2025-03-06 17:19:34

3 ᠰᠠᠷ᠎ᠠ᠎ᠶ᠋ᠢᠨ 5 ᠤ᠋ ᠦᠳᠡ᠎ᠶ᠋ᠢᠨ ᠡᠮᠦᠨ᠎ᠡ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠤᠭᠤᠲᠤ᠎ᠶ᠋ᠢᠨ ᠬᠣᠪᠣᠷ ᠱᠢᠷᠣᠢ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠡᠷᠬᠢᠯᠡᠭ᠌ᠴᠢ ᠰᠤᠳᠤᠯᠤᠭ᠍ᠴᠢ ᠶᠠᠨ ᠬᠣᠩ ᠸᠧᠢ ᠶᠡᠷᠦᠩᠬᠡᠢ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠲᠤᠬᠠᠢ᠎ᠶ᠋ᠢᠨ ᠲᠠᠯᠠᠪᠠᠢ᠎ᠳᠤ ᠰᠣᠨᠣᠰᠤᠭᠠᠳ ᠮᠠᠰᠢ ᠤᠷᠮᠠᠱᠢᠨ ᠵᠣᠷᠢᠭ᠍ᠵᠢᠪᠠ᠃
《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠤᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠱᠢᠨ᠎ᠡ ᠮᠠᠶᠢᠭ᠎ᠤᠨ ᠠᠵᠤ ᠦᠢᠯᠡᠳᠪᠦᠷᠢᠵᠢᠯᠲᠡ᠎ᠶ᠋ᠢ ᠶᠡᠬᠡᠪᠡᠷ ᠠᠬᠢᠭᠤᠯᠵᠤ᠂ ᠲᠡᠷᠢᠭᠦᠨ᠎ᠦ ᠦᠢᠯᠡᠳᠬᠦ᠌ ᠦᠢᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠤᠳᠤ ᠦᠶ᠎ᠡ᠎ᠶ᠋ᠢᠨ ᠦᠢᠯᠡᠴᠢᠯᠡᠭᠡᠨ᠎ᠦ ᠦᠢᠯᠡᠰ᠎ᠢ ᠢᠳᠡᠪᠬᠢᠲᠡᠢ ᠬᠥᠭ᠌ᠵᠢᠭᠦᠯᠦᠨ᠂ ᠱᠢᠨ᠎ᠡ ᠬᠥᠳᠡᠯᠭᠡᠭ᠌ᠴᠢ ᠡᠨᠧᠷᠭᠢ᠎ᠶ᠋ᠢᠨ ᠬᠤᠷᠠᠮᠳᠤᠨ ᠬᠥᠭ᠌ᠵᠢᠬᠦ᠌ ᠬᠠᠨᠳᠤᠰᠢ᠂ ᠤᠯᠠᠮᠵᠢᠯᠠᠯᠲᠤ ᠬᠥᠳᠡᠯᠭᠡᠭ᠌ᠴᠢ ᠡᠨᠧᠷᠭᠢ᠎ᠶ᠋ᠢᠨ ᠱᠢᠨ᠎ᠡ ᠲᠡᠰ ᠲᠡᠪᠱᠢᠯᠳᠡᠶ᠋ᠢ ᠠᠬᠢᠭᠤᠯᠤᠨ᠎ᠠ ᠭᠡᠵᠦ ᠳᠤᠷᠠᠳᠪᠠ᠃ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠰᠤᠳᠤᠯᠭᠠᠨ᠎ᠤ ᠬᠦᠷᠢᠶᠡᠨ᠎ᠳᠡᠬᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠪᠣᠯᠤᠭ᠍ᠰᠠᠨ᠎ᠤ ᠬᠤᠪᠢ᠎ᠳᠤ ᠥᠪᠡᠷ᠎ᠢᠶᠡᠨ ᠮᠠᠰᠢ ᠭᠦᠨ ᠲᠥᠷᠥᠭ᠌ᠳᠡᠯ᠎ᠲᠡᠶ ᠪᠠᠢᠨ᠎ᠠ 》 ᠭᠡᠵᠦ᠍ ᠶᠠᠨ ᠬᠣᠩ ᠸᠧᠢ ᠬᠡᠯᠡᠪᠡ᠃
ᠲᠡᠷᠡ᠂ ᠬᠡᠷᠬᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ ᠠᠵᠤ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠵᠤ᠂ ᠮᠠᠨ᠎ᠤ ᠤᠯᠤᠰ᠎ᠤᠨ ᠬᠣᠪᠣᠷ ᠱᠢᠷᠣᠢ᠎ᠶ᠋ᠢᠨ ᠠᠵᠤ ᠦᠢᠯᠡᠰ᠎ᠦᠨ ᠳᠡᠯᠡᠬᠡᠢ᠎ᠳᠡᠬᠢ ᠦᠷᠢᠰᠦᠯᠳᠦᠬᠦ᠌ ᠬᠦᠴᠦᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠪᠣᠯ ᠮᠢᠨᠤ ᠪᠣᠳᠣᠯᠬᠢᠯᠠᠭ᠍ᠰᠠᠭᠠᠷ ᠢᠷᠡᠭ᠌ᠰᠡᠨ ᠠᠰᠠᠭᠤᠳᠠᠯ ᠪᠣᠯᠤᠨ᠎ᠠ᠃ ᠬᠣᠪᠣᠷ ᠱᠢᠷᠣᠶ 《ᠤᠳᠤ ᠦᠶ᠎ᠡ᠎ᠶ᠋ᠢᠨ ᠠᠵᠤ ᠦᠶ᠋ᠯᠡᠳᠪᠦᠷᠢ᠎ᠶ᠋ᠢᠨ ᠸᠢᠲ᠋ᠠᠮᠢᠨ》 ᠬᠡᠮᠡᠭ᠌ᠳᠡᠪᠡ᠃ ᠮᠠᠨ᠎ᠤ ᠤᠯᠤᠰ ᠪᠣᠯ ᠳᠡᠯᠡᠬᠡᠶ᠎ᠶ᠋ᠢᠨ ᠨᠢᠭᠡᠳᠦᠭᠡᠷ ᠬᠣᠪᠣᠷ ᠱᠢᠷᠣᠶ᠎ᠶ᠋ᠢᠨ ᠬᠠᠳᠠᠭᠠᠯᠠᠭ᠍ᠳᠠᠴᠠ᠎ᠶ᠋ᠢᠨ ᠲᠣᠮᠣ ᠤᠯᠤᠰ ᠪᠠ ᠨᠢᠭᠡᠳᠦᠭᠡᠷ ᠦᠶ᠋ᠯᠡᠳᠪᠦᠷᠢᠯᠡᠯ᠎ᠦᠨ ᠲᠣᠮᠣ ᠤᠯᠤᠰ ᠪᠠᠢᠵᠦ᠂ ᠡᠭᠦᠨ᠎ᠳᠦ ᠮᠠᠨ᠎ᠤ ᠣᠷᠣᠨ᠎ᠤ ᠪᠤᠭᠤᠲᠤ ᠬᠣᠲᠠ᠎ᠳᠤ ᠪᠥᠬᠥ᠌ ᠤᠯᠤᠰ᠎ᠤᠨ 83.7%᠂ ᠪᠥᠬᠥ᠌ ᠳᠡᠯᠡᠬᠡᠶ᠎ᠶ᠋ᠢᠨ 37.8% ᠶ᠋ᠢᠨ ᠬᠠᠳᠠᠭᠠᠯᠠᠭ᠍ᠳᠠᠴᠠ᠎ᠲᠠᠶ᠃ ᠬᠣᠪᠣᠷ ᠱᠢᠷᠣᠶ᠎ᠶ᠋ᠢᠨ ᠠᠵᠤ ᠦᠶ᠋ᠯᠡᠰ ᠪᠣᠯ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠬᠰᠡᠨ ᠠᠵᠤ ᠦᠶ᠋ᠯᠡᠰ᠎ᠦᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠮᠥᠨ ᠴᠦ᠍ ᠡᠬᠢᠨ᠎ᠤ ᠦᠢᠯᠡᠳᠭᠦᠨ ᠪᠠ ᠡᠴᠦᠰ᠎ᠤᠨ ᠦᠢᠯᠡᠳᠭᠦᠨᠯᠤᠭᠡ ᠨᠢᠭ᠍ᠲᠠ ᠬᠣᠯᠪᠣᠭ᠍ᠳᠠᠬᠤ᠂ ᠬᠡᠷᠡᠭ᠌ᠯᠡᠭᠡᠨ᠎ᠦ ᠬᠦᠷᠢᠶ᠎ᠡ ᠬᠡᠪᠴᠢᠶ᠎ᠡ ᠨᠢ ᠠᠵᠤ ᠠᠬᠤᠶᠪᠠ ᠠᠮᠢᠳᠤᠷᠠᠯ᠎ᠤᠨ ᠲᠠᠯ᠎ᠠ ᠪᠦᠬᠦᠨ᠎ᠳᠦ ᠬᠣᠯᠪᠣᠭ᠍ᠳᠠᠬᠤ ᠠᠵᠤ ᠦᠶ᠋ᠯᠡᠰ ᠪᠣᠯᠤᠨ᠎ᠠ ᠭᠡᠵᠤ ᠢᠯᠡᠳᠭᠡᠪᠡ᠃
ᠲᠡᠷᠡ᠂ ᠬᠣᠪᠣᠷ ᠱᠢᠷᠣᠶ᠎ᠶ᠋ᠢᠨ ᠠᠵᠤ ᠦᠶ᠋ᠯᠡᠰ ᠨᠢ ᠤᠢᠷ᠎ᠡ᠎ᠶ᠋ᠢᠨ ᠵᠢᠯ᠎ᠦᠨ ᠬᠥᠭ᠌ᠵᠢᠯᠲᠡ ᠮᠠᠰᠢ ᠲᠦᠷᠭᠡᠨ ᠪᠠᠢᠭ᠎ᠠ ᠵᠣᠬᠢᠶᠠᠮᠠᠯ ᠣᠶᠤᠨ ᠴᠢᠳᠠᠪᠤᠷᠢ᠎ᠶ᠋ᠢᠨ ᠮᠡᠷᠭᠡᠵᠢᠯ᠎ᠲᠡᠶ ᠤᠶᠠᠯᠳᠤᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠬᠦᠴᠤᠨ ᠣᠯᠭᠣᠬᠤ ᠱᠢᠨ᠎ᠡ ᠠᠷᠭ᠎ᠠ ᠵᠠᠮ ᠵᠢᠡᠷ ᠲᠤᠷᠱᠢᠨ ᠵᠠᠮᠨᠠᠵᠤ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠠᠵᠤ ᠦᠶ᠋ᠯᠡᠰ᠎ᠦᠨ ᠪᠥᠬᠥ᠌ ᠲᠠᠯ᠎ᠠ᠎ᠪᠠᠷ ᠱᠢᠨ᠎ᠡ᠎ᠶ᠋ᠢ ᠡᠭᠦᠳᠬᠦ᠌᠎ᠶ᠋ᠢ ᠳᠠᠢᠴᠢᠯᠠᠵᠤ᠂ ᠵᠣᠬᠢᠶᠠᠮᠠᠯ ᠣᠶᠤᠨ ᠴᠢᠳᠠᠪᠤᠷᠢ ᠪᠣᠯᠤᠨ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠮᠡᠳᠡᠭᠡ ᠵᠠᠩᠭᠢ᠎ᠶ᠋ᠢᠨ ᠡᠷᠭᠢᠯᠲᠡ᠎ᠳᠦ ᠣᠷᠣᠬᠤ᠎ᠶ᠋ᠢ ᠪᠡᠶᠡᠯᠡᠭᠦᠯᠵᠤ᠂ ᠪᠠᠷᠠᠭᠠᠨ᠎ᠤ ᠭᠦᠢᠯᠭᠡᠭᠡ᠎ᠶᠢᠨ ᠲᠣᠬᠢᠷᠠᠭᠤᠯᠤᠯᠲᠠ᠂ ᠦᠢᠯᠡᠳᠪᠦᠷᠢᠯᠡᠯ᠂ ᠬᠠᠮᠢᠶᠠᠷᠤᠯᠲᠠ᠎ᠶ᠋ᠢᠨ ᠱᠢᠶ᠋ᠳᠪᠦᠷᠢᠲᠦ ᠪᠣᠳᠣᠯᠭ᠎ᠠ ᠵᠡᠷᠭᠡ ᠪᠦᠬᠦ᠌ ᠭᠣᠭ᠍ᠴᠣᠭ᠎ᠠ᠎ᠶ᠋ᠢᠨ ᠭᠦᠨᠵᠡᠭᠡᠶ ᠠᠭᠤᠰᠤᠯᠴᠠᠯ ᠢ᠋ ᠪᠠᠶᠠᠯᠡᠬᠦᠯᠵᠤ᠂ ᠬᠣᠪᠣᠷ ᠱᠢᠷᠣᠶ᠎ᠶ᠋ᠢᠨ ᠬᠡᠷᠡᠭ᠌ᠯᠡᠭᠡᠨ᠎ᠦ ᠰᠤᠳᠤᠯᠭᠠᠨ᠎ᠢ ᠴᠢᠩᠭᠠᠳᠭᠠᠬᠤ᠎ᠪᠠᠷ ᠳᠠᠮᠵᠢᠨ 《ᠬᠣᠪᠣᠷ ᠱᠢᠷᠣᠶ +》 ᠠᠵᠤ ᠦᠶ᠋ᠯᠡᠰ᠎ᠦᠨ ᠬᠣᠯᠪᠣᠯᠳᠤᠨ ᠬᠥᠭ᠌ᠵᠢᠬᠦ᠌ ᠣᠷᠣᠨ ᠵᠠᠶ᠎ᠶ᠋ᠢ ᠥᠷᠭᠡᠳᠭᠡᠬᠦ᠌ ᠵᠡᠷᠭᠡ ᠠᠯᠢ ᠣᠯᠠᠨ ᠪᠣᠳᠠᠲᠤ ᠪᠦᠲᠦᠮᠵᠢᠲᠦ ᠴᠢᠨᠠᠷᠲᠠᠶ ᠠᠷᠭ᠎ᠠ ᠬᠡᠮᠵᠢᠶ᠎ᠡ ᠨᠢ ᠨᠠᠩ ᠣᠯᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠲᠤᠷᠱᠢᠯᠲᠠ᠎ᠶ᠋ᠢᠨ ᠲᠠᠰᠤᠭ᠎ᠡᠴᠡ ᠲᠣᠮᠣ ᠵᠠᠬ᠎ᠠ ᠳᠡᠯᠭᠡᠭᠦᠷ᠎ᠲᠦ ᠭᠠᠷᠭᠠᠵᠤ᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠨᠠᠩ ᠣᠯᠠᠨ ᠠᠵᠠ ᠲᠣᠬᠢᠶᠠᠯ ᠪᠠ ᠬᠢᠵᠠᠭᠠᠯᠠᠰᠢ ᠥᠬᠡᠶ ᠪᠣᠯᠤᠯᠴᠠᠭ᠎ᠠ ᠬᠠᠩᠭᠠᠪᠡᠯ ᠵᠤᠬᠢᠨ᠎ᠠ ᠭᠡᠵᠤ ᠦᠵᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃