2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-06 10:12:48

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

ᠵᠠᠩ ᠶᠠᠨ ᠺᠦᠨ ᠣᠷᠣᠯᠴᠠᠪᠠ


3 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ᠂ ᠥᠪᠥᠷ ᠮᠣᠩᠭᠣᠯ ᠳ᠋ᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠥᠪᠡᠷ ᠥᠪᠡᠷ᠎ᠦᠨ ᠪᠠᠢᠭ᠎ᠠ ᠡᠲᠡᠭᠡᠳ ᠢᠯᠭᠠᠯ᠎ᠤᠨ ᠳᠤᠭᠤᠢᠯᠠᠩ᠎ᠳᠠᠭᠠᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠪᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠢᠨᠠᠨ ᠵᠥᠪᠯᠡᠬᠦ᠌᠎ᠳᠦ ᠣᠷᠣᠯᠴᠠᠭ᠍ᠰᠠᠨ ᠪᠥᠭᠡᠳ ᠦᠭᠡ ᠬᠡᠯᠡᠵᠡᠢ᠃

ᠵᠠᠩ ᠶᠠᠨ ᠺᠦᠨ᠂ ᠲᠡᠷᠢᠭᠦᠯᠡᠭᠴᠢ ᠸᠠᠩ ᠬᠤ᠌ ᠨᠢᠩ ᠤ᠋ᠨ ᠬᠢᠭ᠌ᠰᠡᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠳᠡ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠢᠮᠠᠭᠳᠠ ᠲᠤᠭᠤᠱᠢᠯᠠᠭᠤᠯᠵᠤ᠂ ᠲᠤᠭ ᠢ᠋ ᠥᠨᠳᠥᠷ ᠮᠠᠨᠳᠤᠭᠤᠯᠤᠭ᠍ᠰᠠᠨ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ᠂ ᠬᠥᠮᠦᠰ᠎ᠦᠨ ᠰᠡᠳᠭᠢᠯ᠎ᠢ ᠵᠣᠷᠢᠭ᠍ᠵᠢᠭᠤᠯᠤᠭᠰᠠᠨ᠂ ᠵᠠᠮ ᠨᠡᠭᠡᠭᠡᠨ ᠱᠢᠨ᠎ᠡ᠎ᠶ᠋ᠢ ᠡᠭᠦᠳᠦᠭ᠌ᠰᠡᠨ ᠰᠠᠢ᠌ᠨ ᠮᠡᠳᠡᠭᠦᠯᠦᠯᠳᠡ ᠪᠣᠯᠵᠠᠢ ᠭᠡᠪᠡ᠃

ᠵᠠᠩ ᠶᠠᠨ ᠺᠦᠨ᠂ ᠥᠩᠭᠡᠷᠡᠭ᠌ᠰᠡᠨ ᠨᠢᠭᠡ ᠵᠢᠯ᠎ᠳᠦ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ ᠨᠠᠮ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠢᠳᠡᠪᠬᠢᠲᠡᠢ᠎ᠪᠡᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠨᠠᠮ ᠪᠣᠯᠤᠨ ᠤᠯᠤᠰ᠎ᠤᠨ ᠶᠡᠬᠡ ᠲᠠᠯ᠎ᠠ᠎ᠳᠤ ᠦᠢᠯᠡᠴᠢᠯᠡᠵᠦ᠍᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠴᠢᠳᠠᠪᠬᠢ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠡᠯᠪᠡᠭ ᠪᠠᠶᠠᠯᠢᠭ ᠡᠷᠬᠢᠮ ᠨᠠᠨᠳᠢᠨ ᠪᠦᠭᠡᠳ ᠤᠷᠮᠠᠰ ᠢ᠋ ᠬᠦᠭᠵᠢᠭᠡᠭᠰᠡᠨ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠬᠠᠷᠢᠭᠤᠯᠲᠠ᠎ᠶ᠋ᠢᠨ ᠬᠠᠭᠤᠳᠠᠰᠤ ᠵᠢ ᠲᠤᠱᠢᠶᠠᠵᠤ᠂ 《ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠠᠷᠠᠳ ᠲᠦᠮᠡᠨ᠎ᠦ ᠲᠥᠯᠥᠭᠡ ᠪᠠᠢᠬᠤ》 ᠤᠢ᠍ᠢᠯᠠᠭᠠᠭ᠍ᠳᠠᠬᠤᠨ᠎ᠢ ᠠᠮᠢᠳᠤᠯᠢᠭ᠎ᠢᠶᠠᠷ ᠲᠠᠢᠯᠪᠤᠷᠢᠯᠠᠵᠤ᠂ ᠣᠷᠣᠨ ᠨᠤᠲᠤᠭ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠳᠦ ᠬᠡᠪ ᠳᠠᠭᠤᠷᠢᠶᠠᠯ ᠪᠤᠯᠵᠤ᠂ ᠦᠯᠢᠭᠡᠷ ᠵᠢᠱ᠌ᠢᠶ᠎ᠠ ᠦᠵᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠤ᠋ ᠬᠢᠨ ᠢᠯᠡᠳᠭᠡᠯ ᠮᠡᠳᠡᠭᠦᠯᠦᠯᠳᠡ ᠵᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠤ᠂ ᠰᠠᠢᠲᠤᠷ ᠣᠢᠯᠠᠭᠠᠵᠤ᠂ ᠰᠠᠢᠲᠤᠷ ᠲᠤᠭᠤᠱᠢᠯᠠᠭᠤᠯᠵᠤ᠂ ᠭᠤᠤᠯᠳᠠᠯᠭ᠎ᠠ᠎ᠶ᠋ᠢᠨ ᠲᠣᠭᠣᠷᠢᠨ᠎ᠳᠤ ᠶᠡᠬᠡ ᠲᠠᠯ᠎ᠠ᠎ᠳᠤ ᠦᠶ᠋ᠯᠡᠴᠢᠯᠡᠬᠦ᠌ ᠳᠤᠮᠳᠠ ᠤᠯᠤᠰ ᠲᠥᠷᠥ᠎ᠶ᠋ᠢᠨ ᠵᠥᠪᠯᠡᠯᠭᠡᠨ᠎ᠦ ᠦᠶ᠋ᠯᠡᠳᠦᠯ᠎ᠢᠶᠡᠨ ᠪᠠᠳᠠᠷᠠᠭᠤᠯᠵᠤ᠂ ᠭᠤᠤᠯᠳᠠᠯᠭ᠎ᠠ ᠳ᠋ᠤ ᠣᠷᠣᠯᠴᠠᠬᠤ᠂ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠳᠤᠮᠳᠠ ᠤᠯᠤᠰ ᠲᠥᠷᠥ᠎ᠶ᠋ᠢᠨ ᠵᠥᠪᠯᠡᠯᠭᠡᠨ᠎ᠦ ᠳᠠᠪᠠᠭᠤᠯᠢᠭ᠎ᠢᠶᠠᠨ ᠢᠯᠡᠷᠡᠭᠦᠯᠵᠦ᠍᠂ ᠭᠤᠤᠯᠳᠠᠯᠭ᠎ᠠ᠎ᠳᠤ ᠠᠭᠤᠰᠤᠯᠴᠠᠬᠤ᠂ ᠠᠷᠠᠳ᠎ᠤᠨ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠳᠤᠮᠳᠠ ᠤᠯᠤᠰ ᠲᠥᠷᠥ᠎ᠶ᠋ᠢᠨ ᠵᠥᠪᠯᠡᠯᠭᠡᠨ᠎ᠦ ᠬᠤᠪᠢ ᠨᠡᠮᠡᠷᠢ ᠵᠢ ᠦᠵᠡᠭᠦᠯᠵᠦ᠍᠂ ᠱᠢᠨ᠎ᠡ ᠴᠠᠭ ᠦᠶ᠎ᠡ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠬᠤ ᠬᠡᠷᠡᠭᠳᠠᠢ ᠭᠡᠪᠡ᠃

ᠭᠡᠱᠢᠭᠦᠳ ᠦᠭᠡ ᠬᠡᠯᠡᠬᠦ ᠳ᠋ᠡᠭᠡᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ ᠨᠢ ᠭᠣᠣᠯ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠭ᠌ᠰᠡᠨ ᠪᠥᠭᠡᠳ ᠪᠠᠰᠠ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠪᠦᠬᠦ᠌ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠩᠭᠡᠷᠡᠭ᠌ᠰᠡᠨ ᠨᠢᠭᠡ ᠵᠢᠯ᠎ᠦᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠣᠯᠤᠭ᠍ᠰᠠᠨ ᠠᠮᠵᠢᠯᠲᠠ ᠪᠦᠲᠦᠮᠵᠢ᠎ᠶ᠋ᠢ ᠪᠦᠬᠦ᠌ ᠲᠠᠯ᠎ᠠ᠎ᠪᠠᠷ ᠳ᠋ᠦᠩᠨᠡᠵᠦ᠍᠂ ᠡᠨᠡ ᠵᠢᠯ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠭ᠌ᠯᠡᠯ ᠪᠣᠯᠤᠨ ᠭᠣᠣᠯᠳᠠᠯᠭ᠎ᠠ᠎ᠶ᠋ᠢ ᠲᠣᠳᠣᠷᠬᠠᠢ ᠳᠤᠷᠠᠳᠴᠠᠢ ᠭᠡᠵᠤ ᠢᠯᠡᠳᠭᠡᠪᠡ᠃ ᠤᠯᠠᠨ᠎ᠢᠶᠠᠷ᠎ᠢᠶᠠᠨ᠂ ᠢᠯᠡᠳᠭᠡᠯ ᠮᠡᠳᠡᠭᠦᠯᠦᠯᠲᠡ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠨᠢᠭᠡ ᠰᠡᠳᠭᠢᠯ ᠨᠢᠭᠡ ᠵᠣᠷᠢᠭ᠎ᠢᠶᠠᠷ ᠵᠠᠮ ᠨᠡᠭᠡᠭᠡᠨ ᠤᠷᠤᠭ᠍ᠰᠢᠯᠠᠵᠤ᠂ ᠡᠯ᠎ᠡ ᠵᠦᠢᠯ᠎ᠦᠨ ᠬᠠᠷᠠᠯᠲᠠ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠭᠦᠨᠵᠡᠭᠡᠢ ᠪᠠᠢᠴᠠᠭᠠᠨ ᠰᠤᠳᠤᠯᠵᠤ ᠵᠥᠪᠯᠡᠯᠴᠡᠨ᠂ ᠰᠣᠳᠣ ᠮᠡᠷᠭᠡᠨ ᠰᠠᠨᠠᠯ ᠰᠠᠨᠠᠭᠤᠯᠭ᠎ᠠ ᠳᠤᠷᠠᠳᠴᠤ᠌᠂ ᠪᠣᠳᠠᠲᠠᠢ᠎ᠶ᠋ᠢ ᠡᠷᠬᠢᠮᠯᠡᠭ᠌ᠰᠡᠨ ᠠᠷᠭ᠎ᠠ ᠪᠤᠳᠤᠯᠭ᠎ᠠ ᠳᠡᠪᠱᠢᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠴᠢᠨᠠᠷ ᠰᠠᠢᠲᠠᠢ ᠪᠡᠶᠡᠯᠡᠭᠦᠯᠬᠦ᠌᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃

ᠥᠪᠥᠷ ᠮᠣᠩᠭᠣᠯ ᠳ᠋ᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠪᠠᠶ ᠴᠢᠩ ᠶᠤᠸᠠᠨ᠂ ᠬᠦᠦᠳᠠᠭᠤᠯᠠ᠂ ᠰᠦᠨ ᠵᠢᠶᠦ᠋ᠨ ᠴᠢᠩ᠂ ᠠᠨ ᠷᠦᠨ ᠱᠧᠩ ᠲᠣᠰ ᠲᠣᠰ᠎ᠦᠨ ᠪᠠᠢᠭ᠎ᠠ ᠳᠤᠭᠤᠢᠯᠠᠩ᠎ᠤᠨ ᠬᠢᠨᠠᠨ ᠵᠥᠪᠯᠡᠬᠦ᠌᠎ᠳᠦ ᠣᠷᠣᠯᠴᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面