2025-03-06 10:01:27
ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭ᠌ᠴᠢ᠂ ᠲᠥᠪ ᠦᠨ ᠴᠡᠷᠢᠭ᠎ᠦᠨ ᠶᠠᠪᠤᠳᠠᠯ ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ 5 ᠤ᠋ ᠦᠳᠡ᠎ᠶ᠋ᠢᠨ ᠬᠣᠢᠨ᠎ᠠ ᠲᠡᠭᠦᠨ᠎ᠦ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌ ᠳᠦ ᠣᠷᠣᠯᠴᠠᠬᠤ᠎ᠳᠠᠭᠠᠨ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠠᠵᠤ ᠠᠬᠤᠶ᠎ᠶ᠋ᠢᠨ ᠲᠣᠮᠣ ᠮᠤᠵᠢ ᠨᠢᠷᠤᠭᠤᠯᠠᠬᠤ ᠤᠢᠯᠡᠲᠤᠯ ᠭᠠᠷᠭᠠᠬᠤ ᠬᠡᠷᠡᠭ᠌ᠲᠡᠶ᠃ ᠵᠢᠶᠠᠩᠰᠦ ᠮᠤᠵᠢ ᠨᠢᠷᠤᠭᠤᠯᠠᠬᠤ ᠤᠢᠯᠡᠲᠤᠯ ᠭᠠᠷᠭᠠᠬᠤ ᠬᠦᠴᠦᠯᠡᠬᠦ᠌ ᠴᠡᠭ ᠢ ᠰᠠᠢᠲᠤᠷ ᠡᠵᠡᠮᠳᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌ ᠠᠭᠤᠰᠤᠯᠴᠠᠯ ᠢ ᠠᠬᠢᠭᠤᠯᠬᠤ ᠲᠠᠯ᠎ᠠ᠎ᠪᠠᠷ ᠲᠦᠷᠦᠭᠦᠯᠡᠵᠦ᠍᠂ ᠭᠦᠨ ᠳᠠᠪᠬᠤᠷᠭ᠎ᠠ᠎ᠶ᠋ᠢᠨ ᠥᠭᠡᠷᠡᠴᠢᠯᠡᠯᠲᠡ ᠪᠠ ᠥᠨᠳᠥᠷ ᠲᠦᠪᠱᠢᠨ ᠪᠦᠬᠦᠢ ᠨᠡᠬᠡᠬᠡᠯᠳᠡ᠎ᠶ᠋ᠢ ᠠᠬᠢᠭᠤᠯᠬᠤ ᠲᠠᠯ᠎ᠠ᠎ᠪᠠᠷ ᠭᠠᠪᠱᠢᠭᠠᠢᠯᠠᠵᠤ᠂ ᠤᠯᠤᠰ᠎ᠤᠨ ᠴᠢᠬᠤᠯᠠ ᠶᠡᠬᠡ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠨᠠᠢᠳᠠᠪᠤᠷᠢᠵᠢᠭᠤᠯᠬᠤ ᠲᠠᠯ᠎ᠠ᠎ᠪᠠᠷ ᠡᠮᠦᠨ᠎ᠡ ᠨᠢ ᠬᠣᠱᠢᠭᠤᠷᠠᠵᠤ᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ ᠲᠠᠯ᠎ᠠ᠎ᠪᠠᠷ ᠵᠢᠱ᠌ᠢᠢ᠎ᠡ ᠦᠵᠡᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃
ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ ᠨᠠᠷᠢᠨ ᠬᠢᠨᠠᠮᠠᠭᠠᠶ ᠬᠢᠨᠠᠨ ᠵᠦᠪᠯᠡᠵᠤ᠂ ᠬᠥᠷ ᠬᠥᠭ᠌ᠵᠢᠶᠡᠨ ᠵᠢᠡᠷ ᠪᠢᠯᠬᠠᠵᠤ ᠪᠠᠢᠯ᠎ᠠ᠃ ᠵᠤᠤ ᠵᠢᠶᠠᠨ ᠵᠢᠶᠦ᠋ᠨ᠂ ᠱᠢᠤᠢ ᠭᠤᠸᠠᠩ ᠬᠤᠢ᠂ ᠵᠠᠩ ᠵᠢᠶᠦ᠋ᠨ ᠵᠢᠶ᠍ᠸ᠂ ᠯᠢ ᠱᠢᠶᠤᠤ ᠨᠠ᠂ ᠮᠢᠶᠣᠣ ᠬᠠᠨ ᠭᠸᠨ᠂ ᠺᠸ ᠵᠢᠶᠦ᠋ᠨ ᠵᠡᠷᠭᠡ 6 ᠲᠥᠯᠥᠭᠡᠯᠡᠭ᠌ᠴᠢ ᠲᠤᠰ ᠲᠤᠰ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠲᠠᠢᠰᠢ ᠬᠡᠯᠪᠡᠷᠢ᠎ᠶ᠋ᠢ ᠬᠤᠪᠢᠷᠠᠭᠤᠯᠤᠨ ᠬᠥᠭ᠌ᠵᠢᠭᠦᠯᠬᠦ᠌᠎ᠶ᠋ᠢ ᠲᠦᠷᠭᠡᠳᠭᠡᠬᠦ᠌᠂ ᠠᠵᠤ ᠦᠢᠯᠡᠰ ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠠᠢᠭᠤᠯᠬᠤ᠂ ᠣᠨᠳᠣᠣᠱᠢᠭᠤᠯᠬᠤ ᠠᠨᠠᠭᠠᠬᠤ ᠤᠬᠠᠭᠠᠨ᠎ᠤ ᠪᠠᠢᠭᠤᠯᠤᠯᠲᠠ᠎ᠶ᠋ᠢ ᠠᠬᠢᠭᠤᠯᠬᠤ᠂ ᠡᠶ᠎ᠠ ᠨᠠᠢᠷᠠᠮᠳᠠᠭᠤ ᠭᠤᠤ᠎ᠠ ᠰᠠᠢᠬᠠᠨ ᠨᠡᠢᠭᠡᠮ ᠲᠣᠭᠣᠷᠢᠭ᠎ᠢ ᠪᠦᠲᠦᠭᠡᠨ ᠪᠠᠢᠭᠤᠯᠬᠤ᠂ ᠤᠯᠠᠮᠵᠢᠯᠠᠯᠲᠤ ᠠᠵᠤ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠂ ᠤᠯᠠᠮᠵᠢᠯᠠᠯᠲᠤ ᠰᠢ ᠵᠦᠴᠦᠭᠡ ᠶ᠋ᠢ ᠬᠠᠮᠠᠭᠠᠯᠠᠨ ᠤᠯᠠᠮᠵᠢᠯᠠᠬᠤ ᠵᠡᠷᠭᠡ᠎ᠶ᠋ᠢᠨ ᠲᠤᠬᠠᠢ ᠦᠭᠡ ᠬᠡᠯᠡᠪᠡ᠃

3 ᠰᠠᠷ᠎ᠠ ᠵᠢᠨ 5 ᠤ᠋ ᠦᠳᠡ᠎ᠶ᠋ᠢᠨ ᠬᠣᠢᠨ᠎ᠠ ᠂ ᠲᠤᠮᠳᠠᠳᠤ ᠤᠯᠤᠰ ᠤ᠋ᠨ ᠡᠪ ᠬᠠᠮᠳᠤ ᠨᠠᠮ ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠲᠡᠭᠦᠨ ᠦ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ ᠤᠨ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠤᠨ ᠵᠢᠶᠠᠩᠰᠦ ᠶ᠋ᠢᠨ ᠲᠥᠯᠥᠭᠡᠯᠡᠭ᠌ᠴᠢᠳ᠎ᠦᠨ ᠪᠦᠯᠬᠦᠮ ᠦᠨ ᠬᠢᠨᠠᠨ ᠵᠥᠪᠯᠡᠬᠦ᠌᠎ᠳᠦ ᠣᠷᠣᠯᠴᠠᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ
ᠣᠯᠠᠨ᠎ᠤ ᠬᠡᠯᠡᠬᠦ᠌ ᠶ᠋ᠢ ᠰᠣᠨᠣᠰᠤᠭ᠍ᠰᠠᠨ᠎ᠤ ᠳᠠᠷᠠᠭ᠎ᠠ ᠰᠢ ᠵᠢᠨ ᠫᠢᠩ ᠦᠭᠡ ᠬᠡᠯᠡᠪᠡ᠃ ᠲᠡᠷᠡ ᠡᠩ ᠲᠡᠷᠢᠭᠦᠨ᠎ᠳᠦ ᠵᠠᠰᠠᠭ ᠤᠨ ᠣᠷᠳᠣᠨ᠎ᠤ ᠠᠵᠢᠯ᠎ᠤᠨ ᠢᠯᠡᠳᠭᠡᠯ ᠢ ᠵᠥᠪᠱᠢᠶᠡᠷᠡᠵᠦ᠍ ᠪᠠᠢᠬᠤ᠎ᠪᠠᠨ ᠢᠯᠡᠳᠭᠡᠵᠦ᠍᠂ ᠵᠢᠶᠠᠩᠰᠦ᠎ᠶ᠋ᠢᠨ ᠠᠵᠢᠯ᠎ᠢ ᠨᠤᠲᠠᠯᠠᠵᠤ᠂ ᠵᠢᠶᠠᠩᠰᠦ᠎ᠶ᠋ᠢᠨ ᠬᠢᠨ᠎ᠳᠤ ᠭᠣᠣᠯ ᠡᠭᠦᠷᠭᠡ ᠡᠭᠦᠷᠭᠡᠯᠡᠬᠦ᠌ ᠬᠠᠷᠢᠭᠤᠴᠠᠯᠭ᠎ᠠ᠎ᠪᠠᠨ ᠰᠠᠢᠲᠤᠷ ᠨᠠᠢᠳᠠᠪᠤᠷᠢᠵᠢᠭᠤᠯᠵᠤ᠂ ᠨᠡᠩ ᠶᠡᠬᠡ ᠱᠢᠨ᠎ᠡ ᠠᠮᠵᠢᠯᠲᠠ ᠤᠯᠬᠤ᠎ᠪᠠᠷ ᠴᠢᠷᠮᠠᠢᠬᠤ᠎ᠶ᠋ᠢ ᠬᠦᠰᠡᠪᠡ᠃
ᠰᠢ ᠵᠢᠨ ᠫᠢᠩ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌ ᠪᠣᠯ ᠱᠢᠨ᠎ᠡ ᠴᠢᠨᠠᠷ ᠤᠨ ᠦᠢᠯᠡᠳᠪᠦᠷᠢᠯᠡᠯ᠎ᠦᠨ ᠬᠦᠴᠦᠨ ᠢ ᠬᠥᠭ᠌ᠵᠢᠭᠦᠯᠬᠦ᠌ ᠦᠨᠳᠦᠰᠦᠨ ᠠᠷᠭ᠎ᠠ ᠵᠠᠮ ᠮᠥᠨ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠱᠢᠨ᠎ᠡ᠎ᠶ᠋ᠢ ᠡᠭᠦᠳᠬᠦ᠌᠎ᠶ᠋ᠢ ᠠᠳᠭᠤᠬᠤ᠎ᠳᠤ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ ᠢ ᠪᠠᠢᠭᠤᠯᠬᠤᠳ᠋ᠦ ᠠᠩᠬᠠᠷᠤᠯ ᠲᠦᠪᠯᠡᠷᠡᠬᠦᠯᠵᠦ᠂ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠴᠢᠳᠠᠪᠤᠷᠢᠲᠠᠨ ᠢ ᠬᠠᠮᠲᠤᠳᠤᠨᠢ ᠠᠳᠭᠤᠬᠤ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ ᠢᠯᠡᠭᠦᠦ ᠭᠠᠷᠭᠠᠬᠤ ᠪᠦᠭᠡᠳ ᠪᠠᠰᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠦᠷ᠎ᠡ ᠪᠦᠲᠦᠭᠡᠯ ᠢ ᠦᠨᠡᠨ ᠪᠣᠳᠠᠲᠠᠢ ᠦᠢᠯᠡᠳᠪᠦᠷᠢᠯᠡᠯ᠎ᠦᠨ ᠬᠦᠴᠦᠨ ᠪᠣᠯᠭᠠᠨ ᠤᠨᠳᠤᠤᠰᠢᠭᠤᠯᠬᠤ ᠬᠡᠷᠡᠭ᠌ᠲᠡᠢ᠃ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠠᠳᠭᠤᠬᠤ᠎ᠳᠤ᠂ ᠪᠣᠳᠠᠲᠤ ᠴᠣᠭ᠍ᠴᠠ᠎ᠶ᠋ᠢᠨ ᠠᠵᠤ ᠠᠬᠤᠢ ᠡᠨᠡ ᠬᠦ᠌ ᠰᠠᠭᠤᠷᠢ᠎ᠶ᠋ᠢ ᠪᠠᠲᠤ ᠰᠠᠬᠢᠵᠤ᠂ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠲᠡᠰ ᠳᠡᠪᠱᠢᠭᠦᠯᠬᠦ᠌᠎ᠶ᠋ᠢ ᠠᠬᠢᠭᠤᠯᠬᠤ ᠪᠠ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠂ ᠢᠷᠡᠭᠡᠳᠤᠢ ᠵᠢᠨ ᠠᠵᠤ ᠦᠢᠯᠡᠰ ᠤ᠋ᠨ ᠰᠢᠨ᠎ᠠ ᠤᠷᠤᠯᠳᠤᠭᠠᠨ ᠤ᠋ ᠵᠠᠮ ᠢ᠋ ᠨᠡᠭᠡᠭᠡᠬᠦ ᠵᠢ ᠵᠡᠷᠭᠡ ᠪᠡᠷ ᠴᠢᠬᠤᠯᠠᠴᠢᠯᠠᠬᠤ ᠵᠢ ᠪᠠᠷᠢᠮᠳᠠᠯᠠᠬᠤ ᠭᠡᠷᠡᠭᠳᠠᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌ ᠠᠭᠤᠰᠤᠯᠴᠠᠯ᠎ᠢ ᠠᠳᠭᠤᠬᠤ᠎ᠳᠤ᠂ ᠲᠠᠪᠴᠠᠩ ᠪᠠᠢᠭᠤᠯᠵᠤ᠂ ᠪᠠᠢᠭᠤᠯᠤᠯ ᠲᠣᠭ᠍ᠲᠠᠴᠠ᠎ᠶ᠋ᠢ ᠪᠦᠷᠢᠨᠱᠢᠬᠦᠯᠤᠨ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠱᠢᠨ᠎ᠡ᠎ᠶ᠋ᠢ ᠡᠭᠦᠳᠬᠦ᠌ ᠬᠡᠯᠬᠢᠶ᠎ᠡ ᠪᠣᠯᠤᠨ ᠠᠵᠤ ᠦᠢᠯᠡᠰ᠎ᠦᠨ ᠬᠡᠯᠬᠢᠶ᠎ᠡ᠎ᠶ᠋ᠢ ᠨᠢᠭ᠍ᠲᠠ ᠵᠣᠯᠭᠠᠭᠤᠯᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃
ᠰᠢ ᠵᠢᠨ ᠫᠢᠩ᠂ ᠠᠵᠤ ᠠᠬᠤᠢ᠎ᠶ᠋ᠢᠨ ᠪᠠᠭ᠍ᠲᠠᠭᠠᠮᠵᠢ ᠶᠡᠬᠡ ᠪᠤᠯ ᠤᠷᠤᠬ᠍ᠰᠢ ᠬᠥᠭ᠌ᠵᠢᠬᠦ᠌᠎ᠳᠦ ᠨᠡᠩ ᠶᠡᠬᠡ ᠬᠥᠳᠡᠯᠭᠡᠬᠦ᠌ ᠬᠦᠴᠦᠨ ᠬᠡᠷᠡᠭ᠌ᠰᠡᠨ᠎ᠡ᠃ ᠵᠢᠶᠠᠩᠰᠦ ᠤᠷᠢᠳ᠎ᠢᠶᠠᠷ ᠬᠡᠷᠡᠭ᠌ᠵᠢᠭᠦᠯᠦᠨ ᠤᠷᠢᠳ᠎ᠢᠶᠠᠷ ᠲᠤᠷᠱᠢᠵᠤ᠂ ᠳᠣᠲᠣᠷ᠎ᠠ ᠭᠠᠳᠠᠨᠠᠬᠢ᠎ᠶ᠋ᠢ ᠵᠡᠷᠭᠡ᠎ᠪᠡᠷ ᠵᠠᠰᠠᠵᠤ᠂ ᠥᠭᠡᠷᠡᠴᠢᠯᠡᠯᠲᠡ ᠨᠡᠭᠡᠭᠡᠯᠳᠡ᠎ᠶ᠋ᠢ ᠭᠦᠨᠵᠡᠭᠡᠢᠷᠡᠭᠦᠯᠬᠦ᠌᠎ᠪᠡᠷ ᠳᠠᠮᠵᠢᠭᠤᠯᠤᠨ ᠬᠠᠷᠰᠢ ᠰᠠᠭᠠᠳ᠎ᠢ ᠲᠠᠰᠤᠷᠠᠯᠳᠠ ᠦᠭᠡᠢ ᠠᠷᠢᠯᠭᠠᠵᠤ᠂ ᠬᠥᠳᠡᠯᠭᠡᠭ᠌ᠴᠢ ᠬᠦᠴᠤᠨ ᠢ᠋ ᠨᠡᠮᠡᠭ᠌ᠳᠡᠭᠦᠯᠬᠦ᠌ ᠬᠡᠷᠡᠭ᠌ᠲᠡᠢ᠃ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢ ᠨᠢᠭᠡᠳᠦᠯᠲᠡᠶ ᠲᠥᠯᠥᠪᠵᠢᠭᠦᠯᠦᠨ᠂ ᠬᠣᠲᠠ ᠬᠥᠳᠡᠭᠡ᠎ᠶ᠋ᠢ ᠠᠭᠤᠰᠤᠯᠴᠠᠭᠤᠯᠬᠤ᠂ ᠣᠷᠣᠨ ᠪᠦᠰᠡ᠎ᠪᠡᠷ ᠬᠣᠯᠪᠣᠭᠠᠯᠠᠨ ᠬᠥᠳᠡᠯᠦᠯᠴᠡᠬᠦ᠌᠎ᠶ᠋ᠢ ᠰᠠᠢᠲᠤᠷ ᠠᠳᠭᠤᠵᠤ᠂ ᠦᠶ᠋ᠯᠡᠳᠪᠦᠷᠢᠯᠡᠯ᠎ᠦᠨ ᠬᠦᠴᠦᠨ᠎ᠦ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠨ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠬᠤ ᠬᠡᠷᠡᠭ᠌ᠲᠡᠶ᠃ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠣᠷᠣᠨ ᠨᠤᠲᠤᠭ᠎ᠤᠨ ᠬᠠᠮᠠᠭᠠᠯᠠᠯᠲᠠ᠂ ᠵᠠᠬ᠎ᠠ ᠳᠡᠯᠭᠡᠭᠦᠷ᠎ᠦᠨ ᠬᠡᠰᠡᠭ᠌ᠯᠡᠯ ᠪᠣᠯᠤᠨ 《ᠳᠣᠲᠣᠷ᠎ᠡ ᠪᠡᠨ ᠬᠤᠳᠬᠤᠯᠳᠤᠬᠤ》 ᠥᠷᠢᠰᠥᠯᠳᠦᠭᠡᠨ᠎ᠢ ᠰᠠᠨᠠᠭᠠᠴᠢᠯᠠᠭ᠎ᠠ᠎ᠡᠴᠡ᠎ᠪᠠᠨ ᠠᠷᠢᠯᠭᠠᠬᠤ ᠬᠡᠷᠡᠭ᠌ᠲᠡᠢ᠃ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠡᠯ᠎ᠡ ᠵᠦᠢᠯ ᠦᠨ ᠥᠮᠴᠢᠯᠡᠯ᠎ᠦᠨ ᠠᠵᠤ ᠠᠬᠤᠢᠯᠠᠯ᠎ᠳᠤ ᠨᠢᠭᠡ ᠯᠡ ᠠᠳᠠᠯᠢ᠎ᠪᠠᠷ ᠬᠠᠨᠳᠤᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠬᠦ᠌ ᠬᠡᠷᠡᠭ᠌ᠲᠡᠢ᠃ ᠪᠠᠢᠭᠤᠯᠤᠯ ᠦᠨ ᠬᠡᠯᠪᠡᠷᠢ᠎ᠶ᠋ᠢᠨ ᠨᠡᠭᠡᠭᠡᠯᠳᠡ᠎ᠶ᠋ᠢ ᠯᠠᠪᠳᠠᠭᠤᠨ᠎ᠢᠶᠠᠷ ᠥᠷᠭᠡᠳᠭᠡᠵᠦ᠍᠂ ᠤᠯᠠᠨ ᠤᠯᠤᠰ᠎ᠤᠨ ᠬᠠᠮᠲᠤᠷᠠᠯᠴᠠᠭᠠᠨ᠎ᠤ ᠣᠷᠣᠨ ᠵᠠᠢ᠎ᠶ᠋ᠢ ᠲᠠᠰᠤᠷᠠᠯᠳᠠ ᠦᠭᠡᠢ ᠥᠷᠭᠡᠳᠭᠡᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃
ᠰᠢ ᠵᠢᠨ ᠫᠢᠩ᠂ ᠠᠵᠤ ᠠᠬᠤᠢ᠎ᠶ᠋ᠢᠨ ᠲᠤᠮᠤ ᠮᠤᠵᠢ ᠤᠯᠤᠰ᠎ᠤᠨ ᠴᠢᠬᠤᠯᠠ ᠶᠡᠬᠡ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠨᠠᠢᠳᠠᠪᠤᠷᠢᠵᠢᠭᠤᠯᠬᠤ ᠲᠠᠯ᠎ᠠ ᠪᠠᠷ ᠨᠡᠩ ᠶᠡᠬᠡ ᠬᠠᠷᠢᠭᠤᠴᠠᠯᠭ᠎ᠠ ᠡᠭᠦᠷᠭᠡᠯᠡᠯ᠎ᠲᠡᠶ ᠪᠠᠢᠪᠠᠯ ᠵᠣᠬᠢᠨ᠎ᠠ᠃ ᠵᠢᠶᠠᠩᠰᠦ ᠬᠥᠬᠡᠮᠥ᠋ᠷᠡᠨ᠎ᠦ ᠭᠤᠷᠪᠠᠯᠵᠢᠨ ᠬᠣᠢᠭ᠎ᠤᠨ ᠨᠢᠭᠡ ᠴᠤᠭ᠍ᠴᠠᠵᠢᠭ᠍ᠰᠠᠨ ᠬᠥᠭ᠌ᠵᠢᠯᠲᠡ ᠪᠣᠯᠤᠨ ᠬᠥᠬᠡᠮᠥ᠋ᠷᠡᠨ᠎ᠦ ᠠᠵᠤ ᠠᠬᠤᠢ᠎ᠶ᠋ᠢᠨ ᠪᠦᠰᠡ᠎ᠶ᠋ᠢᠨ ᠬᠥᠭ᠌ᠵᠢᠯᠲᠡ ᠵᠡᠷᠭᠡ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠳᠤ ᠰᠠᠨᠠᠭᠠᠴᠢᠯᠠᠭ᠎ᠠ᠎ᠡᠴᠡ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠬᠠᠮᠵᠢᠯᠴᠠᠨ ᠬᠥᠳᠡᠯᠦᠯᠴᠡᠬᠦ᠌ ᠬᠡᠷᠡᠭ᠌ᠲᠡᠢ᠃ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭ᠌ᠵᠢᠬᠦ᠌᠂ ᠭᠤᠸᠠᠩᠳᠦ᠋ᠩ ᠱᠢᠶᠠᠩᠭᠠᠩ ᠣᠣᠮᠧᠨ ᠦ ᠶᠡᠬᠡ ᠪᠤᠯᠤᠩ ᠤᠨ ᠣᠷᠣᠨ᠎ᠤ ᠪᠦᠳᠦᠭᠡᠨ ᠪᠠᠢᠭᠤᠯᠤᠯᠲᠠ ᠵᠡᠷᠭᠡ ᠪᠠᠢᠯᠳᠤᠬᠤ ᠪᠤᠳᠤᠯᠭ᠎ᠠ᠎ᠲᠠᠶ ᠵᠣᠯᠭᠠᠭᠤᠯᠬᠤ᠎ᠶ᠋ᠢ ᠴᠢᠩᠭᠠᠳᠭᠠᠵᠤ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠴᠢᠨᠠᠷ ᠰᠠᠢᠲᠠᠢ ᠪᠦᠳᠦᠭᠡᠨ ᠪᠠᠢᠭᠤᠯᠬᠤ᠎ᠳᠤ ᠭᠦᠨᠵᠡᠭᠡᠢ ᠠᠭᠤᠰᠤᠯᠴᠠᠵᠤ᠂ ᠲᠥᠪᠡᠳ᠎ᠢ ᠲᠤᠰᠠᠯᠠᠵᠤ ᠱᠢᠨᠵᠢᠶᠠᠩ ᠢ ᠲᠤᠰᠠᠯᠠᠬᠤ ᠵᠡᠷᠭᠡ ᠠᠵᠢᠯ ᠲᠦᠷᠦᠯ᠎ᠢᠶᠡᠷ᠎ᠢᠶᠡᠨ ᠬᠠᠪᠰᠤᠷᠤᠨ ᠲᠡᠳᠬᠦᠬᠦ᠌ ᠠᠵᠢᠯ᠎ᠢ ᠰᠠᠢᠲᠤᠷ ᠬᠢᠬᠦ᠌ ᠬᠡᠷᠡᠭ᠌ᠲᠡᠢ᠃ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠪᠠᠲᠤ ᠰᠠᠬᠢᠬᠤ᠂ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠂ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠬᠤ᠂ ᠡᠮᠦᠨᠡᠲᠦ᠍᠎ᠶ᠋ᠢᠨ ᠤᠰᠤ᠎ᠶ᠋ᠢ ᠤᠮᠠᠷᠠᠰᠢ ᠲᠠᠲᠠᠬᠤ ᠤᠰᠤᠨ ᠰᠤᠷᠪᠤᠯᠵᠢ᠎ᠶ᠋ᠢᠨ ᠠᠮᠤᠷ ᠲᠦᠪᠱᠢᠨ᠎ᠢ ᠪᠠᠲᠤᠯᠠᠬᠤ ᠵᠡᠷᠭᠡ ᠲᠠᠯ᠎ᠠ᠎ᠪᠠᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠠᠵᠤ ᠠᠬᠤᠢ᠎ᠶ᠋ᠢᠨ ᠲᠤᠮᠤ ᠮᠤᠵᠢ ᠨᠠᠯᠢᠶᠠᠳ ᠲᠦᠷᠭᠡᠨ ᠬᠥᠭ᠌ᠵᠢᠵᠦ᠍ ᠪᠠᠢᠭ᠎ᠠ ᠪᠤᠯᠬᠤᠷ ᠪᠦᠬᠦ᠌ ᠠᠷᠠᠳ ᠲᠦᠮᠡᠨ᠎ᠦ ᠬᠠᠮᠲᠤ᠎ᠶ᠋ᠢᠨ ᠪᠠᠶᠠᠵᠢᠯ᠎ᠢ ᠠᠬᠢᠭᠤᠯᠬᠤ ᠲᠠᠯ᠎ᠠ᠎ᠪᠠᠷ ᠢᠳᠡᠪᠬᠢᠲᠡᠢ ᠲᠤᠷᠱᠢᠯᠭ᠎ᠠ ᠰᠦᠪᠡᠭ᠌ᠴᠢᠯᠡᠵᠦ᠍᠂ ᠵᠢᠱ᠌ᠢᠢ᠎ᠡ ᠦᠵᠡᠭᠦᠯᠦᠨ ᠳᠠᠢᠴᠢᠯᠠᠬᠤ ᠦᠢᠯᠡᠳᠦᠯ᠎ᠢᠶᠡᠨ ᠪᠠᠳᠠᠷᠠᠭᠤᠯᠪᠠᠯ ᠵᠣᠬᠢᠨ᠎ᠠ᠃ ᠵᠢᠶᠠᠩᠰᠦ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠪᠠ ᠬᠤᠳᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠬᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠰᠠᠭᠤᠷᠢ ᠴᠢᠨᠠᠷᠲᠠᠢ᠂ ᠲᠦᠭᠡᠮᠡᠯ ᠬᠠᠷᠠᠭᠠᠯᠵᠠᠯᠲᠦ ᠴᠢᠨᠠᠷᠲᠠᠢ᠂ ᠦᠨᠳᠦᠰᠦᠨ ᠬᠦᠴᠦᠨ ᠵᠦᠢᠯ᠎ᠢ ᠪᠠᠳᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠬᠤ ᠪᠠ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠱᠢᠢᠳᠪᠦᠷᠢᠯᠡᠬᠦ᠌ ᠲᠠᠯ᠎ᠠ᠎ᠪᠠᠷ ᠢᠯᠡᠬᠦᠭᠡᠨ ᠪᠣᠳᠠᠲᠠᠢ ᠠᠵᠢᠯ ᠬᠢᠵᠦ᠍᠂ ᠨᠡᠢᠭᠡᠮ ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠬᠦ᠌᠂ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡᠨ ᠦ ᠲᠡᠩᠴᠡᠭᠦᠷᠢᠲᠦ ᠴᠢᠨᠠᠷ ᠬᠦᠷᠦᠯᠴᠡᠬᠦ ᠴᠢᠨᠠᠷ᠎ᠢ ᠴᠢᠩᠭᠠᠳᠬᠠᠬᠤ ᠲᠠᠯ᠎ᠠ᠎ᠪᠠᠷ ᠲᠠᠬᠢᠨ ᠥᠨᠳᠥᠷ ᠲᠦᠪᠱᠢᠨ᠎ᠳᠦ ᠬᠦᠷᠭᠡᠬᠦ᠌ ᠬᠡᠷᠡᠭ᠌ᠲᠡᠢ᠃ ᠢᠯᠠᠩᠭᠤᠶ᠎ᠠ ᠠᠵᠢᠯ ᠣᠯᠭᠣᠯᠲᠠ ᠡᠨᠡ ᠬᠦ᠌ ᠬᠠᠮᠤᠭ᠎ᠤᠨ ᠦᠨᠳᠦᠰᠦᠨ ᠠᠷᠠᠳ᠎ᠤᠨ ᠠᠮᠢᠳᠤᠷᠠᠯ᠎ᠢ ᠰᠠᠢᠲᠤᠷ ᠠᠳᠭᠤᠬᠤ ᠬᠡᠷᠡᠭ᠌ᠲᠡᠢ᠃ ᠬᠤᠳᠠ ᠬᠥᠳᠡᠭᠡ ᠶ᠋ᠢᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠰᠣᠶᠣᠯ ᠤᠨ ᠪᠦᠲᠦᠭᠡᠭ᠌ᠳᠡᠬᠦᠨ ᠪᠠ ᠦᠢᠯᠡᠴᠢᠯᠡᠭᠡᠨ᠎ᠦ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠍᠂ ᠰᠣᠶᠣᠯ ᠢᠶᠠᠷ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠡᠨᠧᠷᠭᠢ ᠤᠯᠭᠤᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠠᠵᠤ ᠠᠬᠤᠢ᠎ᠶ᠋ᠢᠨ ᠲᠤᠮᠤ ᠮᠤᠵᠢ ᠭᠣᠣᠯ ᠡᠭᠦᠷᠭᠡ᠎ᠶ᠋ᠢ ᠡᠭᠦᠷᠭᠡᠯᠡᠬᠦ᠌᠎ᠳᠦ᠂ ᠡᠷᠬᠡᠪᠰᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠯᠤᠰ ᠲᠦᠷᠦ᠍᠎ᠶ᠋ᠢᠨ ᠴᠢᠳᠠᠮᠵᠢ ᠪᠠ ᠵᠣᠬᠢᠶᠠᠨ ᠪᠠᠢᠭᠤᠯᠤᠯᠲᠠ᠎ᠶ᠋ᠢᠨ ᠴᠢᠳᠠᠮᠵᠢ᠎ᠪᠠᠨ ᠴᠢᠩᠭᠠᠳᠭᠠᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠬᠦᠨᠳᠦ ᠡᠭᠦᠷᠭᠡ᠎ᠶ᠋ᠢ ᠵᠣᠷᠢᠭ᠍ᠲᠠᠢ ᠡᠭᠦᠷᠭᠡᠯᠡᠵᠦ᠍᠂ ᠵᠠᠮ ᠨᠡᠭᠡᠭᠡᠨ ᠤᠷᠤᠭ᠍ᠰᠢᠯᠠᠵᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌᠂ ᠦᠨᠡᠨ ᠬᠦ᠌ ᠠᠳᠭᠤᠵᠤ ᠪᠣᠳᠠᠲᠠᠢ ᠠᠵᠢᠯᠯᠠᠬᠤ ᠰᠤᠷᠲᠠᠯ ᠪᠠ ᠲᠦᠷᠢᠮ ᠲᠣᠭ᠍ᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶ᠋ᠢ ᠰᠠᠬᠢᠬᠤ᠂ ᠲᠥᠪ ᠭᠣᠣᠯᠴᠢ ᠠᠷᠢᠭᠤᠨ ᠴᠢᠬᠡᠴᠢ ᠲᠦᠷᠢ ᠲᠥᠷᠬᠦ᠌᠎ᠪᠡᠷ ᠠᠷᠠᠳ ᠤᠯᠠᠨ᠎ᠢ ᠪᠦᠯᠬᠦᠮᠳᠡᠭᠦᠯᠦᠨ ᠳᠠᠭᠠᠭᠤᠯᠵᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠥᠪ᠎ᠦᠨ ᠠᠯᠪᠠᠨ ᠲᠢᠩᠬᠢᠮ᠎ᠦᠨ ᠡᠷᠬᠢᠯᠡᠭ᠌ᠴᠢ ᠼᠠᠢ ᠴᠢ ᠣᠷᠣᠯᠴᠠᠪᠠ᠃
ᠮᠦ᠍ ᠬᠣᠩᠨᠠᠷ ᠣᠷᠣᠯᠴᠠᠵᠠᠢ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 5 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃