠦ ᠬᠡᠴᠡᠭᠦᠦ ᠪᠠᠢᠳᠠᠯ᠎ᠤᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠬᠠᠳᠠᠭᠤᠵᠢᠨ ᠲᠠᠮᠠᠴᠠᠵᠤ᠂ ᠬᠦᠴᠢᠷ ᠎ᠢ ᠲᠤᠭᠤᠯᠤᠨ ᠪᠡᠷᠬᠡ ᠵᠢ ᠳᠠᠪᠠᠵᠤ᠂ ᠠᠵᠤ ᠠᠬᠤᠢ᠎ᠶ᠋ᠢᠨ ᠡᠷᠬᠢᠯᠳᠡ ᠶᠡᠷᠦᠩᠬᠡᠢ᠎ᠳᠡᠭᠡᠨ ᠲᠣᠭ᠍ᠲᠠᠭᠤᠨ ᠪᠠᠢᠵᠤ᠂ ᠲᠣᠭ᠍ᠲᠠᠭᠤᠨ᠎ᠤ ᠳᠤᠮᠳᠠ ᠠᠬᠢᠯᠳᠠ ᠲᠠᠢ ᠪᠤᠯᠵᠤ᠂ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠵᠦ᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠣᠭ᠍ᠲᠠᠭᠤᠨ᠎ᠢᠶᠠᠷ ᠬᠥᠭ᠌ᠵᠢᠭᠦᠯᠵᠦ᠂ ᠮᠠᠨ᠎ᠤ ᠤᠯᠤᠰ᠎ᠤᠨ ᠠᠵᠤ ᠠᠬᠤᠶ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠦᠷᠭᠦᠯᠵᠢᠯᠡᠨ ᠴᠢᠩᠭᠠᠷᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠯᠠᠪᠳᠠᠭᠤᠨ ᠪᠠᠳᠤ ᠱᠢᠨ᠎ᠡ ᠠᠯᠬᠤᠮ᠎ᠢ ᠠᠯᠬᠤᠵᠤ᠂ ᠪᠢᠳᠡᠨ᠎ᠦ ᠱᠢᠨ᠎ᠡ ᠴᠠᠭ ᠦᠶ᠎ᠡ ᠱᠢᠨ᠎ᠡ ᠠᠶᠠᠨ᠎ᠳᠤ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠡᠷᠡᠰ ᠵᠤᠷᠢᠭ ᠪᠠ ᠢᠲᠡᠭᠡᠯ ᠵᠣᠷᠢᠭ᠎ᠢ ᠨᠡᠩ ᠪᠠᠲᠤᠳᠭᠠᠪᠠ ᠭᠡᠵᠦ ᠵᠢᠭᠠᠵᠤ ᠭᠠᠷᠭᠠᠵᠠᠢ᠃

ᠯᠢ ᠴᠢᠶᠠᠩ ᠢᠯᠡᠳᠭᠡᠯ᠎ᠳᠡᠭᠡᠨ᠂ ᠨᠢᠭᠡ ᠵᠢᠯ᠎ᠦᠨ ᠲᠤᠷᠰᠢ᠂ ᠪᠢᠳᠡ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠵᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠵᠤ᠂ ᠨᠠᠮ᠎ᠤᠨ ᠤᠳᠤᠷᠢᠳᠤᠯᠭ᠎ᠠ᠎ᠶᠢ ᠵᠠᠰᠠᠭ᠎ᠤᠨ ᠣᠷᠳᠣᠨ᠎ᠤ ᠠᠵᠢᠯ᠎ᠤᠨ ᠡᠯ᠎ᠡ ᠲᠠᠯ᠎ᠠ ᠪᠥᠬᠥ ᠶᠠᠪᠤᠴᠠ᠎ᠳᠤ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ ᠎ᠶᠢ ᠪᠥᠬᠥ ᠲᠠᠯ᠎ᠠ ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠲᠥᠪ ᠬᠤᠷᠢᠶ᠎ᠠ᠎ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠣᠰᠣᠭᠠᠷ᠂ ᠭᠣᠣᠯᠳᠠᠭᠤ ᠳᠣᠣᠷᠠᠬᠢ ᠠᠵᠢᠯ᠎ᠤᠳ᠎ᠢ ᠬᠢᠵᠡᠢ᠄ ᠨᠢᠭᠡ᠎ᠳᠦ᠂ ᠴᠠᠭ᠎ᠪᠠ ᠬᠠᠨᠳᠤᠰᠢ᠎ᠳᠤ ᠵᠣᠬᠢᠴᠠᠭᠤᠯᠤᠨ ᠬᠣᠷᠸ᠎ᠠ ᠡᠵᠡᠮᠰᠢᠯ ᠲᠣᠬᠢᠷᠠᠭᠤᠯᠭ᠎ᠠ᠎ᠶᠢ ᠴᠢᠩᠭᠠᠳᠬᠠᠬᠰᠠᠨ ᠪᠠ ᠡᠨᠡ ᠲᠠᠯ᠎ᠠ ᠪᠡᠷ ᠰᠢᠨ᠎ᠡ᠎ᠶᠢ ᠡᠭᠦᠳᠴᠦ᠂ ᠠᠵᠤ ᠠᠬᠤᠢ᠎ᠶᠢᠨ ᠰᠡᠷᠭᠦᠨ ᠰᠠᠢᠵᠢᠷᠠᠬᠤ᠎ᠶᠢ ᠠᠬᠢᠭᠤᠯᠪᠠ; ᠬᠣᠶᠠᠷ᠎ᠲᠤ᠂ ᠭᠤᠢᠪᠢᠰᠢ ᠦᠭᠡᠢ᠎ᠪᠡᠷ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠦᠨ ᠨᠡᠭᠡᠭᠡᠯᠲᠡ᠎ᠶᠢ ᠥᠷᠭᠡᠳᠬᠡᠵᠦ᠂ ᠬᠥᠭᠵᠢᠯᠲᠡ᠎ᠶᠢᠨ ᠳᠣᠲᠣᠭᠠᠳᠤ ᠬᠥᠳᠡᠯᠭᠡᠬᠦ ᠬᠦᠴᠦᠨ᠎ᠢ ᠴᠢᠩᠭᠠᠳᠬᠠᠪᠠ; ᠭᠤᠷᠪᠠ᠎ᠳᠤ᠂ ᠰᠢᠨ᠎ᠡ᠎ᠶᠢ ᠡᠭᠦᠳᠬᠦ᠎ᠪᠡᠷ ᠬᠥᠭᠵᠢᠯᠲᠡ᠎ᠶᠢᠨ ᠬᠥᠳᠡᠯᠭᠡᠭᠦᠷ ᠪᠣᠯᠭᠠᠬᠤ᠎ᠶᠢ ᠶᠡᠬᠡ᠎ᠪᠡᠷ ᠠᠬᠢᠭᠤᠯᠵᠤ᠂ ᠠᠵᠤ ᠦᠢᠯᠡᠰ ᠎ᠦᠨ ᠪᠦᠲᠦᠴᠡ᠎ᠶᠢ ᠰᠢᠯᠢᠳᠡᠭᠵᠢᠬᠦᠯᠦᠨ ᠲᠡᠰ ᠳᠡᠪᠰᠢᠬᠦᠯᠬᠦ᠎ᠶᠢ ᠠᠬᠢᠭᠤᠯᠪᠠ; ᠳᠥᠷᠪᠡ᠎ᠳᠦ᠂ ᠬᠤᠳᠠ ᠬᠥᠳᠡᠭᠡ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ᠎ᠶᠢᠨ ᠪᠠᠢᠷᠢᠰᠢᠭᠤᠯᠤᠯᠳᠠ᠎ᠵᠢ ᠰᠢᠯᠢᠳᠡᠭᠵᠢᠭᠦᠯᠪᠡ; ᠲᠠᠪᠤ᠎ᠳᠤ᠂ ᠨᠡᠢᠭᠡᠮ᠎ᠦᠨ ᠠᠵᠢᠯ ᠦᠢᠯᠡᠰ᠎ᠢ ᠢᠳᠡᠪᠬᠢᠲᠡᠢ ᠬᠥᠭᠵᠢᠭᠦᠯᠵᠦ᠂ ᠠᠷᠠᠳ ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭᠳᠡᠭᠦᠯᠪᠡ; ᠵᠢᠷᠭᠤᠭ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠦᠷᠭᠦᠯᠵᠢᠯᠡᠨ ᠴᠢᠩᠭᠠᠳᠬᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠶᠢᠨ ᠲᠦᠪᠰᠢᠨ ᠎ᠢ ᠳᠡᠭᠡᠭᠰᠢᠯᠡᠭᠦᠯᠪᠡ; ᠲᠤᠯᠤᠭ᠎ᠠ᠎ᠳᠤ᠂ ᠵᠠᠰᠠᠭ᠎ᠤᠨ ᠣᠷᠳᠣᠨ᠎ᠤ ᠪᠠᠢᠭᠤᠯᠤᠯᠲᠠ ᠪᠠ ᠵᠠᠰᠠᠯᠲᠠ᠎ᠶᠢᠨ ᠲᠠᠯ᠎ᠠ᠎ᠪᠠᠷ ᠰᠢᠨ᠎ᠡ᠎ᠶᠢ ᠡᠭᠦᠳᠬᠦ᠎ᠶᠢ ᠴᠢᠩᠭᠠᠳᠬᠠᠵᠤ᠂ ᠨᠡᠢᠭᠡᠮ᠎ᠦᠨ ᠡᠶ᠎ᠡ ᠵᠣᠬᠢᠴᠠᠯ ᠪᠠ ᠲᠣᠭᠲᠠᠭᠤᠨ ᠎ᠢ ᠪᠠᠲᠤᠯᠠᠪᠠ ᠭᠡᠵᠦ ᠵᠢᠭᠠᠵᠤ ᠭᠠᠷᠭᠠᠪᠠ᠃

ᠯᠢ ᠴᠢᠶᠠᠩ ᠢᠯᠡᠳᠭᠡᠯ᠎ᠳᠡᠭᠡᠨ᠂ ᠠᠮᠵᠢᠯᠲᠠ ᠎ᠪᠠᠨ ᠨᠤᠲᠠᠯᠠᠬᠤ᠎ᠶᠢᠨ ᠬᠠᠮᠲᠤ ᠪᠢᠳᠡ ᠪᠠᠰᠠ ᠲᠤᠯᠭᠠᠷᠠᠵᠤ ᠪᠠᠢᠭ᠎ᠠ ᠠᠰᠠᠭᠤᠳᠠᠯ ᠪᠣᠯᠣᠨ ᠥᠷᠢᠰᠦᠯᠳᠦᠭᠡᠨ᠎ᠢ ᠰᠡᠷᠭᠡᠭ᠎ᠢᠶᠡᠷ ᠣᠯᠵᠤ ᠬᠠᠷᠠᠪᠠ᠃ ᠪᠢᠳᠡ ᠬᠦᠴᠢᠷᠳᠠᠯ ᠪᠠ ᠠᠰᠠᠭᠤᠳᠠᠯ᠎ᠳᠤ ᠵᠥᠪ᠎ᠢᠶᠡᠷ ᠬᠠᠨᠳᠤᠬᠤ ᠮᠥᠷᠲᠡᠭᠡᠨ ᠬᠥᠭᠵᠢᠯᠲᠡ᠎ᠶᠢᠨ ᠢᠲᠡᠭᠡᠯ ᠵᠣᠷᠢᠭ᠋᠎ᠢᠶᠠᠨ ᠨᠡᠩ ᠪᠠᠲᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠯᠢ ᠴᠢᠶᠠᠩ ᠢᠯᠡᠳᠭᠡᠯ᠎ᠳᠡᠭᠡᠨ᠂ ᠡᠨᠡ ᠵᠢᠯ ᠪᠣᠯ《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠦᠪᠵᠢᠭᠦᠯᠭᠡ᠎ᠶᠢᠨ ᠰᠡᠭᠦᠯ ᠬᠤᠷᠢᠶᠠᠬᠤ ᠵᠢᠯ ᠪᠣᠯᠣᠨ᠎ᠠ᠃ ᠡᠨᠡ ᠵᠢᠯ᠎ᠦᠨ ᠬᠥᠭᠵᠢᠯᠲᠡ᠎ᠶᠢᠨ ᠭᠣᠣᠯ ᠵᠢᠱ᠌ᠢᠭᠰᠡᠨ ᠬᠠᠷᠠᠯᠲᠠ ᠪᠣᠯ᠄ ᠤᠯᠤᠰ ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠶᠡᠷᠦᠨᠭᠬᠡᠢ ᠦᠷᠲᠡᠭ᠎ᠢ 5% ᠣᠷᠴᠢᠮ᠎ᠢᠶᠠᠷ ᠨᠡᠮᠡᠭᠳᠡᠭᠦᠯᠦᠨ᠎ᠡ; ᠬᠣᠲᠠ ᠪᠠᠯᠭᠠᠰᠤ᠎ᠶᠢᠨ ᠪᠠᠢᠴᠠᠭᠠᠭᠰᠠᠨ ᠠᠵᠢᠯ ᠠᠯᠳᠠᠯᠲᠠ᠎ᠶᠢᠨ ᠨᠣᠷᠮ᠎ᠠ᠎ᠶᠢ 5.5% ᠣᠷᠴᠢᠮ᠎ᠳᠤ ᠪᠠᠢᠯᠭᠠᠵᠤ᠂ ᠬᠣᠲᠠ ᠪᠠᠯᠭᠠᠰᠤ᠎ᠶᠢᠨ 1200 ᠲᠦᠮᠡ᠎ᠡᠴᠡ ᠳᠡᠭᠡᠭᠰᠢ ᠬᠦᠮᠦᠨ᠎ᠳᠦ ᠰᠢᠨ᠎ᠡ᠎ᠪᠡᠷ ᠠᠵᠢᠯ ᠣᠯᠭᠣᠨ᠎ᠠ; ᠰᠠᠭᠤᠭᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ᠎ᠶᠢᠨ ᠥᠰᠦᠯᠲᠡ᠎ᠶᠢᠨ ᠬᠡᠮᠵᠢᠶ᠎ᠡ ᠎ᠶᠢ 2% ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠣᠷᠣᠯᠭ᠎ᠠ᠎ᠶᠢᠨ ᠨᠡᠮᠡᠭᠳᠡᠯ ᠪᠠ ᠠᠵᠤ ᠠᠬᠤᠢ᠎ᠶᠢᠨ ᠨᠡᠮᠡᠭᠳᠡᠯ᠎ᠢ ᠠᠳᠠᠯᠢ ᠠᠯᠬᠤᠮ ᠳ᠋ᠤ ᠪᠠᠢᠯᠭᠠᠨ᠎ᠠ; ᠤᠯᠤᠰ᠎ᠤᠨ ᠬᠣᠭᠣᠷᠣᠨᠳᠣᠬᠢ ᠣᠷᠣᠯᠭ᠎ᠠ ᠵᠠᠷᠤᠯᠭ᠎ᠠ ᠵᠢ ᠦᠨᠳᠦᠰᠦᠨ᠎ᠳᠡᠭᠡᠨ ᠲᠡᠩᠴᠡᠭᠦᠷᠢᠲᠡᠢ ᠪᠠᠢᠯᠭᠠᠨ᠎ᠠ; ᠠᠮᠤ ᠪᠤᠳᠠᠭᠠᠨ᠎ᠤ ᠤᠨᠠᠯᠲᠠ ᠵᠢ 1.4 ᠲᠦᠮᠡᠨ ᠳ᠋ᠦᠩᠰᠢᠭᠤᠷ ᠵᠢᠩ ᠣᠷᠴᠢᠮ᠎ᠳᠤ ᠬᠦᠷᠭᠡᠨ᠎ᠡ; ᠨᠢᠭᠡᠴᠢ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠶᠡᠷᠦᠨᠭᠬᠡᠢ ᠦᠷᠲᠡᠭ᠎ᠦᠨ ᠡᠨᠧᠷᠭᠢ᠎ᠶᠢᠨ ᠬᠣᠷᠣᠭᠳᠠᠯ᠎ᠢ 3% ᠣᠷᠴᠢᠮ ᠪᠠᠭᠤᠷᠠᠭᠤᠯᠵᠤ᠂ ᠠᠮᠢ ᠠᠬᠤᠢ᠎ᠤᠷᠴᠢᠨ ᠲᠤᠭᠤᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠤᠨ᠎ᠠ ᠭᠡᠵᠦ ᠵᠢᠭᠠᠵᠤ ᠭᠠᠷᠭᠠᠪᠠ᠃


QQ20250306-094914.png


3 ᠰᠠᠷ᠎ᠠ ᠵᠢᠨ 5᠎ᠦ ᠦᠳᠡ ᠵᠢᠨ ᠡᠮᠦᠨ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠡᠬᠢᠯᠡᠪᠡ᠃ ᠵᠣᠣ ᠯᠸ ᠵᠢᠶ ᠡᠬᠢᠯᠡᠯᠳᠡ ᠵᠢᠨ ᠬᠤᠷᠠᠯ᠎ᠢ ᠡᠷᠬᠢᠯᠡᠪᠡ ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠬᠤᠸᠠᠩ ᠵᠢᠩ ᠸᠸᠨ ᠰᠡᠭᠦᠳᠡᠷᠯᠡᠪᠡ


ᠯᠢ ᠴᠢᠶᠠᠩ ᠢᠯᠡᠳᠭᠡᠯ᠎ᠳᠡᠭᠡᠨ᠂ ᠡᠨᠡ ᠵᠢᠯ᠎ᠦᠨ ᠬᠠᠷᠠᠯᠲᠠ ᠡᠭᠦᠷᠭᠡ᠎ᠪᠡᠨ ᠰᠠᠢᠲᠤᠷ ᠪᠡᠶᠡᠯᠡᠭᠦᠯᠬᠦ᠎ᠳᠦ᠂ ᠡᠷᠬᠡᠪᠰᠢ ᠰᠢ ᠵᠢᠨ ᠫᠢᠩ᠎ᠦᠨ ᠠᠵᠤ ᠠᠬᠤᠢ᠎ᠶᠢᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠴᠢᠨᠠᠷ ᠰᠠᠢᠲᠠᠢ ᠬᠥᠭᠵᠢᠬᠦᠯᠬᠦ ᠡᠨᠡ ᠬᠦ᠌ ᠲᠡᠷᠢᠭᠦᠨ ᠴᠢᠬᠤᠯᠠ ᠡᠭᠦᠷᠭᠡ᠎ᠶᠢ ᠴᠢᠩᠭ᠎ᠠ ᠠᠳᠬᠤᠵᠤ᠂ ᠶᠠᠰᠤ ᠴᠢᠨᠠᠷ᠎ᠢᠶᠠᠷ ᠢᠯᠠᠬᠤ ᠬᠢᠭᠡᠳ ᠬᠡᠪᠴᠢᠶᠡᠵᠢᠯ᠎ᠦᠨ ᠨᠦᠯᠦᠬᠡ ᠦᠢᠯᠡᠳᠦᠯ᠎ᠢ ᠪᠠᠳᠠᠷᠠᠭᠤᠯᠬᠤ᠎ᠶᠢ ᠨᠢᠭᠡᠳᠬᠡᠬᠦ᠎ᠶᠢ ᠪᠠᠷᠢᠮᠲᠠᠯᠠᠵᠤ᠂ ᠶᠠᠰᠤ ᠴᠢᠨᠠᠷ᠎ᠤᠨ ᠪᠦᠲᠦᠮᠵᠢᠲᠡᠢ ᠳᠡᠭᠡᠭᠰᠢᠯᠡᠯᠲᠡ ᠪᠠ ᠲᠤᠭ᠎ᠠ ᠬᠡᠮᠵᠢᠶᠡᠨ᠎ᠦ ᠵᠣᠬᠢᠰᠲᠠᠢ ᠨᠡᠮᠡᠭᠳᠡᠯ᠎ᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠯᠢ ᠴᠢᠶᠠᠩ ᠢᠯᠡᠳᠭᠡᠯ᠎ᠳᠡᠭᠡᠨ᠂ ᠡᠨᠡ ᠵᠢᠯ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠭᠦᠷᠭᠡ ᠲᠤᠢᠯ ᠎ᠤᠨ ᠬᠦᠨᠳᠦ ᠪᠠᠢᠨ᠎ᠠ᠃ ᠪᠢᠳᠡ ᠭᠣᠣᠯᠳᠠᠯᠭ᠎ᠠ᠎ᠶᠢ ᠲᠣᠪᠤᠢᠯᠭᠠᠨ᠂ ᠵᠠᠩᠭᠢᠯᠠᠭ᠎ᠠ᠎ᠶᠢ ᠡᠵᠡᠮᠳᠡᠵᠦ᠂ ᠳᠣᠣᠷᠠᠬᠢ ᠬᠡᠳᠦᠨ ᠲᠠᠯ᠎ᠠ᠎ᠶᠢᠨ ᠠᠵᠢᠯ᠎ᠢ ᠴᠢᠬᠤᠯᠠᠴᠢᠯᠠᠨ ᠰᠠᠢᠲᠤᠷ ᠠᠳᠬᠤᠬᠤ ᠬᠡᠷᠡᠭᠲᠡᠢ᠄ ᠬᠡᠷᠡᠭᠯᠡᠭᠡ᠎ᠶᠢ ᠶᠡᠬᠡ᠎ᠪᠡᠷ ᠬᠥᠭᠵᠢᠭᠡᠨ᠂ ᠪᠡᠯᠡ ᠣᠷᠣᠭᠤᠯᠤᠯᠲᠠ᠎ᠶᠢᠨ ᠦᠷ᠎ᠡ ᠠᠰᠢᠭ᠋ ᠎ᠢ ᠳᠡᠭᠡᠭᠰᠢᠯᠡᠭᠦᠯᠵᠦ᠂ ᠤᠯᠤᠰ᠎ᠤᠨ ᠳᠣᠲᠣᠭᠠᠳᠤ᠎ᠶᠢᠨ ᠬᠡᠷᠡᠭᠴᠡᠭᠡ᠎ᠶᠢ ᠪᠥᠬᠥ ᠲᠠᠯ᠎ᠠ᠎ᠪᠠᠷ ᠥᠷᠭᠡᠳᠬᠡᠨ᠎ᠡ; ᠲᠤᠬᠠᠢ᠎ᠶᠢᠨ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠲᠦᠷᠭᠡᠳᠬᠡᠨ ᠪᠠᠢᠭᠤᠯᠤᠨ᠎ᠠ; ᠰᠢᠨᠵᠢᠯᠡᠬᠦ ᠤᠬᠠᠭᠠᠨ ᠰᠤᠷᠭᠠᠨ ᠬᠥᠮᠦᠵᠢᠯ᠎ᠢᠶᠡᠷ ᠤᠯᠤᠰ᠎ᠢᠶᠠᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠤᠯᠤᠰ᠎ᠤᠨ ᠰᠢᠨ᠎ᠡ᠎ᠶᠢ ᠡᠭᠦᠳᠬᠦ ᠰᠢᠰᠲᠧᠮ᠎ᠦᠨ ᠪᠦᠬᠦᠯᠢ ᠴᠣᠭᠴᠠ᠎ᠶᠢᠨ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠦᠨ᠎ᠡ; ᠪᠡᠯᠭᠡ ᠲᠡᠮᠳᠡᠭ᠎ᠦᠨ ᠴᠢᠨᠠᠷᠲᠠᠢ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠶᠢ ᠲᠦᠷᠭᠡᠳᠭᠡᠨ ᠨᠠᠢᠳᠠᠪᠤᠷᠢᠵᠢᠭᠤᠯᠬᠤ᠎ᠶᠢ ᠠᠬᠢᠭᠤᠯᠵᠤ᠂ ᠠᠵᠤ ᠠᠬᠤᠢ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢ ᠨᠠᠩ ᠰᠠᠢᠲᠤᠷ ᠪᠠᠳᠠᠷᠠᠭᠤᠯᠤᠨ᠎ᠠ; ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠥᠷᠭᠡᠳᠬᠡᠵᠦ᠂ ᠭᠠᠳᠠᠭᠠᠳᠤ ᠠᠷᠠᠯᠵᠢᠶ᠎ᠠ᠎ᠶᠢ ᠢᠳᠡᠪᠬᠢᠲᠡᠢ ᠲᠣᠭᠲᠠᠪᠤᠷᠢᠵᠢᠭᠤᠯᠵᠤ ᠭᠠᠳᠠᠭᠠᠳᠤ ᠪᠡᠯᠡ᠎ᠶᠢ ᠲᠣᠭᠲᠠᠭᠤᠨ ᠪᠠᠢᠯᠭᠠᠨ᠎ᠠ; ᠭᠣᠣᠯᠳᠠᠯᠭ᠎ᠠ᠎ᠲᠠᠢ ᠬᠦᠷᠢᠶᠡᠨ᠎ᠳ᠋ᠡᠬᠢ ᠠᠶᠤᠯ ᠲᠦᠭᠰᠢᠭᠦᠷᠢ᠎ᠶᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠰᠢᠰᠲᠧᠮ᠎ᠦᠨ ᠴᠢᠨᠠᠷᠲᠠᠢ ᠠᠶᠤᠯ ᠲᠦᠭᠰᠢᠭᠦᠷᠢ ᠭᠠᠷᠭᠠᠬᠤ ᠦᠭᠡᠢ ᠬᠣᠷᠢᠭ᠎ᠠ ᠱᠤᠭᠤᠮ᠎ᠢ ᠪᠠᠲᠤ ᠰᠠᠬᠢᠨ᠎ᠠ;《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠤ᠋ ᠠᠵᠢᠯ᠎ᠢ ᠬᠦᠴᠦᠯᠡᠨ ᠰᠠᠢᠲᠤᠷ ᠠᠳᠬᠤᠵᠤ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠭᠦᠨᠵᠡᠭᠡᠢᠷᠠᠬᠦᠯᠦᠨ ᠠᠬᠢᠭᠤᠯᠤᠨ᠎ᠠ; ᠰᠢᠨ᠎ᠡ ᠮᠠᠶᠢᠭ᠋᠎ᠤᠨ ᠬᠣᠲᠠ ᠪᠠᠯᠭᠠᠰᠤᠵᠢᠯᠲᠠ ᠪᠠ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠵᠤ᠂ ᠬᠥᠭᠵᠢᠯᠲᠡ᠎ᠶᠢᠨ ᠣᠷᠣᠨ ᠵᠠᠢ᠎ᠶᠢᠨ ᠪᠠᠢᠷᠢᠰᠢᠯ᠎ᠢ ᠤᠯᠠᠮ ᠰᠢᠯᠢᠳᠡᠭᠵᠢᠭᠦᠯᠦᠨ᠎ᠡ; ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠲᠠ ᠵᠢ ᠪᠠᠭᠤᠷᠠᠭᠤᠯᠵᠤ ᠪᠣᠬᠢᠷᠲᠤᠯ᠎ᠢ ᠪᠠᠭᠠᠰᠬᠠᠵᠤ ᠨᠤᠭᠤᠭᠠᠷᠠᠭᠤᠯᠤᠯᠲᠠ ᠵᠢ ᠥᠷᠭᠡᠳᠬᠡᠨ ᠨᠡᠮᠡᠭᠳᠡᠯ᠎ᠢ ᠠᠬᠢᠭᠤᠯᠬᠤ ᠵᠢ ᠵᠤᠬᠢᠴᠠᠭᠤᠯᠤᠨ ᠶᠠᠪᠤᠬᠳᠠᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠲᠠᠯ᠎ᠠ᠎ᠪᠠᠷ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠨ᠎ᠡ; ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠨᠡᠢᠭᠡᠮ᠎ᠦᠨ ᠵᠠᠰᠠᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ ᠭᠡᠵᠦ ᠳᠤᠷᠠᠳᠪᠠ᠃

ᠢᠯᠡᠳᠭᠡᠯ᠎ᠳᠦ᠂ ᠯᠢ ᠴᠢᠶᠠᠩ ᠪᠠᠰᠠ ᠵᠠᠰᠠᠭ᠎ᠤᠨ ᠣᠷᠳᠣᠨ᠎ᠤ ᠲᠤᠰ ᠪᠡᠶ᠎ᠡ᠎ᠶᠢᠨ ᠪᠠᠢᠭᠤᠯᠤᠯᠲᠠ᠂ ᠦᠨᠳᠦᠰᠦᠲᠡᠨ᠂ ᠱᠠᠰᠢᠨ ᠰᠤᠷᠲᠠᠬᠤᠨ ᠪᠠ ᠬᠠᠷᠢᠶᠠᠲᠤ ᠨᠠᠷ᠎ᠤᠨ ᠠᠵᠢᠯ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶᠢᠨ ᠪᠠᠢᠭᠤᠯᠤᠯᠲᠠ᠂ ᠰᠢᠶᠠᠩᠭᠠᠩ᠂ ᠣᠣᠮᠧᠨ᠎ᠦ ᠬᠥᠭᠵᠢᠯᠲᠡ ᠪᠠ ᠲᠠᠢᠸᠠᠨ ᠬᠣᠭᠣᠯᠠᠢ᠎ᠶᠢᠨ ᠬᠣᠶᠠᠷ ᠬᠥᠪᠡᠭᠡᠨ᠎ᠦ ᠬᠠᠷᠢᠴᠠᠭ᠎ᠠ ᠵᠢᠴᠢ ᠮᠠᠨ᠎ᠤ ᠤᠯᠤᠰ᠎ᠤᠨ ᠭᠠᠳᠠᠭᠠᠳᠤ ᠬᠠᠷᠢᠯᠴᠠᠭᠠᠨ᠎ᠤ ᠲᠦᠷᠦ᠎ᠶᠢᠨ ᠪᠣᠳᠣᠯᠭ᠎ᠠ ᠵᠡᠷᠭᠡ᠎ᠶᠢᠨ ᠲᠤᠬᠠᠢ ᠲᠣᠳᠣᠷᠬᠠᠢᠯᠠᠨ ᠥᠭᠦᠯᠡᠵᠡᠢ᠃

ᠬᠤᠷᠠᠯ᠎ᠤᠨ ᠵᠥᠪᠯᠡᠬᠦ ᠵᠦᠢᠯᠡᠰ᠎ᠢ ᠦᠨᠳᠦᠰᠦᠯᠡᠨ᠂ ᠶᠡᠬᠡ ᠬᠤᠷᠠᠯ᠎ᠡᠴᠡ ᠲᠥᠷᠥ᠎ᠶᠢᠨ ᠶᠠᠪᠤᠳᠠᠯ᠎ᠤᠨ ᠬᠤᠷᠢᠶ᠎ᠠ᠎ᠵᠢᠨ 2024 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ ᠵᠢ ᠬᠡᠷᠡᠭᠵᠢᠭᠦᠯᠦᠭᠰᠡᠨ ᠪᠠᠢᠳᠠᠯ ᠬᠢᠭᠡᠳ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢᠨ ᠲᠥᠰᠥᠯ᠎ᠦᠨ ᠲᠤᠬᠠᠢ ᠮᠡᠳᠡᠭᠦᠯᠦᠯᠲᠡ ᠵᠢᠴᠢ 2025 ᠣᠨ᠎ᠤ ᠤᠯᠤᠰ ᠠᠷᠠᠳ ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢᠨ ᠲᠥᠰᠥᠯ᠂ ᠲᠥᠷᠥ ᠎ᠶᠢᠨ ᠶᠠᠪᠤᠳᠠᠯ᠎ᠤᠨ ᠬᠤᠷᠢᠶ᠎ᠠ᠎ᠵᠢᠨ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠥᠪ᠎ᠢ ᠭᠦᠢᠴᠡᠳᠭᠡᠭᠰᠡᠨ ᠪᠠᠢᠳᠠᠯ ᠬᠢᠭᠡᠳ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠥᠪ᠎ᠦᠨ ᠲᠥᠰᠥᠯ᠎ᠦᠨ ᠲᠤᠬᠠᠢ ᠮᠡᠳᠡᠭᠦᠯᠦᠯᠲᠡ ᠵᠢᠴᠢ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠥᠪ᠎ᠦᠨ ᠲᠥᠰᠥᠯ᠎ᠢ ᠬᠢᠨᠠᠨ ᠪᠠᠢᠴᠠᠭᠠᠨ᠎ᠠ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠨᠠᠢᠳᠠᠯᠭ᠎ᠠ᠎ᠪᠠᠷ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠬᠤᠷᠢᠶᠠᠨ ᠳᠠᠷᠤᠭ᠎ᠠ ᠯᠢ ᠬᠣᠩ ᠵᠦᠩ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠦᠨ ᠲᠤᠬᠠᠢ ᠲᠣᠳᠣᠷᠬᠠᠢᠯᠠᠯᠲᠠ ᠬᠢᠪᠡ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠦᠨ ᠲᠤᠬᠠᠢ ᠲᠣᠳᠣᠷᠬᠠᠢᠯᠠᠯᠲᠠ᠎ᠳᠤ᠂ ᠲᠥᠯᠥᠭᠡᠯᠡᠭ᠌ᠴᠢ ᠵᠢᠨ ᠬᠠᠤᠯᠢ ᠪᠣᠯ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠵᠢᠨ ᠬᠠᠤᠯᠢ ᠶᠣᠰᠣᠭᠠᠷ ᠲᠥᠯᠥᠭᠡᠯᠡᠭ᠌ᠴᠢ᠎ᠶ᠋ᠢᠨ ᠡᠷᠬᠡ ᠲᠤᠱᠢᠶᠠᠯ᠎ᠢᠶᠠᠨ ᠬᠡᠷᠡᠭ᠌ᠵᠢᠭᠦᠯᠬᠦ᠌᠂ ᠲᠥᠯᠥᠭᠡᠯᠡᠭ᠌ᠴᠢ᠎ᠶ᠋ᠢᠨ ᠡᠭᠦᠷᠭᠡ᠎ᠪᠡᠨ ᠭᠦᠢᠴᠡᠳᠭᠡᠬᠦ᠌᠂ ᠲᠥᠯᠥᠭᠡᠯᠡᠭ᠌ᠴᠢ᠎ᠶ᠋ᠢᠨ ᠦᠢᠯᠡᠳᠦᠯ᠎ᠢᠶᠡᠨ ᠪᠠᠳᠠᠷᠠᠭᠤᠯᠬᠤ᠎ᠶ᠋ᠢ ᠵᠢᠷᠤᠮᠵᠢᠭᠤᠯᠤᠨ ᠪᠠᠲᠤᠯᠠᠬᠤ ᠦᠨᠳᠦᠰᠦᠨ ᠬᠠᠤᠯᠢ ᠴᠠᠭᠠᠵᠠ ᠮᠥᠨ᠃ ᠡᠨᠡ ᠬᠦ᠌ ᠬᠠᠤᠯᠢ᠎ᠶ᠋ᠢ ᠨᠡᠢᠲᠡᠯᠡᠨ ᠬᠡᠷᠡᠭ᠌ᠵᠢᠭᠦᠯᠦᠭᠰᠡᠨ ᠨᠢ ᠲᠥᠯᠥᠭᠡᠯᠡᠭ᠌ᠴᠢ ᠵᠢᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠵᠢᠷᠤᠮᠵᠢᠭᠤᠯᠤᠨ ᠪᠠᠲᠤᠯᠠᠬᠤ᠂ ᠲᠥᠯᠥᠭᠡᠯᠡᠭ᠌ᠴᠢ ᠵᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠬᠤ᠂ ᠠᠷᠠᠳ ᠲᠦᠮᠡᠨ᠎ᠦ ᠡᠵᠡᠨ ᠰᠠᠭᠤᠵᠤ ᠡᠷᠬᠡ ᠮᠡᠳᠡᠬᠦ᠌᠎ᠶ᠋ᠢ ᠪᠠᠲᠤᠯᠠᠬᠤ᠎ᠳᠤ ᠴᠢᠬᠤᠯᠠ ᠦᠢᠯᠡᠳᠦᠯ ᠪᠠᠳᠠᠷᠠᠭᠤᠯᠪᠠ᠃ ᠰᠢ ᠵᠢᠨ ᠫᠢᠩ᠎ᠦᠨ ᠱᠢᠨ᠎ᠡ ᠴᠠᠭ ᠦᠶ᠎ᠡ ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠳ᠋ᠤ᠂ ᠴᠠᠭ ᠦᠶ᠎ᠡ᠎ᠲᠡᠶ ᠵᠡᠷᠭᠡ ᠎ᠪᠡᠷ ᠤᠷᠤᠭ᠍ᠰᠢᠯᠠᠨ ᠲᠥᠯᠥᠭᠡᠯᠡᠭ᠌ᠴᠢ ᠵᠢᠨ ᠬᠠᠤᠯᠢ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠵᠢᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠪᠠᠲᠤᠯᠠᠨ ᠠᠬᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠤᠨ ᠢᠯᠡᠷᠬᠡᠢ ᠳᠠᠪᠠᠭᠤᠯᠢᠭ᠎ᠢ ᠨᠡᠩ ᠭᠦᠢᠴᠡᠳ ᠪᠠᠳᠠᠷᠠᠭᠤᠯᠬᠤ ᠴᠢᠬᠤᠯᠠᠲᠠᠢ᠃ ᠲᠥᠯᠥᠭᠡᠯᠡᠭ᠌ᠴᠢ ᠵᠢᠨ ᠬᠠᠤᠯᠢ᠎ᠳᠤ ᠵᠠᠰᠠᠪᠤᠷᠢ ᠣᠷᠣᠭᠤᠯᠬᠤ ᠪᠣᠯ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠭᠤᠢᠪᠢᠰᠢ ᠦᠭᠡᠢ ᠵᠠᠮᠨᠠᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ; ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠬᠤ᠂ ᠰᠠᠢᠲᠤᠷ ᠲᠡᠭᠦᠯᠳᠡᠷᠵᠢᠭᠦᠯᠬᠦ᠌᠂ ᠰᠠᠢᠲᠤᠷ ᠬᠡᠷᠡᠭᠵᠢᠬᠦᠯᠬᠦ᠎ᠶ᠋ᠢᠨ ᠴᠢᠬᠤᠯᠠ ᠪᠠᠲᠤᠯᠠᠭ᠎ᠠ ᠮᠥᠨ; ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠵᠢᠨ ᠠᠷᠠᠳ ᠤᠯᠠᠨ᠎ᠲᠠᠶ ᠢᠮᠠᠭ᠍ᠲᠠ ᠨᠢᠭ᠍ᠲᠠ ᠬᠠᠷᠢᠯᠴᠠᠬᠤ ᠵᠢ ᠪᠠᠳᠤᠯᠠᠬᠤ ᠲᠥᠯᠥᠭᠡᠯᠡᠭᠴᠢ ᠪᠠᠢᠭᠤᠯᠭ᠎ᠠ ᠪᠤᠯᠭᠠᠬᠤ ᠪᠤᠰᠤᠳᠴᠢ ᠱᠠᠭᠠᠷᠳᠠᠯᠭ᠎ᠠ ᠪᠣᠯᠤᠨ᠎ᠠ᠃ ᠲᠥᠯᠥᠭᠡᠯᠡᠭ᠌ᠴᠢ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ ᠳ᠋ᠤ ᠨᠡᠢᠲᠡ 34 ᠵᠦᠶ᠋ᠯ ᠪᠣᠶ᠂ ᠭᠣᠣᠯᠳᠠᠭᠤ ᠵᠠᠰᠠᠪᠤᠷᠢ ᠣᠷᠣᠭᠤᠯᠬᠤ ᠠᠭᠤᠯᠭ᠎ᠠ᠎ᠳᠤ᠄ ᠶᠡᠷᠦᠩᠬᠡᠢ ᠲᠦᠷᠢᠮ᠎ᠦᠨ ᠬᠡᠰᠡᠭ ᠲᠣᠭ᠍ᠲᠠᠭᠠᠯ᠎ᠢ ᠲᠡᠭᠦᠯᠳᠡᠷᠵᠢᠭᠦᠯᠵᠦ᠂《ᠬᠣᠶᠠᠷ ᠬᠠᠷᠢᠯᠴᠠᠬᠤ》ᠳᠦᠷᠢᠮ ᠲᠣᠭ᠍ᠲᠠᠴᠠ᠎ᠶ᠋ᠢ ᠥᠷᠭᠡᠳᠭᠡᠨ ᠭᠦᠨᠵᠡᠭᠡᠢᠷᠡᠭᠦᠯᠵᠦ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠵᠢᠨ ᠠᠵᠢᠯ᠎ᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢᠨ ᠬᠣᠯᠪᠣᠭ᠍ᠳᠠᠯ ᠪᠦᠬᠦᠢ ᠲᠣᠭ᠍ᠲᠠᠭᠠᠯ᠎ᠢ ᠲᠡᠭᠦᠯᠳᠡᠷᠵᠢᠭᠦᠯᠵᠦ᠂ ᠲᠥᠯᠥᠭᠡᠯᠡᠭ᠌ᠴᠢ ᠵᠢᠨ ᠲᠤᠰ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭᠠᠨ᠎ᠳᠠᠬᠢ ᠠᠵᠢᠯ᠎ᠤᠨ ᠬᠣᠯᠪᠣᠭ᠍ᠳᠠᠯ ᠪᠦᠬᠦᠢ ᠲᠣᠭ᠍ᠲᠠᠭᠠᠯ᠎ᠢ ᠲᠡᠭᠦᠯᠳᠡᠷᠵᠢᠭᠦᠯᠵᠦ᠂ ᠲᠥᠯᠥᠭᠡᠯᠡᠭ᠌ᠴᠢ ᠵᠢᠨ ᠲᠤᠰ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠲᠡᠭᠦᠰᠦᠭ᠌ᠰᠡᠨ ᠬᠤᠭᠤᠴᠠᠭᠠᠨ᠎ᠳᠠᠬᠢ ᠠᠵᠢᠯᠯᠠᠭ᠎ᠠ᠎ᠶ᠋ᠢᠨ ᠬᠣᠯᠪᠣᠭ᠍ᠳᠠᠯ ᠪᠦᠬᠦᠢ ᠲᠣᠭ᠍ᠲᠠᠭᠠᠯ᠎ᠢ ᠲᠡᠭᠦᠯᠳᠡᠷᠵᠢᠭᠦᠯᠵᠦ᠂ ᠲᠥᠯᠥᠭᠡᠯᠡᠭ᠌ᠴᠢᠳ᠎ᠦᠨ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌᠎ᠶ᠋ᠢ ᠪᠠᠲᠤᠯᠠᠬᠤ ᠬᠣᠯᠪᠣᠭ᠍ᠳᠠᠯ ᠪᠦᠬᠦᠢ ᠲᠣᠭ᠍ᠲᠠᠭᠠᠯ᠎ᠢ ᠲᠡᠭᠦᠯᠳᠡᠷᠵᠢᠭᠦᠯᠵᠦ᠂ ᠲᠥᠯᠥᠭᠡᠯᠡᠭ᠌ᠴᠢᠳ᠎ᠦᠨ ᠵᠥᠪᠯᠡᠯᠭᠡ ᠪᠠ ᠰᠠᠨᠠᠭᠤᠯᠭ᠎ᠠ᠎ᠶ᠋ᠢ ᠱᠢᠢᠳᠪᠦᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠂ ᠲᠥᠯᠥᠭᠡᠯᠡᠭ᠌ᠴᠢᠳ᠎ᠦᠨ ᠲᠤᠱᠢᠶᠠᠯ ᠬᠠᠷᠢᠭᠤᠴᠠᠯᠭ᠎ᠠ ᠎ᠪᠠᠨ ᠭᠦᠢᠴᠡᠳᠭᠡᠬᠦ᠌ ᠵᠢ ᠬᠠᠮᠢᠶᠠᠷᠴᠤ ᠬᠢᠨᠠᠯᠲᠠ ᠲᠠᠯᠪᠢᠬᠤ᠎ᠬᠣᠯᠪᠣᠭ᠍ᠳᠠᠯ ᠪᠦᠬᠦᠢ ᠲᠣᠭ᠍ᠲᠠᠭᠠᠯ ᠎ᠢ ᠲᠡᠭᠦᠯᠳᠡᠷᠵᠢᠭᠦᠯᠵᠦ᠂ ᠬᠢᠨᠠᠨ ᠪᠠᠢᠴᠠᠭᠠᠬᠤ ᠪᠠᠢᠭᠤᠯᠤᠯ᠎ᠤᠨ ᠥᠭᠡᠷᠡᠴᠢᠯᠡᠯᠲᠡ᠎ᠳᠦ ᠵᠣᠬᠢᠴᠠᠭᠤᠯᠬᠤ ᠳ᠋ᠤ ᠨᠥᠬᠥᠪᠥᠷᠢᠯᠡᠬᠦ᠌ ᠴᠢᠬᠤᠯᠠᠲᠠᠢ ᠬᠣᠯᠪᠣᠭ᠍ᠳᠠᠯ ᠪᠦᠬᠦᠢ ᠠᠭᠤᠯᠭ᠎ᠠ᠎ᠶ᠋ᠢ ᠪᠠᠭᠳᠠᠭᠠᠨ᠎ᠠ ᠭᠡᠵᠦ᠍ ᠵᠢᠭᠠᠵᠤ ᠭᠠᠷᠭᠠᠪᠠ᠃

ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠭᠰᠠᠳ ᠲᠤ᠌ ᠪᠠᠰᠠ᠄ ᠮᠠ ᠱᠢᠩ ᠷᠦᠢ᠂ ᠸᠠᠩ ᠢ᠂ ᠶᠢᠨ ᠯᠢ᠂ ᠱ᠌ᠢ᠎ᠲᠡᠶ ᠹᠧᠩ᠂ ᠯᠢᠦ ᠭᠦᠸᠧ ᠵᠦᠩ᠂ ᠯᠢ ᠭᠠᠨ ᠵᠢᠶᠧ᠂ ᠯᠢ ᠱᠤ᠌ ᠯᠸᠢ᠂ ᠾᠧ ᠸᠧᠶ ᠳ᠋ᠦᠩ᠂ ᠾᠧ ᠯᠢ ᠹᠧᠩ᠂ ᠵᠠᠩ ᠶᠢᠦ ᠱᠢᠶᠠ᠂ ᠵᠠᠩ ᠭᠦᠸᠧ ᠴᠢᠩ᠂ ᠴᠧᠨ ᠸᠸᠨ ᠴᠢᠩ᠂ ᠴᠧᠨ ᠵᠢᠶ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ᠍᠎ᠶ᠋ᠢᠨ ᠭᠦᠸᠧ᠂ ᠸᠠᠩ ᠱᠢᠶᠤᠤ ᠬᠣᠩ᠂ ᠡᠸ᠋ ᠵᠧᠩ ᠯᠦᠩ᠂ ᠱᠸᠨ ᠢ ᠴᠢᠨ᠂ ᠵᠠᠩ ᠵᠢᠶᠦ᠋ᠨ᠂ ᠶᠢᠩ ᠶᠦᠩ᠂ ᠬᠤ᠌ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠸ᠋ ᠴᠢᠶᠠᠩ᠂ ᠫᠠᠪᠠᠯᠠ·ᠭᠧᠯᠢᠭ᠌ᠨᠡᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠤ᠌ ᠬᠣᠶ᠂ ᠱᠤᠤ ᠬᠣᠩ᠂ ᠭᠤᠤ ᠶᠦᠨ ᠯᠦᠩ᠂ ᠴᠧᠨ ᠡᠤ᠌᠂ ᠮᠤ᠌ ᠬᠣᠩ᠂ ᠱᠢᠶᠠᠨ ᠬᠣᠶ᠂ ᠸᠠᠩ ᠳ᠋ᠦᠩ ᠹᠧᠩ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠣ᠌ ᠶᠦᠩ ᠱᠢᠨ᠂ ᠶᠠᠩ ᠵᠧᠨ ᠵᠢᠴᠢ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠭᠡᠱᠢᠭᠦᠨ ᠯᠢᠦ ᠵᠧᠨ ᠯᠢ᠂ ᠵᠠᠩ ᠱᠧᠩ ᠮᠢᠨ᠎ᠨᠡᠷ ᠪᠤᠢ᠃

ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠯᠢ ᠵᠢᠶᠠ ᠴᠤᠤ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠼᠸᠨ ᠬᠤᠤ ᠬᠤᠢ ᠬᠤᠷᠠᠯ᠎ᠳᠤ ᠰᠤᠯᠠ ᠣᠷᠣᠯᠴᠠᠭ᠍ᠰᠠᠨ ᠪᠥᠭᠡᠳ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠪᠠ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠶᠡᠬᠡ ᠬᠤᠷᠠᠯ᠎ᠳᠤ ᠰᠤᠯᠠ ᠣᠷᠣᠯᠴᠠᠵᠠᠢ᠃

ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠴᠢᠯᠥᠭᠡᠯᠡᠬᠦ᠌ ᠴᠡᠷᠢᠭ᠎ᠦᠨ ᠬᠣᠯᠪᠣᠭ᠍ᠳᠠᠯ ᠪᠦᠬᠦᠢ ᠨᠢᠭᠡᠴᠢ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠂ ᠡᠯ᠎ᠡ ᠠᠷᠠᠳ᠎ᠤᠨ ᠪᠦᠯᠬᠦᠮ᠎ᠦᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠶᠡᠬᠡ ᠬᠤᠷᠠᠯ᠎ᠳᠤ ᠰᠤᠯᠠ ᠣᠷᠣᠯᠴᠠᠭ᠍ᠰᠠᠨ ᠪᠤᠶᠤ ᠶᠡᠬᠡ ᠬᠤᠷᠠᠯ᠎ᠢ ᠰᠤᠯᠠ ᠰᠣᠨᠣᠰᠴᠠᠢ᠃

ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶ᠋ᠢᠨ ᠡᠯᠴᠢᠨ ᠰᠠᠢᠳ ᠶᠡᠬᠡ ᠬᠤᠷᠠᠯ᠎ᠢ ᠰᠤᠯᠠ ᠰᠣᠨᠣᠰᠪᠠ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 5 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面