2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-06 17:04:05

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠶ ᠰᠠᠢᠳ ᠳ᠋ᠢᠩ ᠱᠢᠤᠸᠠᠢ ᠱᠢᠶᠠᠩ 5 ᠤ᠋ ᠦᠳᠡ᠎ᠶ᠋ᠢᠨ ᠬᠣᠢᠨ᠎ᠠ ᠲᠡᠭᠦᠨ᠎ᠦ ᠪᠠᠢᠭ᠎ᠠ ᠯᠢᠶᠣᠤᠨᠢᠩ᠎ᠤᠨ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠍᠂ ᠲᠥᠯᠥᠭᠡᠯᠡᠭ᠌ᠴᠢᠳ᠎ᠲᠡᠶ ᠬᠠᠮᠲᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠪᠡ᠃ ᠵᠶ᠋ᠢ ᠷᠦᠢ ᠳ᠋ᠦᠩ᠂ ᠶᠠᠩ ᠱᠢᠤᠸᠠᠢ ᠮᠢᠩ᠂ ᠰᠦᠨ ᠰᠤ᠌ ᠶᠦᠨ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠪᠡ᠃

ᠲᠥᠯᠥᠭᠡᠯᠡᠭ᠌ᠴᠢᠳ᠎ᠦᠨ ᠦᠭᠡ ᠬᠡᠯᠡᠬᠦ᠎ᠶ᠋ᠢ ᠰᠣᠨᠣᠰᠤᠭ᠍ᠰᠠᠨ᠎ᠤ ᠳᠠᠷᠠᠭ᠎ᠠ᠂ ᠳ᠋ᠢᠩ ᠱᠢᠤᠸᠠᠢ ᠱᠢᠶᠠᠩ᠂ ᠶᠡᠷᠦᠩᠬᠡᠶ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠨᠡᠨ᠎ᠡᠴᠡ ᠵᠥᠪ᠎ᠢ ᠡᠷᠢᠭ᠌ᠰᠡᠨ᠂ ᠵᠠᠮ ᠨᠡᠭᠡᠭᠡᠨ ᠱᠢᠨ᠎ᠡ᠎ᠶ᠋ᠢ ᠡᠭᠦᠳᠦᠭ᠌ᠰᠡᠨ᠂ ᠢᠲᠡᠭᠡᠯ ᠵᠣᠷᠢᠭ᠎ᠢ ᠬᠥᠪᠴᠢᠯᠡᠭ᠌ᠰᠡᠨ ᠰᠠᠢᠨ ᠢᠯᠡᠳᠭᠡᠯ ᠪᠣᠯᠵᠠᠶ ᠂ ᠪᠢ ᠪᠦᠷᠢᠮᠦᠰᠦᠨ ᠵᠥᠪᠱᠢᠶᠡᠷᠡᠵᠦ᠍ ᠪᠠᠢᠨ᠎ᠠ ᠭᠡᠵᠤ ᠬᠡᠯᠡᠪᠡ᠃

ᠳ᠋ᠢᠩ ᠱᠢᠤᠸᠠᠢ ᠱᠢᠶᠠᠩ᠂ ᠥᠩᠭᠡᠷᠡᠭ᠌ᠰᠡᠨ ᠨᠢᠭᠡ ᠵᠢᠯ᠎ᠳᠦ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ᠎ᠤ ᠤᠯᠤᠰ᠎ᠤᠨ ᠬᠥᠭ᠌ᠵᠢᠯᠲᠡ ᠮᠠᠰᠢ ᠶᠡᠷᠦ᠍ ᠪᠤᠰᠤ᠎ᠶ᠋ᠢᠨ ᠶᠠᠪᠤᠴᠠ᠎ᠶ᠋ᠢ ᠥᠩᠭᠡᠷᠡᠭᠦᠯᠵᠦ᠍᠂ ᠴᠢᠬᠤᠯᠠ ᠶᠡᠬᠡ ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠵᠠᠢ᠃ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠢᠳᠠᠯ ᠳᠣᠣᠷ᠎ᠠ ᠬᠥᠮᠦᠰ᠎ᠢ ᠵᠣᠷᠢᠭ᠍ᠵᠢᠭᠤᠯᠤᠮ᠎ᠠ ᠠᠮᠵᠢᠯᠲᠠ ᠣᠯᠤᠭ᠍ᠰᠠᠨ᠎ᠤ ᠦᠨᠳᠦᠰᠦ ᠨᠢ ᠶᠡᠷᠦᠩᠬᠡᠢ ᠱᠦᠵᠢ ᠰᠢ ᠵᠢᠨ ᠫᠢᠩ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ᠎ᠳᠤ ᠪᠠᠢᠨ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠃ ᠪᠢᠳᠡ ᠨᠠᠮ ᠪᠣᠯᠤᠨ ᠤᠯᠤᠰ᠎ᠤᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢᠨ ᠶᠡᠷᠦ᠍ ᠪᠤᠰᠤ᠎ᠶ᠋ᠢᠨ ᠥᠩᠭᠡᠷᠡᠯᠲᠡ᠎ᠡᠴᠡ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠨᠠᠩ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》ᠵᠢᠡᠨ ᠴᠢᠩᠭᠠᠳᠭᠠᠵᠤ᠂《ᠳᠥᠷᠪᠡᠨ ᠢᠲᠡᠭᠡᠯ》ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠬᠡᠷᠡᠭ᠌ᠲᠡᠶ ᠭᠡᠵᠤ ᠢᠯᠡᠳᠭᠡᠪᠡ᠃

ᠳ᠋ᠢᠩ ᠱᠢᠤᠸᠠᠢ ᠱᠢᠶᠠᠩ᠂ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ ᠪᠣᠯᠤᠨ᠎ᠠ᠂ ᠬᠥᠭ᠌ᠵᠢᠯᠲᠡ᠎ᠶ᠋ᠢᠨ ᠬᠠᠷᠠᠯᠲᠠ ᠡᠭᠦᠷᠭᠡ ᠵᠢ ᠲᠡᠭᠦᠰ ᠠᠮᠵᠢᠯᠲᠠ᠎ᠲᠠᠶ ᠪᠡᠶᠡᠯᠡᠭᠦᠯᠬᠦ᠌᠎ᠳᠦ ᠡᠷᠬᠡᠪᠰᠢ ᠰᠢ ᠵᠢᠨ ᠫᠢᠩ᠎ᠦᠨ ᠠᠵᠤ ᠠᠬᠤᠶ᠎ᠶ᠋ᠢᠨ ᠦᠵᠡᠯ ᠰᠠᠨᠠᠭ᠎ᠠ᠎ᠶ᠋ᠢ ᠰᠠᠢᠲᠤᠷ ᠰᠤᠷᠤᠯᠴᠠᠨ ᠰᠠᠢᠲᠤᠷ ᠬᠡᠷᠡᠭ᠌ᠯᠡᠬᠦ᠌ ᠬᠡᠷᠡᠭ᠌ᠲᠡᠶ᠃ ᠴᠢᠨᠠᠷ ᠰᠠᠢᠲᠠᠶ ᠬᠥᠭ᠌ᠵᠢᠯᠲᠡ ᠭᠡᠬᠦ᠌ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢ ᠬᠦᠴᠦᠯᠡᠨ ᠠᠳᠭᠤᠵᠤ᠂ ᠶᠡᠷᠦᠩᠬᠡᠶ ᠬᠡᠮᠵᠢᠶ᠎ᠡ᠎ᠶ᠋ᠢ ᠨᠡᠮᠡᠭ᠌ᠳᠡᠭᠦᠯᠬᠦ᠌᠎ᠪᠡᠷ ᠪᠠᠷᠠᠬᠤ ᠥᠬᠡᠶ ᠨᠠᠩ ᠴᠤ᠌ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠶᠠᠰᠤ ᠴᠢᠨᠠᠷ᠎ᠢ ᠪᠦᠲᠦᠮᠵᠢᠲᠡᠶ ᠳᠡᠭᠡᠭ᠌ᠰᠢᠯᠡᠭᠦᠯᠬᠦ᠌ ᠪᠠ ᠲᠤᠭ᠎ᠠ ᠬᠡᠮᠵᠢᠶ᠎ᠡ᠎ᠶ᠋ᠢ ᠵᠣᠬᠢᠰᠲᠠᠶ ᠨᠡᠮᠡᠭ᠌ᠳᠡᠭᠦᠯᠬᠦ᠌᠎ᠶ᠋ᠢ ᠣᠷᠭᠠᠨᠢᠭ᠎ᠢᠶᠠᠷ ᠨᠢᠭᠡᠳᠭᠡᠬᠦ᠌ ᠬᠡᠷᠡᠭ᠌ᠲᠡᠶ᠃ ᠳᠣᠲᠣᠭᠠᠳᠤ ᠬᠡᠷᠡᠭ᠌ᠴᠡᠭᠡ ᠢᠯᠠᠩᠭᠤᠶ᠎ᠠ ᠬᠡᠷᠡᠭ᠌ᠯᠡᠭᠡ ᠵᠢᠨ ᠬᠡᠷᠡᠭ᠌ᠴᠡᠭᠡ᠎ᠶ᠋ᠢ ᠬᠦᠴᠦᠯᠡᠨ ᠥᠷᠭᠡᠳᠭᠡᠵᠦ᠍᠂ ᠭᠡᠳᠤ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠢ ᠰᠠᠢᠲᠤᠷ ᠬᠡᠷᠡᠭ᠌ᠯᠡᠵᠦ᠍᠂ ᠳᠣᠲᠣᠭᠠᠳᠤ ᠬᠡᠷᠡᠭ᠌ᠴᠡᠭᠡ᠎ᠶ᠋ᠢ ᠠᠵᠤ ᠠᠬᠤᠢ᠎ᠶ᠋ᠢᠨ ᠨᠡᠮᠡᠭ᠌ᠳᠡᠯ᠎ᠢ ᠳᠠᠢᠴᠢᠯᠠᠬᠤ ᠰᠠᠨᠠᠭᠠᠴᠢᠯᠠᠭᠠᠲᠤ ᠬᠦᠴᠦᠨ ᠪᠠ ᠲᠣᠭ᠍ᠲᠠᠪᠤᠷᠢᠵᠢᠭᠤᠯᠤᠭ᠍ᠴᠢ ᠪᠣᠯᠭᠠᠬᠤ ᠬᠡᠷᠡᠭᠳᠠᠢ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠨᠡ ᠬᠦ᠌ ᠵᠠᠩᠭᠢᠯᠠᠭ᠎ᠠ᠎ᠶ᠋ᠢ ᠬᠦᠴᠦᠯᠡᠨ ᠰᠠᠢᠲᠤᠷ ᠠᠳᠭᠤᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ᠎ᠤ ᠨᠢᠭᠡ ᠴᠣᠭ᠍ᠴᠠᠵᠢᠨ ᠬᠥᠭ᠌ᠵᠢᠬᠦ᠌᠎ᠶ᠋ᠢ ᠠᠬᠢᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠨ ᠬᠥᠭ᠌ᠵᠢᠭᠦᠯᠬᠦ ᠬᠡᠷᠡᠭᠳᠠᠢ᠃ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠬᠦᠴᠦᠯᠡᠨ ᠴᠢᠩᠭᠠᠳᠭᠠᠵᠤ᠂ ᠣᠷᠣᠨ ᠨᠤᠲᠤᠭ᠎ᠤᠨ ᠬᠠᠮᠠᠭᠠᠯᠠᠯᠲᠠ᠂ ᠵᠠᠬ᠎ᠠ ᠳᠡᠯᠭᠡᠭᠦᠷ᠎ᠦᠨ ᠬᠡᠰᠡᠭ᠌ᠯᠡᠯ ᠵᠡᠷᠭᠡ ᠠᠰᠠᠭᠤᠳᠠᠯ᠎ᠢ ᠰᠡᠷᠭᠡᠢᠯᠡᠨ ᠬᠣᠷᠢᠭ᠍ᠯᠠᠵᠤ᠂ ᠡᠯᠧᠮᠧᠨ᠋ᠲ᠎ᠦᠨ ᠡᠬᠢ ᠪᠠᠶᠠᠯᠢᠭ᠎ᠢ ᠥᠨᠳᠥᠷ ᠪᠦᠲᠦᠮᠵᠢᠲᠡᠢ᠎ᠪᠡᠷ ᠲᠤᠬᠢᠷᠠᠭᠤᠯᠬᠤ᠎ᠶ᠋ᠢ ᠠᠬᠢᠭᠤᠯᠬᠤ ᠬᠡᠷᠡᠭᠳᠠᠢ᠃ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠬᠦᠴᠦᠯᠡᠨ ᠰᠠᠢᠲᠤᠷ ᠰᠠᠬᠢᠵᠤ᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠴᠢᠨᠠᠷ ᠰᠠᠢᠲᠠᠢ ᠬᠥᠭ᠌ᠵᠢᠯᠲᠡ ᠪᠣᠯᠤᠨ ᠥᠨᠳᠥᠷ ᠲᠦᠪᠱᠢᠨ ᠪᠦᠬᠦᠢ ᠠᠮᠤᠷ ᠲᠦᠪᠱᠢᠨ᠎ᠦ ᠬᠠᠷᠢᠯᠴᠠᠨ ᠨᠢᠭᠡᠳᠦᠯᠲᠡᠢ ᠪᠠᠢᠬᠤ᠎ᠶ᠋ᠢ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠪᠠ᠃

ᠳ᠋ᠢᠩ ᠱᠢᠤᠸᠠᠢ ᠱᠢᠶᠠᠩ ᠯᠢᠶᠣᠤᠨᠢᠩ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠣᠯᠤᠭ᠍ᠰᠠᠨ ᠱᠢᠨ᠎ᠡ ᠠᠮᠵᠢᠯᠲᠠ ᠪᠦᠲᠦᠮᠵᠢ᠎ᠶ᠋ᠢ ᠭᠦᠢᠴᠡᠳ ᠨᠤᠲᠠᠯᠠᠵᠤ᠂ ᠯᠢᠶᠣᠤᠨᠢᠩ ᠮᠤᠵᠢ᠎ᠶ᠋ᠢᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠦᠬᠦ᠌ ᠲᠠᠯ᠎ᠠ᠎ᠪᠡᠷ ᠬᠦᠭᠵᠢᠭᠦᠯᠦᠨ ᠮᠠᠨᠳᠤᠭᠤᠯᠬᠤ ᠵᠢ ᠲᠦᠷᠭᠡᠨ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭᠳᠠᠢ᠃ ᠠᠵᠤ ᠠᠬᠤᠢ᠎ᠶ᠋ᠢᠨ ᠰᠡᠷᠭᠦᠨ ᠰᠠᠢᠵᠢᠷᠠᠬᠤ ᠬᠠᠨᠳᠤᠰᠢ᠎ᠶ᠋ᠢ ᠪᠡᠬᠢᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠣᠳᠠᠲᠠᠢ᠎ᠲᠠᠶ ᠤᠶᠠᠯᠳᠤᠭᠤᠯᠤᠨ ᠲᠦᠷᠦ᠍᠎ᠶ᠋ᠢᠨ ᠪᠤᠳᠤᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠵᠤ ᠂ ᠡᠯ᠎ᠡ ᠲᠠᠯ᠎ᠠ᠎ᠶ᠋ᠢᠨ ᠢᠳᠡᠪᠬᠢ ᠡᠯᠧᠮᠧᠨ᠋ᠲ᠎ᠢ ᠬᠥᠭ᠌ᠵᠢᠯᠲᠡ᠎ᠶ᠋ᠢᠨ ᠪᠣᠳᠠᠲᠤ ᠠᠮᠵᠢᠯᠲᠠ ᠪᠣᠯᠭᠠᠨ ᠬᠤᠪᠢᠷᠠᠭᠤᠯᠬᠤ᠎ᠪᠠᠷ ᠴᠢᠷᠮᠠᠢᠬᠤ ᠬᠡᠷᠡᠭ᠌ᠲᠡᠢ᠃ ᠱᠢᠨ᠎ᠡ ᠬᠠᠭᠤᠴᠢᠨ ᠬᠥᠳᠡᠯᠭᠡᠬᠦ ᠡᠨᠧᠷᠭᠢ᠎ᠶ᠋ᠢᠨ ᠦᠷᠭᠦᠯᠵᠢᠯᠡᠨ ᠰᠣᠯᠢᠭᠳᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠠᠮᠵᠢᠯᠠᠯᠲᠤ ᠠᠵᠤ ᠦᠢᠯᠡᠰ ᠪᠠ ᠱᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠲᠦᠷᠭᠡᠨ ᠪᠠᠢᠭᠤᠯᠬᠤ ᠬᠡᠷᠡᠭᠳᠠᠢ᠃ ᠬᠥᠳᠡᠯᠭᠡᠬᠦ᠌ ᠬᠦᠴᠦᠨ ᠪᠠ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠭᠣᠣᠯᠳᠠᠯᠭ᠎ᠠ᠎ᠲᠠᠶ ᠬᠦᠷᠢᠶᠡᠨ᠎ᠦ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠳᠣᠲᠣᠭᠠᠳᠤ ᠭᠠᠳᠠᠭᠠᠳᠤ ᠨᠡᠬᠡᠬᠡᠯᠳᠡ᠎ᠶ᠋ᠢᠨ ᠶᠡᠬᠡ ᠠᠵᠢᠯ᠎ᠢ ᠰᠠᠢᠲᠤᠷ ᠬᠢᠬᠦ᠌ ᠬᠡᠷᠡᠭ᠌ᠲᠡᠢ᠃ ᠣᠯᠠᠨ ᠲᠦᠮᠡᠨ᠎ᠦ ᠬᠦᠰᠡᠯ ᠡᠷᠡᠮᠡᠯᠵᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠵᠦ᠍᠂ ᠣᠯᠠᠨ ᠲᠦᠮᠡᠨ᠎ᠦ ᠬᠦᠴᠢᠷ ᠵᠣᠪᠠᠭᠤᠷᠢ᠎ᠶ᠋ᠢ ᠣᠨᠣᠪᠴᠢᠲᠠᠶ ᠪᠦᠲᠦᠮᠵᠢᠲᠡᠶ ᠱᠢᠶ᠋ᠳᠪᠦᠷᠢᠯᠡᠬᠦ ᠬᠡᠷᠡᠭᠳᠠᠢ᠃ ᠦᠵᠡᠰᠭᠦᠯᠡᠩᠲᠦ ᠰᠠᠢᠬᠠᠨ ᠯᠢᠶᠣᠤᠨᠢᠩ᠎ᠤᠨ ᠪᠦᠳᠦᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠵᠢ ᠪᠠᠭᠤᠷᠠᠭᠤᠯᠬᠤ ᠪᠣᠬᠢᠷᠲᠤᠯ᠎ᠢ ᠪᠠᠭᠠᠰᠭᠠᠬᠤ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌ ᠥᠰᠦᠯᠲᠡ ᠵᠢ ᠨᠡᠮᠡᠭᠳᠡᠭᠦᠯᠬᠦ ᠵᠢ ᠬᠠᠮᠵᠢᠯᠴᠠᠨ ᠠᠬᠢᠭᠤᠯᠬᠤ ᠬᠡᠷᠡᠭᠳᠠᠢ᠃ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢᠷᠡᠭᠦᠯᠵᠦ᠍᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠯᠢᠶᠣᠤᠨᠢᠩ ᠢ᠋ ᠪᠦᠬᠦ᠌ ᠲᠠᠯ᠎ᠠ ᠪᠡᠷ ᠬᠦᠭᠵᠢᠭᠦᠯᠦᠨ ᠮᠠᠨᠳᠤᠭᠤᠯᠬᠤ᠎ᠳᠤ ᠦᠨᠳᠦᠰᠦᠨ ᠪᠠᠲᠤᠯᠠᠭ᠎ᠠ ᠬᠠᠩᠭᠠᠬᠤ ᠵᠢ ᠬᠦᠰᠡᠪᠡ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 5 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面