2025-03-06 17:06:35
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶ᠎ᠠ ᠵᠢᠨ ᠤᠯᠤᠰ ᠲᠦᠷᠦ ᠵᠢᠨ ᠲᠤᠪᠴᠢᠶ᠎ᠠ ᠵᠢᠨ ᠪᠠᠢᠩᠭᠤ ᠵᠢᠨ ᠭᠡᠰᠢᠭᠦᠨ᠂ ᠲᠦᠪ ᠤ᠋ᠨ ᠰᠠᠬᠢᠯᠭ᠎ᠠ ᠪᠠᠳᠤ ᠪᠠᠢᠴᠠᠭᠠᠬᠤ ᠬᠤᠷᠢᠶ᠎ᠠ ᠵᠢᠨ ᠱᠦᠵᠢ ᠯᠢ ᠰᠢ 5 ᠤ᠋ ᠦᠳᠡ ᠵᠢᠨ ᠬᠤᠢᠨ᠎ᠠ ᠲᠡᠭᠦᠨ ᠤ᠋ ᠪᠠᠢᠭ᠎ᠠ ᠹᠦᠵᠢᠶᠠᠨ᠎ᠤ ᠲᠥᠯᠥᠭᠡᠯᠡᠭ᠌ᠴᠢᠳ᠎ᠦᠨ ᠪᠦᠯᠭᠦᠮ ᠳ᠋ᠤ ᠢᠷᠡᠵᠦ᠂ ᠲᠥᠯᠥᠭᠡᠯᠡᠭ᠌ᠴᠢᠳ᠎ᠲᠡᠶ ᠬᠠᠮᠳᠤ ᠪᠡᠷ ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠬᠡᠯ ᠢ᠋ ᠬᠢᠨᠡᠨ ᠵᠦᠪᠯᠡᠪᠡ᠃ ᠬᠤᠷᠠᠯ᠎ᠤᠨ ᠲᠠᠯᠠᠪᠠᠢ ᠵᠢᠨ ᠠᠭᠤᠷ ᠠᠮᠢᠰᠬᠤᠯ ᠬᠦᠷ ᠬᠥᠭ᠌ᠵᠢᠶᠡᠨᠳᠡᠢ ᠪᠠᠢᠵᠤ᠂ ᠯᠢᠨ ᠬᠤᠸᠠ ᠵᠦᠩ᠂ ᠯᠢ ᠴᠦᠨ᠂ ᠸᠠᠩ ᠹᠸᠢ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠵᠦ᠍᠂ ᠯᠢ ᠰᠢ ᠨᠠᠷᠢᠨ ᠬᠢᠨᠠᠮᠠᠭᠠᠢ ᠰᠣᠨᠣᠰᠤᠭ᠍ᠰᠠᠨ ᠪᠥᠭᠡᠳ ᠲᠥᠯᠥᠭᠡᠯᠡᠭ᠌ᠴᠢᠳ᠎ᠲᠡᠶ ᠰᠠᠨᠠᠯ᠎ᠢᠶᠠᠨ ᠰᠣᠯᠢᠯᠴᠠᠨ ᠶᠠᠷᠢᠯᠴᠠᠪᠠ᠃
ᠲᠥᠯᠥᠭᠡᠯᠡᠭ᠌ᠴᠢᠳ᠎ᠦᠨ ᠬᠡᠯᠡᠭᠰᠡᠨ ᠦᠭᠡ ᠵᠢ ᠰᠣᠨᠣᠰᠤᠭ᠍ᠰᠠᠨ᠎ᠤ ᠳᠠᠷᠠᠭ᠎ᠠ ᠯᠢ ᠰᠢ᠂ ᠶᠡᠷᠦᠩᠬᠡᠶ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠪᠦᠷᠢᠮᠦᠰᠦᠨ ᠵᠥᠪᠱᠢᠶᠡᠷᠡᠵᠦ᠍ ᠪᠠᠢᠨ᠎ᠠ᠃ ᠥᠩᠭᠡᠷᠡᠭ᠌ᠰᠡᠨ ᠨᠢᠭᠡ ᠵᠢᠯ᠎ᠳᠦ᠂ ᠭᠠᠳᠠᠭᠠᠳᠤ ᠣᠷᠴᠢᠨ᠎ᠤ ᠳᠠᠷᠤᠯᠲᠠ ᠨᠡᠮᠡᠭ᠌ᠳᠡᠵᠦ᠍᠂ ᠳᠣᠲᠣᠭᠠᠳᠤ᠎ᠶ᠋ᠢᠨ ᠬᠦᠴᠢᠷᠳᠡᠯ ᠨᠡᠮᠡᠭ᠌ᠳᠡᠭ᠌ᠰᠡᠨ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠢᠳᠠᠯ᠎ᠤᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠵᠦ᠍᠂ ᠯᠠᠪᠳᠠᠭᠤᠨ ᠲᠣᠭ᠍ᠲᠠᠭᠤᠨ᠎ᠢᠶᠠᠷ ᠬᠤᠪᠢᠷᠠᠯᠲᠠ᠎ᠶ᠋ᠢ ᠠᠷᠭᠠᠴᠠᠭᠠᠵᠤ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠵᠦ᠍᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠴᠢᠬᠤᠯᠠ ᠶᠡᠬᠡ ᠱᠢᠨ᠎ᠡ ᠠᠮᠵᠢᠯᠲᠠ ᠤᠯᠬᠤ᠎ᠶ᠋ᠢ ᠠᠬᠢᠭᠤᠯᠪᠠ᠃ ᠡᠨᠡ ᠨᠢ ᠶᠡᠷᠦᠩᠬᠡᠢ ᠱᠦᠵᠢ ᠰᠢ ᠵᠢᠨ ᠫᠢᠩ᠎ᠦᠨ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ᠎ᠳᠤ ᠪᠠᠢᠨ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠂ ᠡᠬᠦᠨ᠎ᠢ ᠨᠠᠮ ᠪᠣᠯᠤᠨ ᠠᠷᠠᠳ ᠲᠦᠮᠡᠨ ᠬᠠᠮᠲᠤ᠎ᠪᠠᠷ ᠴᠢᠷᠮᠠᠢᠵᠤ ᠪᠠᠢᠭᠠᠳ ᠤᠯᠤᠭᠰᠠᠨ ᠶᠤᠮ᠂ ᠠᠵᠢᠯᠯᠠᠵᠤ ᠪᠠᠢᠭᠠᠳ ᠤᠯᠤᠭᠰᠠᠨ ᠶᠤᠮ᠂ ᠲᠡᠮᠡᠴᠡᠵᠦ᠍ ᠪᠠᠢᠭᠠᠳ ᠣᠯᠤᠭ᠍ᠰᠠᠨ ᠶᠤᠮ᠃ ᠹᠦᠵᠢᠶᠠᠨ᠎ᠤ ᠣᠯᠤᠭ᠍ᠰᠠᠨ ᠠᠮᠵᠢᠯᠲᠠ ᠪᠦᠲᠦᠮᠵᠢ ᠪᠣᠯ ᠪᠦᠬᠦ᠌ ᠤᠯᠤᠰ᠎ᠤᠨ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃ 《ᠬᠣᠶᠠᠷ᠎ᠢ ᠲᠣᠭ᠍ᠲᠠᠭᠠᠬᠰᠠᠨ》 ᠢ᠋ ᠨᠡᠩ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠲᠠᠶ ᠤᠯᠠᠮ ᠨᠢᠭᠡ ᠠᠯᠬᠤᠮ ᠨᠢᠭᠡᠳᠭᠡᠵᠦ᠍᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠵᠠᠮ ᠨᠡᠭᠡᠭᠡᠨ ᠤᠷᠤᠭ᠍ᠰᠢᠯᠠᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠨᠠᠮ᠎ᠤᠨ ᠡᠭᠦᠷᠭᠡ ᠬᠠᠷᠢᠭᠤᠴᠠᠯᠭ᠎ᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠪᠦᠯᠬᠦᠮᠳᠡᠨ ᠲᠡᠮᠡᠴᠡᠬᠦ᠌ ᠬᠡᠷᠡᠭ᠌ᠲᠡᠢ ᠭᠡᠪᠡ᠃
ᠯᠢ ᠰᠢ᠂ ᠣᠳᠣᠬᠠᠨᠪᠤᠯ ᠶᠠᠭ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶ᠋ᠢᠨ ᠴᠠᠭ ᠦᠶ᠎ᠡ ᠪᠣᠯᠤᠨ᠎ᠠ᠃ ᠹᠦᠵᠢᠶᠠᠨ ᠮᠤᠵᠢ᠎ᠶ᠋ᠢᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠪᠦᠳᠦᠭᠡᠨ ᠪᠠᠢᠭᠤᠯᠤᠯᠲᠠ᠎ᠶ᠋ᠢᠨ ᠲᠣᠭ᠍ᠲᠠᠴᠠ ᠠᠮᠢᠳᠤᠯᠢᠭ᠂ ᠠᠵᠤ ᠦᠢᠯᠡᠰ ᠱᠢᠯᠢᠳᠡᠭ᠂ ᠠᠷᠠᠳ ᠲᠦᠮᠡᠨ ᠪᠠᠶᠠᠨ᠂ ᠠᠮᠢ ᠠᠬᠤᠢ ᠭᠤᠶᠤ ᠰᠠᠢᠬᠠᠨ ᠪᠠᠢᠬᠤ ᠱᠢᠨ᠎ᠡ ᠹᠦᠵᠢᠶᠠᠨ᠎ᠤ ᠬᠠᠷᠠᠯᠲᠠ᠎ᠶ᠋ᠢ ᠴᠢᠩᠭ᠎ᠠ ᠠᠳᠭᠤᠵᠤ᠂ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠳᠤᠮᠳᠠ ᠡᠷᠡᠯᠬᠡᠭ᠌ᠯᠡᠨ ᠲᠡᠮᠡᠴᠡᠬᠦ᠌᠎ᠶ᠋ᠢ ᠬᠦᠰᠡᠵᠦ᠍ ᠪᠠᠢᠨ᠎ᠠ᠃ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ ᠪᠣᠯᠤᠨ ᠠᠵᠤ ᠦᠢᠯᠡᠰ᠎ᠦᠨ ᠱᠢᠨ᠎ᠡ ᠡᠭᠦᠳᠦᠯᠲᠡ᠎ᠶ᠋ᠢᠨ ᠭᠦᠨᠵᠡᠭᠡᠢ ᠠᠭᠤᠰᠤᠯᠴᠠᠯ᠎ᠢ ᠬᠦᠴᠦᠯᠡᠨ ᠠᠬᠢᠭᠤᠯᠵᠤ᠂ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ ᠪᠣᠯᠤᠨ ᠬᠤᠳᠠ ᠬᠥᠳᠡᠭᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡᠨ᠎ᠦ ᠠᠭᠤᠰᠤᠯᠴᠠᠨ ᠬᠥᠭ᠌ᠵᠢᠬᠦ᠌ ᠱᠢᠨ᠎ᠡ ᠵᠠᠮ᠎ᠢ ᠲᠠᠰᠤᠷᠠᠯᠳᠠ ᠦᠭᠡᠢ ᠬᠠᠢᠨ ᠰᠦᠪᠡᠭ᠌ᠴᠢᠯᠡᠵᠦ᠍᠂ ᠰᠣᠶᠣᠯ᠎ᠤᠨ ᠨᠥᠯᠥᠭᠡᠯᠡᠬᠦ᠌ ᠬᠦᠴᠦᠨ᠎ᠢ ᠤᠳᠠᠭᠠᠨ ᠳᠠᠭᠠᠭᠠᠮᠠᠭᠠᠢ᠎ᠪᠠᠷ ᠳᠡᠭᠡᠭ᠌ᠰᠢᠯᠡᠭᠦᠯᠵᠦ᠍᠂ ᠹᠦᠵᠢᠶᠠᠨ᠎ᠤ ᠱᠢᠨ᠎ᠡ ᠲᠦᠷᠢ ᠲᠥᠷᠬᠦ᠌᠎ᠶ᠋ᠢ ᠢᠯᠡᠷᠡᠭᠦᠯᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠯᠢ ᠰᠢ᠂ ᠴᠢᠨᠠᠷ ᠰᠠᠢᠲᠠᠶ ᠬᠥᠭ᠌ᠵᠢᠯᠲᠡ᠎ᠶ᠋ᠢ ᠴᠢᠨᠠᠷ ᠰᠠᠢᠲᠠᠶ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ ᠬᠡᠷᠡᠭ᠌ᠲᠡᠶ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠢᠮᠠᠭ᠍ᠲᠠ ᠭᠣᠣᠯᠳᠠᠯᠭ᠎ᠠ᠎ᠵᠢᠨ ᠲᠤᠭᠤᠷᠢᠨ ᠳ᠋ᠤ᠂ ᠶᠡᠬᠡ ᠲᠠᠯ᠎ᠠ᠎ᠳᠤ ᠦᠢᠯᠡᠴᠢᠯᠡᠵᠦ᠍᠂ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠨ᠂ ᠥᠭᠡᠷᠡᠴᠢᠯᠡᠯᠲᠡ᠎ᠶ᠋ᠢᠨ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ᠎ᠪᠠᠷ ᠨᠠᠮ᠎ᠢ ᠬᠠᠮᠢᠶᠠᠷᠴᠤ᠌ ᠨᠠᠮ᠎ᠢ ᠵᠠᠰᠠᠬᠤ᠎ᠶ᠋ᠢ ᠪᠠᠷᠢᠮᠲᠠᠯᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠢᠨ᠎ᠡ ᠦᠷ᠎ᠡ ᠪᠦᠲᠦᠮᠵᠢ᠎ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠢ᠃ ᠤᠯᠤᠰ ᠲᠦᠷᠦ᠍᠎ᠶ᠋ᠢᠨ ᠬᠢᠨᠠᠯᠲᠠ ᠲᠠᠯᠪᠢᠬᠤ᠎ᠶ᠋ᠢ ᠪᠣᠳᠠᠲᠠᠢᠵᠢᠭᠤᠯᠬᠤ᠂ ᠣᠨᠣᠪᠴᠢᠲᠠᠢ ᠪᠣᠯᠭᠠᠬᠤ᠂ ᠪᠠᠢᠩᠭᠤᠵᠢᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠵᠤ᠂ ᠨᠠᠮ᠎ᠤᠨ ᠲᠥᠪ ᠬᠤᠷᠢᠶ᠎ᠠ ᠵᠢᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠲᠤᠬᠠᠢ ᠡᠯ᠎ᠡ ᠵᠦᠢᠯ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢᠨ ᠪᠣᠳᠠᠲᠠᠢ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠢ᠃ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢᠷᠡᠭᠦᠯᠵᠦ᠍᠂《ᠲᠦᠷᠪᠡᠨ ᠵᠦᠢᠯ᠎ᠦᠨ ᠬᠡᠯᠪᠡᠷᠢ ᠪᠠᠢᠳᠠᠯ》᠎ᠢ᠋ ᠣᠨᠣᠪᠴᠢᠲᠠᠢ ᠬᠡᠷᠡᠭ᠌ᠯᠡᠨ᠂ ᠴᠢᠩᠭ᠎ᠠ ᠬᠠᠮᠢᠶᠠᠷᠴᠤ᠌ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ᠌᠎ᠶ᠋ᠢ ᠵᠣᠷᠢᠭ᠍ᠵᠢᠭᠤᠯᠬᠤ᠎ᠶ᠋ᠢ ᠨᠢᠭᠡᠳᠭᠡᠵᠦ᠍᠂ ᠨᠠᠮ᠎ᠤᠨ ᠭᠡᠱᠢᠭᠦᠨ ᠺᠠᠳ᠋ᠷ᠎ᠤᠨ ᠲᠦᠷᠢᠮ ᠲᠣᠭ᠍ᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶ᠋ᠢ ᠰᠠᠬᠢᠬᠤ ᠳᠤᠮᠳᠠ ᠠᠵᠢᠯ ᠬᠢᠵᠦ᠍ ᠦᠢᠯᠡᠰ ᠪᠤᠰᠭᠠᠬᠤ᠎ᠶ᠋ᠢ ᠠᠬᠢᠭᠤᠯᠬᠤ ᠬᠡᠷᠡᠭ᠌ᠲᠡᠢ᠃ ᠰᠤᠷᠲᠠᠯ ᠢᠯᠵᠢᠷᠡᠯ᠎ᠢ ᠬᠠᠮᠲᠤ᠎ᠪᠠᠷ ᠪᠠᠢᠴᠠᠭᠠᠵᠤ ᠬᠠᠮᠲᠤ᠎ᠪᠠᠷ ᠵᠠᠰᠠᠬᠤ ᠠᠵᠢᠯ᠎ᠢ ᠭᠦᠨᠵᠡᠭᠡᠢ ᠠᠬᠢᠭᠤᠯᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠥᠷᠡᠰᠢ ᠦᠭᠡᠢ ᠨᠠᠢᠳᠠᠪᠤᠷᠢᠵᠢᠭᠤᠯᠵᠤ᠂ ᠢᠯᠵᠢᠷᠠᠬᠦ᠎ᠡᠴᠡ ᠵᠢᠷᠦᠬᠡᠱᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠲᠠᠰᠤᠷᠠᠯᠳᠠ ᠦᠭᠡᠢ ᠴᠡᠪᠡᠷᠱᠢᠭᠦᠯᠵᠦ᠍᠂ ᠰᠠᠢ᠌ᠨ ᠰᠠᠢᠬᠠᠨ ᠬᠥᠭ᠌ᠵᠢᠯᠲᠡ᠎ᠶ᠋ᠢᠨ ᠣᠷᠴᠢᠨ ᠨᠦᠬᠦᠴᠡᠯ᠎ᠢ ᠪᠤᠢ ᠪᠣᠯᠭᠠᠬᠤ ᠬᠡᠷᠡᠭ᠌ᠲᠡᠢ᠃ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ 《ᠪᠠᠭ᠎ᠠ ᠱᠠᠮᠱᠢᠯ ᠪᠢᠴᠢᠯ ᠢᠯᠵᠢᠷᠡᠯ》 ᠢ᠋ ᠡᠷᠡᠰ ᠪᠠᠢᠴᠠᠭᠠᠨ ᠱᠢᠢᠳᠪᠦᠷᠢᠯᠡᠵᠦ᠍᠂ ᠨᠠᠮ᠎ᠤᠨ ᠲᠦᠷᠦ᠍ ᠪᠠᠷᠢᠬᠤ ᠰᠠᠭᠤᠷᠢ᠎ᠶ᠋ᠢ ᠲᠠᠰᠤᠷᠠᠯᠳᠠ ᠦᠭᠡᠢ ᠪᠡᠬᠢᠵᠢᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 3 ᠰᠠᠷ᠎ᠠ ᠵᠢᠨ 5 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃