2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-06 10:16:53

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠶᠡᠷᠦᠩᠬᠡᠢ ᠱᠦᠵᠢ ᠰᠢ ᠵᠢᠨ ᠫᠢᠩ᠎ᠦᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠥᠪᠥᠷ ᠮᠣᠩᠭᠣᠯ᠎ᠳᠤ ᠬᠠᠯᠠᠭᠤᠨ ᠲᠤᠰᠭᠠᠯ ᠭᠠᠷᠪᠠ


3 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠥᠪᠥᠷ ᠮᠣᠩᠭᠣᠯ᠎ᠳᠤ ᠬᠠᠯᠠᠭᠤᠨ ᠲᠤᠰᠭᠠᠯ ᠭᠠᠷᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠣᠯᠤᠨ ᠪᠦᠬᠦ᠌ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ᠂ ᠬᠦᠨᠳᠦ ᠡᠭᠦᠷᠭᠡ᠎ᠶ᠋ᠢ ᠵᠣᠷᠢᠭ᠍ᠲᠠᠢ ᠡᠭᠦᠷᠭᠡᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠪᠦᠯᠬᠦᠮᠳᠡᠨ ᠲᠡᠮᠡᠴᠡᠵᠦ᠍᠂ ᠵᠠᠮ ᠨᠡᠭᠡᠭᠡᠨ ᠱᠢᠨ᠎ᠡ᠎ᠶ᠋ᠢ ᠡᠭᠦᠳᠴᠦ᠍᠂ ᠥᠷᠯᠥᠭᠡ ᠦᠳᠡᠰᠢ᠎ᠶ᠋ᠢ ᠲᠡᠮᠡᠴᠡᠬᠦ᠌ ᠵᠣᠷᠢᠭ ᠰᠠᠨᠠᠭᠠᠨ᠎ᠤ ᠲᠦᠷᠰᠦ ᠪᠠᠢᠳᠠᠯ᠎ᠢᠶᠡᠷ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠵᠢᠯᠣᠭᠣᠳᠭᠤ ᠪᠣᠳᠠᠲᠤ ᠦᠢᠯᠡᠳᠦᠯᠭᠡ ᠪᠣᠯᠭᠠᠨ ᠬᠤᠪᠢᠷᠠᠭᠤᠯᠤᠨ᠎ᠠ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃

ᠡᠬᠢ ᠪᠠᠶᠠᠯᠢᠭ᠎ᠤᠨ ᠡᠯᠧᠮᠧᠨ᠋ᠲ᠎ᠢ ᠨᠡᠢᠳᠭᠡᠵᠦ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠮᠸᠩ ᠨᠢᠦ ᠰᠦ᠎ᠶ᠋ᠢᠨ ᠦᠢᠯᠡᠰ (ᠪᠦᠯᠦᠭ᠌ᠯᠡᠯ) ᠤ᠋ᠨ ᠬᠤᠪᠢᠴᠠᠭᠠᠲᠤ ᠬᠢᠵᠠᠭᠠᠷᠲᠤ ᠺᠣᠮᠫᠠᠨᠢ᠎ᠶ᠋ᠢᠨ ᠪᠦᠬᠦ᠌ ᠪᠥᠮᠪᠥᠷᠴᠡᠭ᠎ᠦᠨ ᠰᠤᠳᠤᠯᠤᠨ ᠨᠡᠬᠡᠬᠡᠨ ᠱᠢᠨ᠎ᠡ᠎ᠶ᠋ᠢ ᠡᠭᠦᠳᠬᠦ᠌ ᠲᠥᠪ᠎ᠦᠨ ᠰᠤᠳᠤᠯᠤᠨ ᠨᠡᠭᠡᠭᠡᠬᠦ᠌ ᠶᠡᠷᠦᠩᠬᠡᠢ ᠬᠢᠨᠠᠬᠴᠢ ᠱ᠌ᠢ ᠢᠦᠢ ᠳ᠋ᠦᠩ᠄ 《ᠶᠡᠷᠦᠩᠬᠡᠢ ᠱᠦᠵᠢ ᠰᠢ ᠵᠢᠨ ᠫᠢᠩ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠮᠠᠰᠢ ᠵᠣᠷᠢᠭ᠍ᠵᠢᠵᠤ ᠪᠠᠢᠨ᠎ᠠ᠃ ᠪᠢᠳᠡ ᠶᠠᠭ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠵᠢᠯᠣᠭᠣᠳᠣᠯᠭ᠎ᠠ ᠳᠤᠤᠷ᠎ᠠ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠡᠭᠡᠳᠦ ᠲᠠᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠲᠠᠶ ᠬᠠᠮᠲᠤᠷᠠᠨ ᠱᠢᠨ᠎ᠡ᠎ᠶ᠋ᠢ ᠡᠭᠦᠳᠬᠦ᠌ ᠲᠠᠪᠴᠠᠩ᠎ᠢ ᠪᠠᠢᠭᠤᠯᠵᠤ᠂ ᠰᠦ ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠠᠬᠢᠭᠤᠯᠵᠤ ᠪᠠᠢᠨ᠎ᠠ᠃ ᠪᠢᠳᠡ ᠯᠠᠪᠲᠠᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠷᠴᠢᠮ᠎ᠢᠶᠡᠨ ᠴᠢᠩᠭᠠᠷᠠᠭᠤᠯᠵᠤ᠂ ᠱᠢᠨ᠎ᠡ᠎ᠶ᠋ᠢ ᠡᠭᠦᠳᠬᠦ᠌ ᠬᠡᠯᠬᠢᠶ᠎ᠡ ᠪᠣᠯᠤᠨ ᠠᠵᠤ ᠦᠶ᠋ᠯᠡᠰ᠎ᠦᠨ ᠬᠡᠯᠬᠢᠶ᠎ᠡ᠎ᠶ᠋ᠢ ᠨᠢᠭ᠍ᠲᠠ ᠵᠣᠯᠭᠠᠭᠤᠯᠬᠤ᠎ᠶ᠋ᠢ ᠪᠡᠶᠡᠯᠡᠭᠦᠯᠦᠨ᠎ᠡ》 ᠭᠡᠵᠡᠢ᠃

ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠨᠢ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠰᠦ ᠵᠢᠨ ᠦᠶ᠋ᠯᠡᠰ᠎ᠦᠨ ᠳᠡᠭᠡᠳᠦ ᠰᠤᠷᠭᠠᠭᠤᠯᠢ᠎ᠶ᠋ᠢᠨ ᠵᠠᠬᠢᠷᠤᠯ᠂ ᠴᠠᠭᠠᠨ ᠢᠳᠡᠭᠡᠨ᠎ᠦ ᠠᠮᠢᠳᠤ ᠪᠣᠳᠠᠰ᠎ᠤᠨ ᠮᠡᠷᠭᠡᠵᠢᠯ ᠬᠢᠭᠡᠳ ᠢᠨᠵᠧᠨᠧᠷᠢᠩ᠎ᠦᠨ ᠰᠤᠷᠭᠠᠨ ᠬᠥᠮᠦᠵᠢᠯ᠎ᠦᠨ ᠬᠡᠯᠳᠡᠰ ᠤ᠋ᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠤᠨ ᠳᠡᠳ᠋ ᠡᠷᠬᠢᠯᠡᠭ᠌ᠴᠢ ᠰᠦᠨ ᡁᠢ ᠬᠣᠩ᠎ᠢ ᠶᠡᠬᠡᠳᠡ ᠵᠣᠷᠢᠭ᠍ᠵᠢᠭᠤᠯᠪᠠ᠃ ᠲᠡᠷᠡ᠄ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠵᠠᠩᠭᠢᠯᠠᠭ᠎ᠠ᠎ᠶ᠋ᠢᠨ ᠬᠦᠴᠦᠨ ᠮᠥᠨ᠂ ᠴᠢᠳᠠᠪᠤᠷᠢᠲᠠᠨ ᠪᠣᠯ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠡᠷᠬᠢᠮ ᠨᠠᠨᠳᠢᠨ ᠡᠬᠢ ᠪᠠᠶᠠᠯᠢᠭ ᠮᠥᠨ᠃ ᠲᠠᠷᠠᠭᠠᠴᠢ᠎ᠶ᠋ᠢᠨ ᠠᠯᠬᠤᠮ᠎ᠳᠤ ᠪᠢᠳᠡ ᠬᠠᠮᠢᠶ᠎ᠠ ᠪᠥᠬᠥᠶ ᠬᠦᠷᠢᠶᠡᠨ᠎ᠳᠡᠬᠢ ᠤᠯᠤᠰ᠎ᠤᠨ 〈ᠬᠤᠤᠰ ᠲᠡᠷᠢᠭᠦᠨ ᠵᠡᠷᠬᠡ〉 ᠵᠢᠨ ᠱᠢᠨᠵᠢᠯᠡᠭᠡᠨ᠎ᠦ ᠰᠠᠯᠠᠭ᠎ᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ 〈ᠤᠢᠯᠡᠳᠪᠤᠷᠢᠯᠡᠯ ᠵᠢᠭᠠᠨ ᠰᠤᠷᠭᠠᠯᠳᠠ ᠰᠤᠳᠤᠯᠭᠠᠨ ᠬᠡᠷᠡᠭᠯᠡᠯᠳᠡ〉 ᠵᠢᠨ ᠴᠢᠳᠠᠪᠤᠷᠢᠲᠠᠨ᠎ᠢ ᠬᠥᠮᠦᠵᠢᠭᠦᠯᠬᠦ᠌ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠤᠯᠤᠰ᠎ᠤᠨ ᠲᠠᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠤᠨ ᠪᠠᠢᠭᠤᠯᠤᠯᠲᠠ᠎ᠶ᠋ᠢ ᠠᠬᠢᠭᠤᠯᠵᠤ᠂ ᠰᠦᠨ ᠬᠦᠴᠢᠯ᠎ᠦᠨ ᠪᠠᠺᠲ᠋ᠧᠷᠢ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ ᠴᠢᠬᠤᠯᠠᠲᠠᠶ ᠪᠠᠢᠨ᠎ᠠ》 ᠭᠡᠪᠡ᠃

ᠥᠪᠥᠷ ᠮᠣᠩᠭᠣᠯ᠎ᠤᠨ ᠬᠣᠷᠢᠨᠭᠡᠷ ᠱᠢᠨ᠎ᠡ ᠲᠣᠭᠣᠷᠢᠭ᠎ᠤᠨ ᠴᠢᠳᠠᠪᠤᠷᠢᠲᠠᠨ᠎ᠤ ᠦᠢᠯᠡᠴᠢᠯᠡᠭᠡᠨ᠎ᠦ ᠲᠥᠪ᠎ᠦᠨ ᠡᠷᠬᠢᠯᠡᠭ᠌ᠴᠢ ᠺᠠᠩ ᠶᠦᠨ ᠫᠸᠩ᠂ ᠬᠣᠷᠢᠨᠭᠡᠷ ᠱᠢᠨ᠎ᠡ ᠲᠣᠭᠣᠷᠢᠭ ᠤ᠋ᠨ ᠬᠢᠨ ᠤᠯᠤᠰ᠎ᠤᠨ ᠲᠡᠰ᠎ᠤᠨ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠦᠢᠯᠡᠴᠢᠯᠡᠭᠡᠨ᠎ᠦ ᠠᠵᠤ ᠦᠢᠯᠡᠰ᠎ᠦᠨ ᠬᠦᠷᠢᠶᠡᠯᠡᠩ᠎ᠢᠶᠡᠷ ᠭᠤᠶᠤᠴᠢᠯᠠᠨ ᠮᠡᠳᠡᠭᠦᠯᠵᠦ᠍᠂ ᠵᠢᠦᠢ ᠶᠢᠩ ᠬᠥᠮᠦᠨ᠎ᠦ ᠬᠦᠴᠦᠨ ᠤ᠋ ᠺᠤᠮᠫᠠᠨᠢ ᠵᠡᠷᠭᠡ 10 ᠭᠠᠷᠤᠢ ᠲᠠᠭᠠᠭᠤᠯᠤᠬᠴᠢ ᠠᠵᠤ ᠠᠬᠤᠢᠯᠠᠯ᠎ᠤᠨ ᠱᠢᠨ᠎ᠡ ᠲᠣᠭᠣᠷᠢᠭ᠎ᠲᠤ ᠨᠤᠳᠤᠬᠰᠢᠬᠤ᠎ᠶ᠋ᠢ ᠲᠦᠷᠭᠡᠳᠭᠡᠨ ᠠᠬᠢᠭᠤᠯᠤᠨ᠎ᠠ ᠭᠡᠪᠡ; 《ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭ᠎ᠠ》᠎ᠶ᠋ᠢ ᠬᠡᠷᠡᠭ᠌ᠵᠢᠭᠦᠯᠦᠨ᠂ ᠪᠦᠬᠦ᠌ ᠵᠢᠯ᠎ᠳᠦ 12 ᠴᠢᠳᠠᠪᠤᠷᠢᠲᠠᠨ᠎ᠤ ᠪᠦᠯᠬᠦᠮ᠂ ᠡᠯ᠎ᠡ ᠲᠥᠷᠥᠯ᠎ᠦᠨ 1500 ᠭᠠᠷᠤᠢ ᠴᠢᠳᠠᠪᠤᠷᠢᠲᠠᠨ᠎ᠢ ᠱᠢᠨ᠎ᠡ᠎ᠪᠡᠷ ᠣᠷᠣᠭᠤᠯᠤᠨ ᠠᠪᠴᠢᠷᠠᠵᠤ᠂ ᠪᠤᠳᠤᠯᠳᠠ ᠵᠢᠨ ᠬᠦᠴᠦᠨ ᠤ᠋ ᠠᠵᠤ ᠦᠢᠯᠡᠰ ᠤ᠋ᠨ ᠲᠦᠮᠡ ᠭᠠᠷᠤᠢ ᠠᠵᠢᠯ᠎ᠤᠨ ᠪᠠᠢᠷᠢ᠎ᠶ᠋ᠢ ᠱᠢᠨ᠎ᠡ᠎ᠪᠡᠷ ᠨᠡᠮᠡᠭ᠌ᠳᠡᠭᠦᠯᠦᠨ᠂ 3 ᠲᠦᠮᠡ᠎ᠡᠴᠡ ᠳᠡᠭᠡᠭ᠌ᠰᠢ ᠬᠥᠮᠦᠨ᠎ᠳᠦ ᠠᠵᠢᠯ ᠣᠯᠭᠣᠬᠤ ᠪᠡᠷ ᠴᠢᠷᠮᠠᠢᠵᠤ᠂ ᠠᠵᠤ ᠦᠢᠯᠡᠰ᠎ᠦᠨ ᠬᠥᠭ᠌ᠵᠢᠯᠲᠡ᠎ᠳᠦ ᠬᠦᠴᠦᠲᠡᠢ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠨ᠎ᠠ ᠭᠡᠪᠡ᠃

ᠥᠪᠥᠷ ᠮᠣᠩᠭᠣᠯ᠎ᠤᠨ ᠨᠢᠭᠡᠳᠦᠭᠡᠷ ᠮᠠᠱᠢᠨ ᠮᠧᠬᠠᠨᠢᠭ᠎ᠤᠨ ᠪᠦᠯᠦᠭ᠌ᠯᠡᠯ᠎ᠦᠨ ᠶᠡᠷᠦᠩᠬᠡᠢ ᠳᠠᠭᠠᠭᠠᠮᠠᠯ᠎ᠤᠨ ᠲᠤᠰᠠᠯᠠᠭ᠍ᠴᠢ ᠪᠥᠭᠡᠳ ᠨᠠᠮ᠎ᠤᠨ ᠬᠣᠷᠢᠶ᠎ᠠ ᠵᠢᠨ ᠠᠵᠢᠯ᠎ᠤᠨ ᠬᠡᠯᠲᠡᠰ᠎ᠦᠨ ᠳᠠᠷᠤᠭ᠎ᠠ ᠵᠤᠤ ᠶᠣᠣ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠱᠢᠨ᠎ᠡ᠎ᠶ᠋ᠢ ᠡᠭᠦᠳᠬᠦ᠌ ᠬᠡᠯᠬᠢᠶ᠎ᠠ ᠪᠠ ᠠᠵᠤ ᠦᠢᠯᠡᠰ᠎ᠦᠨ ᠬᠡᠯᠬᠢᠶ᠎ᠠ᠎ᠶ᠋ᠢᠨ ᠬᠠᠷᠢᠴᠠᠭ᠎ᠠ᠎ᠶ᠋ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠬᠤ᠎ᠶ᠋ᠢ ᠣᠨᠴᠠᠭᠠᠢᠯᠠᠨ ᠴᠢᠬᠤᠯᠠᠴᠢᠯᠠᠵᠤ᠂ ᠨᠠᠮᠠᠢ᠍ᠢ ᠲᠤᠢᠯ᠎ᠢᠶᠠᠷ ᠤᠷᠮᠠᠱᠢᠭᠤᠯᠤᠭ᠍ᠰᠠᠨ ᠪᠥᠭᠡᠳ ᠬᠠᠷᠢᠭᠤᠴᠠᠯᠭ᠎ᠠ ᠬᠦᠨᠳᠦ ᠶᠡᠬᠡ ᠬᠡᠳᠡᠭ᠎ᠢ ᠭᠦᠨᠵᠡᠭᠡᠢ ᠮᠡᠳᠡᠷᠡᠬᠦᠯᠪᠡ ᠭᠡᠵᠤ ᠢᠯᠡᠳᠭᠡᠪᠡ᠃ ᠲᠡᠷᠡ᠄ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠤᠯᠤᠰ᠎ᠤᠨ ᠠᠩᠭᠢ ᠪᠣᠯᠤᠭ᠍ᠰᠠᠨ᠎ᠤ ᠬᠤᠪᠢ᠎ᠳᠤ ᠪᠢᠳᠡ ᠬᠡᠬᠦᠳᠡᠭ ᠴᠡᠭᠡᠵᠢᠨ᠎ᠳᠡᠭᠡᠨ ᠤᠯᠤᠰ ᠤ᠋ᠨ ᠶᠡᠬᠡ ᠶᠠᠪᠤᠳᠠᠯ ᠢ᠋ ᠪᠠᠭ᠍ᠲᠠᠭᠠᠵᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠲᠤᠭᠤᠰᠢᠯᠠᠭᠤᠯᠤᠨ᠎ᠠ》 ᠭᠡᠪᠡ᠃

ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠤᠯᠠᠭᠠᠨᠬᠠᠳᠠ ᠬᠣᠲᠠ᠎ᠶ᠋ᠢᠨ ᠶᠤᠸᠠᠨ ᠪᠦᠦ ᠱᠠᠨ ᠲᠣᠭᠣᠷᠢᠭ᠎ᠤᠨ ᠥᠪᠥᠷ ᠮᠣᠩᠭᠣᠯ᠎ᠤᠨ ᠬᠥᠬᠡᠮᠳᠦᠭ ᠨᠣᠭᠣᠭᠠᠨ ᠠᠭᠤᠯᠠ ᠤᠰᠤ ᠲᠠᠷᠢᠶᠠᠯᠠᠩ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠢᠦᠶ ᠴᠢᠩ ᠯᠢ᠎ᠳᠦ ᠭᠦᠨᠵᠡᠭᠡᠶ ᠰᠡᠩᠬᠡᠷᠡᠭᠦᠯᠦᠯ ᠪᠠ ᠬᠢᠵᠠᠭᠠᠯᠠᠰᠢ ᠥᠬᠡᠶ ᠬᠥᠳᠡᠯᠭᠡᠬᠦ᠌ ᠬᠦᠴᠦᠨ ᠣᠯᠭᠣᠭ᠍ᠰᠠᠨ ᠪᠠᠢᠨ᠎ᠠ᠃ ᠲᠡᠷᠡ᠄ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠠᠮᠤ ᠪᠤᠳᠠᠭᠠᠨ᠎ᠤ ᠠᠮᠤᠷ ᠲᠦᠪᠱᠢᠨ᠎ᠢ ᠬᠠᠮᠠᠭᠠᠯᠠᠬᠤ ᠪᠠᠮᠪᠠᠢ ᠮᠥᠨ᠃ ᠤᠯᠤᠰ᠎ᠤᠨ ᠲᠠᠰ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠪᠠ ᠲᠡᠵᠢᠭᠡᠯ ᠪᠣᠷᠳᠣᠭ᠎ᠠ ᠪᠣᠯᠪᠠᠰᠤᠷᠠᠭᠤᠯᠬᠤ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ ᠪᠢᠳᠡ ᠶᠠᠭ ᠲᠡᠵᠢᠭᠡᠯ ᠪᠣᠷᠳᠣᠭᠠᠨ᠎ᠤ ᠱᠢᠮ᠎ᠡ ᠲᠡᠵᠢᠭᠡᠯ᠎ᠦᠨ ᠲᠣᠮᠣ ᠳ᠋ᠠᠢᠲ᠋ᠠ᠎ᠶ᠋ᠢᠨ ᠵᠠᠭ᠍ᠪᠤᠷ᠎ᠢ ᠪᠠᠢᠭᠤᠯᠵᠤ᠂ ᠭᠡᠳᠡᠰᠦᠨ᠎ᠦ ᠮᠢᠺᠷᠣᠪ᠎ᠤᠨ ᠪᠦᠯᠦᠭ᠎ᠦᠨ ᠤᠬᠠᠭᠠᠨ᠎ᠤ ᠰᠤᠳᠤᠯᠭᠠᠨ᠎ᠲᠠᠶ ᠤᠶᠠᠯᠳᠤᠭᠤᠯᠤᠨ ᠲᠡᠵᠢᠭᠡᠯ ᠪᠣᠷᠳᠣᠭ᠎ᠠ ᠨᠢᠭᠡ ᠪᠦᠷᠢ᠎ᠶ᠋ᠢ ᠴᠥᠮ ᠨᠠᠷᠢᠨ ᠣᠨᠣᠪᠴᠢᠲᠠᠶ ᠱᠢᠮ᠎ᠡ ᠲᠡᠵᠢᠭᠡᠯ᠎ᠦᠨ ᠠᠴᠢᠶᠠᠯᠠᠪᠦᠷᠢ ᠪᠣᠯᠭᠠᠵᠤ ᠪᠠᠢᠨ᠎ᠠ᠃ ᠡᠭᠦᠨ᠎ᠦ ᠬᠠᠮᠲᠤ᠂ ᠪᠢᠳᠡ ᠠᠺᠠᠳᠧᠮᠢᠴᠢ᠎ᠶ᠋ᠢᠨ ᠪᠦᠯᠬᠦᠮ᠎ᠲᠡᠶ ᠬᠠᠮᠲᠤᠷᠠᠨ ᠱᠢᠨ᠎ᠡ ᠮᠡᠷᠭᠡᠵᠢᠯ᠎ᠢ ᠨᠡᠭᠡᠭᠡᠨ ᠬᠥᠭ᠌ᠵᠢᠭᠦᠯᠵᠦ᠍᠂ ᠤᠯᠠᠮᠵᠢᠯᠠᠯᠲᠤ ᠬᠠᠶᠠᠭ᠍ᠳᠠᠮᠠᠯ ᠪᠣᠳᠠᠰ᠎ᠢ ᠥᠨᠳᠥᠷ ᠨᠡᠮᠡᠯᠲᠡ ᠥᠷᠲᠡᠭ᠌ᠲᠦ ᠪᠣᠷᠳᠣᠭ᠎ᠠ᠎ᠶ᠋ᠢᠨ ᠲᠦᠭᠦᠬᠡᠶ ᠮᠠᠲ᠋ᠧᠷᠢᠶᠠᠯ ᠪᠣᠯᠭᠠᠨ ᠬᠤᠪᠢᠷᠠᠭᠤᠯᠪᠠ᠃ ᠢᠷᠡᠭᠡᠳᠦᠶ᠎ᠳᠦ ᠪᠢᠳᠡ ᠦᠷᠭᠦᠯᠵᠢᠯᠡᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠲᠡᠵᠢᠭᠡᠯ ᠪᠣᠷᠳᠣᠭᠠᠨ᠎ᠤ ᠥᠷᠲᠡᠭ᠎ᠦᠨ ᠬᠡᠯᠬᠢᠶ᠎ᠡ᠎ᠶ᠋ᠢ ᠳᠠᠬᠢᠨ ᠴᠣᠭ᠍ᠴᠠᠯᠠᠵᠤ᠂ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢ ᠲᠤᠷᠱᠢᠯᠲᠠ᠎ᠶ᠋ᠢᠨ ᠲᠠᠰᠤᠭ᠎ᠡᠴᠡ ᠲᠠᠷᠢᠶᠠᠨ ᠭᠠᠵᠠᠷ᠎ᠲᠤ ᠱᠢᠯᠵᠢᠭᠦᠯᠵᠦ᠍᠂ ᠮᠠᠯᠴᠢᠨ ᠲᠠᠷᠢᠶᠠᠴᠢᠨ᠎ᠤ ᠭᠠᠷ᠎ᠲᠠᠬᠢ ᠵᠢᠩᠬᠢᠨᠢ ᠠᠯᠲᠠ ᠮᠥᠩᠭᠥ᠌ ᠪᠣᠯᠭᠠᠨ ᠬᠤᠪᠢᠷᠠᠭᠤᠯᠤᠨ᠎ᠠ》 ᠭᠡᠵᠦ ᠬᠡᠯᠡᠪᠡ᠃

ᠪᠣᠳᠠᠲᠠᠶ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠵᠢ ᠪᠠᠳᠤ ᠦᠢᠯᠡᠳᠦᠯᠬᠡᠵᠢᠬᠦᠯᠵᠥ᠍ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠤᠨ᠎ᠠ

ᠵᠢᠷᠤᠭ ᠲᠥᠰᠦᠪ᠎ᠢ ᠨᠢᠭᠡᠨᠲᠡ ᠵᠢᠷᠤᠭ᠍ᠯᠠᠵᠤ᠂ ᠡᠷᠡᠯᠬᠡᠭ᠌ᠯᠡᠨ ᠤᠷᠤᠭ᠍ᠰᠢᠯᠠᠬᠤ ᠴᠠᠭ ᠪᠣᠯᠵᠠᠢ᠃ ᠬᠥᠯᠥᠨ ᠪᠤᠢ᠌ᠷ᠎ᠤᠨ ᠠᠲᠠᠷ ᠬᠠᠭᠠᠯᠪᠤᠷᠢᠯᠠᠯᠲᠠ᠎ᠶ᠋ᠢᠨ ᠭᠸᠨᠢ ᠭᠣᠣᠯ ᠲᠠᠷᠢᠶᠠᠯᠠᠩ ᠮᠠᠯᠵᠢᠯ᠎ᠤᠨ ᠲᠠᠯᠠᠪᠠᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠠᠵᠢᠯᠳᠠᠨ ᠦ᠋ ᠱᠢᠶᠠᠨ ᠲᠦᠩ᠄ 《ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠠᠲᠠᠷ ᠬᠠᠭᠠᠯᠪᠤᠷᠢᠯᠠᠭᠴᠢᠳ ᠤ᠋ᠨ 〈ᠬᠠᠲᠠᠭᠤᠵᠢᠯᠲᠠᠢ ᠲᠡᠮᠡᠴᠡᠵᠦ᠍ ᠬᠠᠷᠠᠮ ᠦᠭᠡᠢ ᠵᠣᠷᠢᠭᠤᠯᠬᠤ〉 ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠠᠮᠤ ᠲᠤᠰᠤᠨ ᠤ᠋ ᠲᠠᠷᠢᠮᠠᠯ ᠤ᠋ᠨ ᠲᠠᠯᠠᠪᠠᠢ ᠨᠢᠭᠡᠴᠢ᠎ᠶ᠋ᠢᠨ ᠤᠨᠠᠯᠲᠠ᠎ᠶ᠋ᠢ ᠶᠡᠬᠡ᠎ᠪᠡᠷ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠠᠮᠤ ᠪᠤᠳᠠᠭᠠᠨ᠎ᠤ ᠠᠮᠤᠷ ᠲᠦᠪᠱᠢᠨ ᠪᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠪᠦᠲᠦᠮᠵᠢᠲᠡᠢ ᠬᠠᠩᠭᠠᠯᠭ᠎ᠠ᠎ᠶ᠋ᠢ ᠪᠠᠲᠤᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠮᠤ ᠪᠤᠳᠠᠭ᠎ᠠ᠎ᠶ᠋ᠢ ᠰᠠᠢᠲᠤᠷ ᠲᠠᠷᠢᠵᠤ᠂ ᠢᠯᠡᠭᠦᠬᠡᠨ ᠠᠮᠤ ᠪᠤᠳᠠᠭ᠎ᠠ ᠣᠷᠣᠭᠤᠯᠵᠤ᠂ ᠠᠮᠤ ᠪᠤᠳᠠᠭᠠᠨ᠎ᠤ ᠲᠠᠷᠢᠮᠠᠯ᠎ᠤᠨ ᠦᠢᠯᠡᠳᠪᠦᠷᠢᠯᠡᠯ᠎ᠦᠨ ᠴᠢᠳᠠᠪᠤᠷᠢ᠎ᠶ᠋ᠢ ᠲᠣᠭ᠍ᠲᠠᠪᠤᠷᠢᠵᠢᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠠᠮᠤ ᠪᠤᠳᠠᠭ᠎ᠠ᠎ᠶ᠋ᠢ ᠰᠠᠢᠲᠤᠷ ᠲᠠᠷᠢᠬᠤ᠂ ᠳᠤᠮᠳᠠᠳᠤ ᠤᠯᠤᠰ᠎ᠤᠨ ᠪᠤᠳᠠᠭᠠᠨ ᠠᠶᠠᠭ᠎ᠠ ᠵᠢ ᠡᠯᠪᠡᠭ᠌ᠵᠢᠭᠦᠯᠬᠦ᠌᠎ᠳᠦ ᠠᠲᠠᠷ ᠬᠠᠭᠠᠯᠪᠤᠷᠢᠯᠠᠯᠲᠠ᠎ᠶ᠋ᠢᠨ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠬᠡᠯᠡᠪᠡ᠃

ᠬᠢᠩᠭᠠᠨ ᠠᠢᠮᠠᠭ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠸᠧᠶ ᠳ᠋ᠡ ᠶᠦᠩ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠬᠣᠶᠠᠷ ᠶᠡᠬᠡ ᠴᠢᠬᠤᠯᠠ ᠡᠭᠦᠷᠭᠡ ᠬᠠᠷᠢᠭᠤᠴᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠨ᠎ᠤ ᠠᠵᠢᠯ᠎ᠤᠨ ᠶᠡᠷᠦᠩᠬᠡᠶ ᠲᠣᠬᠢᠷᠠᠭᠤᠯᠤᠯᠲᠠ ᠪᠠ ᠣᠳᠣᠬᠠᠨ᠎ᠤ ᠭᠤᠤᠯᠳᠠᠯᠭ᠎ᠠ᠎ᠲᠠᠶ ᠡᠭᠦᠷᠭᠡ᠎ᠶ᠋ᠢᠨ ᠲᠣᠭᠣᠷᠢᠨ᠎ᠳᠤ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ 《ᠲᠠᠪᠤᠨ ᠶᠡᠬᠡ ᠡᠭᠦᠷᠭᠡ》 ᠪᠠ 《ᠵᠢᠷᠭᠤᠭᠠᠨ ᠠᠵᠢᠯᠯᠠᠭ᠎ᠠ》 ᠶ᠋ᠢ ᠨᠠᠷᠢᠯᠢᠭ ᠪᠣᠳᠠᠲᠠᠶ ᠨᠠᠢᠳᠠᠪᠤᠷᠢᠵᠢᠭᠤᠯᠬᠤ᠎ᠶ᠋ᠢ ᠬᠦᠴᠦᠯᠡᠨ ᠠᠬᠢᠭᠤᠯᠵᠤ᠂ ᠲᠦᠷᠦᠬᠦᠤ ᠤᠯᠠᠷᠢᠯ᠎ᠤᠨ 《ᠰᠠᠢᠨ ᠡᠬᠢᠯᠡᠯᠲᠡ》 ᠶ᠋ᠢ ᠴᠢᠷᠮᠠᠢᠨ ᠪᠡᠶᠡᠯᠡᠭᠦᠯᠵᠦ᠍᠂ ᠪᠥᠬᠥ᠌ ᠵᠢᠯ᠎ᠳᠦ ᠲᠣᠭ᠍ᠲᠠᠭᠤᠨ᠎ᠢᠶᠠᠷ ᠨᠡᠮᠡᠭ᠌ᠳᠡᠭᠦᠯᠦᠨ᠎ᠡ᠃ 《ᠪᠢᠳᠡ ᠥᠷᠯᠥᠭᠡ ᠦᠳᠡᠰᠢ᠎ᠶ᠋ᠢ ᠲᠡᠮᠡᠴᠡᠬᠦ᠌ ᠵᠣᠷᠢᠭ ᠰᠠᠨᠠᠭ᠎ᠠ᠎ᠪᠠᠷ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠵᠢᠯᠣᠭᠣᠳᠭᠤ ᠬᠥᠳᠡᠯᠭᠡᠬᠦ᠌ ᠬᠦᠴᠦᠨ ᠪᠠ ᠦᠢᠯᠡᠳᠦᠯᠭᠡ ᠪᠣᠯᠭᠠᠨ ᠬᠤᠪᠢᠷᠠᠭᠤᠯᠤᠨ᠎ᠠ》 ᠭᠡᠵᠤ ᠢᠯᠡᠳᠭᠡᠪᠡ᠃

ᠲᠦᠩᠯᠢᠶᠣᠤ ᠬᠤᠳᠠ᠎ᠶ᠋ᠢᠨ ᠵᠠᠷᠤᠳ ᠬᠣᠱᠢᠭᠤᠨ᠎ᠤ ᠯᠦᠪᠸᠢ ᠪᠠᠯᠭᠠᠰᠤ ᠤᠢ᠍ᠢᠷ᠎ᠠ᠎ᠶ᠋ᠢᠨ ᠵᠢᠯ᠎ᠡᠴᠡ ᠲᠤᠰ ᠭᠠᠵᠠᠷ᠎ᠤᠨ ᠬᠥᠭ᠌ᠵᠢᠯᠲᠡ᠎ᠳᠦ ᠲᠤᠬᠢᠷᠠᠬᠤ ᠱᠢᠨ᠎ᠡ ᠠᠷᠭ᠎ᠠ ᠵᠠᠮ᠎ᠢ ᠢᠳᠡᠪᠬᠢᠲᠡᠢ ᠰᠦᠪᠡᠭ᠌ᠴᠢᠯᠡᠵᠦ᠍᠂ ᠲᠤᠰ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ᠎ᠲᠠᠶ ᠤᠶᠠᠯᠳᠤᠭᠤᠯᠵᠤ᠂ ᠤᠨᠴᠠᠯᠢᠬ᠍ᠳᠤ ᠮᠠᠯ ᠠᠵᠤ ᠠᠬᠤᠢ ᠲᠠᠷᠢᠶᠠᠯᠠᠩ ᠪᠣᠯᠤᠨ ᠬᠥᠳᠡᠭᠡ ᠲᠣᠰᠭᠣᠨ᠎ᠤ ᠵᠢᠭᠤᠯᠴᠢᠯᠠᠯ᠎ᠢ ᠬᠥᠭ᠌ᠵᠢᠭᠦᠯᠵᠦ᠍᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠠᠷᠭ᠎ᠠ ᠵᠠᠮ᠎ᠢ ᠥᠷᠭᠡᠳᠭᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠠᠮᠢᠵᠢᠷᠠᠯ᠎ᠤᠨ ᠬᠦᠴᠦᠨ ᠨᠡᠮᠡᠷᠢᠯᠡᠪᠡ᠃ ᠯᠦᠪᠸᠢ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠺᠠᠳ᠋ᠷ ᠵᠢᠶᠠ ᠶᠤᠸᠠᠨ᠄ 《ᠵᠠᠯᠠᠭᠤ ᠺᠠᠳ᠋ᠷ ᠪᠣᠯᠤᠭ᠍ᠰᠠᠨ᠎ᠤ ᠬᠤᠪᠢ᠎ᠳᠤ᠂ ᠪᠢ ᠡᠭᠦᠷᠭᠡ ᠬᠠᠷᠢᠭᠤᠴᠠᠯᠭ᠎ᠠ ᠬᠦᠨᠳᠦ᠂ ᠡᠭᠦᠷᠭᠡ ᠦᠩᠬᠡ ᠬᠡᠷᠡᠯᠳᠡᠢ ᠬᠡᠳᠡᠭ᠎ᠢ ᠭᠦᠨᠵᠡᠭᠡᠢ ᠣᠢᠯᠠᠭᠠᠵᠤ ᠪᠠᠢᠨ᠎ᠠ᠃ ᠢᠷᠡᠭᠡᠳᠦᠢ᠎ᠳᠦ ᠦᠨᠳᠦᠰᠦᠨ ᠱᠠᠲᠤᠨ᠎ᠳᠤ ᠭᠦᠨᠵᠡᠭᠡᠢᠷᠡᠨ ᠤᠯᠠᠨ ᠲᠦᠮᠡᠨ᠎ᠦ ᠬᠡᠷᠡᠭ᠌ᠴᠡᠭᠡ᠎ᠶ᠋ᠢ ᠣᠢᠯᠠᠭᠠᠵᠤ᠂ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠬᠥᠳᠡᠭᠡ ᠲᠣᠰᠭᠣᠨ᠎ᠤ ᠠᠵᠤ ᠦᠢᠯᠡᠰ᠎ᠦᠨ ᠬᠥᠭ᠌ᠵᠢᠯᠲᠡ᠎ᠳᠦ ᠬᠦᠴᠦᠨ ᠨᠡᠮᠡᠷᠢᠯᠡᠨ᠎ᠠ》 ᠭᠡᠵᠤ ᠬᠡᠯᠡᠪᠡ᠃

3 ᠰᠠᠷ᠎ᠠ᠎ᠶ᠋ᠢᠨ 5᠎ᠤ᠋ ᠣᠷᠣᠶ᠂ ᠱᠢᠯᠢ᠎ᠶ᠋ᠢᠨ ᠭᠤᠤᠯ ᠠᠢᠮᠠᠭ᠎ᠤᠨ ᠪᠠᠷᠠᠭᠤᠨ ᠦᠵᠦᠮᠦᠴᠢᠨ ᠬᠣᠱᠢᠭᠤᠨ᠎ᠤ ᠪᠠᠶᠠᠨᠬᠤᠱᠢᠭᠤ ᠰᠤᠮᠤ᠎ᠶ᠋ᠢᠨ ᠪᠤᠯᠠᠭᠠᠨ ᠭᠠᠴᠠᠭᠠᠨ᠎ᠤ ᠨᠠᠮ᠎ᠤᠨ ᠭᠡᠱᠢᠭᠦᠨ᠎ᠦ ᠭᠤᠤᠯᠳᠠᠯᠭᠠᠲᠤ ᠡᠷᠦᠬᠡ ᠰᠠᠷᠠᠨᠲᠤᠶᠠᠭ᠎ᠠ᠄ 《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠬᠥᠮᠦᠰ᠎ᠦᠨ ᠰᠡᠳᠭᠢᠯ᠎ᠢ ᠬᠥᠭ᠌ᠵᠢᠭᠡᠬᠦ᠌ ᠪᠥᠭᠡᠳ ᠮᠠᠨ᠎ᠤ ᠡᠩ᠎ᠦᠨ ᠮᠠᠯᠴᠢᠳ᠎ᠤᠨ ᠦᠢᠯᠡᠳᠪᠦᠷᠢᠯᠡᠯ ᠠᠮᠢᠳᠤᠷᠠᠯ᠎ᠲᠠᠶ ᠨᠢᠭ᠍ᠲᠠ ᠬᠣᠯᠪᠣᠭ᠎ᠠ᠎ᠲᠠᠶ ᠶᠤᠮ᠃ ᠬᠣᠢᠱᠢᠳᠠ ᠮᠠᠯ ᠠᠵᠤ ᠠᠬᠤᠶ᠎ᠶ᠋ᠢᠨ ᠪᠦᠲᠦᠴᠡ᠎ᠶ᠋ᠢ ᠢᠳᠡᠪᠬᠢᠲᠡᠶ ᠰᠠᠨᠠᠭᠠᠴᠢᠯᠠᠭ᠎ᠠ᠎ᠡᠴᠡ᠎ᠪᠠᠨ ᠲᠣᠬᠢᠷᠠᠭᠤᠯᠵᠤ᠂ 〈ᠨᠠᠷᠢᠯᠢᠭ ᠲᠡᠵᠢᠭᠡᠵᠦ᠍ ᠴᠥᠭᠡᠨ ᠲᠡᠵᠢᠭᠡᠬᠦ᠌〉 ᠵᠠᠭ᠍ᠪᠤᠷ᠎ᠢ ᠰᠦᠪᠡᠭ᠌ᠴᠢᠯᠡᠵᠦ᠍᠂ ᠮᠠᠯ ᠠᠵᠤ ᠠᠬᠤᠶ᠎ᠶ᠋ᠢᠨ ᠪᠤᠰᠤ ᠣᠷᠣᠯᠭ᠎ᠠ᠎ᠶ᠋ᠢ ᠴᠢᠷᠮᠠᠢᠨ ᠳᠡᠭᠡᠭ᠌ᠰᠢᠯᠡᠭᠦᠯᠤᠨ᠎ᠠ》 ᠭᠡᠵᠦ᠍ ᠬᠡᠯᠡᠪᠡ᠃

ᠪᠠᠶᠠᠨᠨᠠᠭᠤᠷ ᠬᠤᠳᠠ᠎ᠶᠢᠨ ᠬᠠᠩᠭᠢᠨ ᠬᠣᠢᠲᠤ ᠬᠣᠰᠢᠭᠤᠨ᠎ᠤ ᠤᠳᠤ ᠦᠶ᠎ᠡ᠎ᠶᠢᠨ ᠬᠥᠳᠡᠭᠡ ᠠᠵᠤ ᠠᠬᠤᠢ᠎ᠶᠢᠨ ᠬᠥᠭᠵᠢᠯᠲᠡ᠎ᠶᠢᠨ ᠲᠥᠪ᠎ᠦᠨ ᠡᠷᠬᠢᠯᠡᠭᠴᠢ᠂ ᠳᠡᠯᠭᠡᠷᠡᠭᠦᠯᠬᠦ ᠰᠤᠳᠤᠯᠤᠭ᠍ᠴᠢ ᠯᠢ ᠵᠢᠶᠸ᠄《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠣᠯ ᠮᠠᠨ᠎ᠤ ᠬᠣᠢᠰᠢᠳᠠ᠎ᠶᠢᠨ ᠠᠵᠢᠯᠯᠠᠭᠠᠨ᠎ᠤ ᠬᠥᠲᠥᠯᠪᠦᠷᠢ ᠮᠥᠨ᠃ 2025 ᠣᠨ᠎ᠳᠤ ᠪᠢᠳᠡ ᠲᠠᠷᠢᠶᠠᠯᠠᠩ᠎ᠤᠨ ᠥᠨᠳᠥᠷ ᠪᠦᠲᠦᠮᠵᠢᠲᠤ ᠤᠰᠤ ᠠᠷᠪᠢᠯᠠᠬᠤ ᠵᠢᠱ᠌ᠢᠶ᠎ᠡ ᠦᠵᠡᠭᠦᠯᠬᠦ ᠠᠵᠢᠯᠯᠠᠭ᠎ᠠ᠎ᠪᠠᠷ ᠠᠵᠠ ᠲᠣᠬᠢᠶᠠᠯ ᠪᠣᠯᠭᠠᠵᠤ᠂ ᠬᠠᠲᠤᠨ ᠭᠣᠣᠯ᠎ᠤᠨ ᠤᠰᠤ᠎ᠶᠢ ᠲᠠᠳᠠᠨ ᠠᠪᠴᠢᠷᠠᠵᠤ ᠳᠤᠰᠤᠯᠭᠠᠨ ᠤᠰᠤᠯᠠᠬᠤ ᠮᠡᠷᠭᠡᠵᠢᠯ᠎ᠢ ᠳᠡᠯᠭᠡᠷᠡᠭᠦᠯᠬᠦ ᠡᠷᠴᠢᠮ᠎ᠢᠶᠡᠨ ᠴᠢᠩᠭᠠᠷᠠᠭᠤᠯᠵᠤ᠂ ᠪᠤᠭᠤᠳᠠᠢ᠂ ᠡᠷᠳᠡᠨᠢ ᠰᠢᠰᠢ᠎ᠶᠢᠨ ᠲᠠᠯᠠᠪᠠᠶ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠪᠦᠬᠦ ᠰᠢᠶᠠᠨ᠎ᠤ ᠬᠡᠪᠴᠢᠶᠡᠨ᠎ᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠠᠮᠤ ᠪᠤᠳᠠᠭᠠᠨ᠎ᠤ ᠦᠢᠯᠡᠳᠪᠦᠷᠢᠯᠡᠯ᠎ᠤᠨ ᠴᠢᠳᠠᠪᠤᠷᠢ᠎ᠶᠢ ᠳᠡᠭᠡᠭᠰᠢᠯᠡᠭᠦᠯᠵᠦ᠂ ᠠᠮᠤ ᠪᠤᠳᠠᠭ᠎ᠠ᠎ᠶᠢ ᠲᠣᠭᠲᠠᠪᠤᠷᠢᠵᠢᠭᠤᠯᠤᠨ ᠬᠠᠩᠭᠠᠯᠭ᠎ᠠ᠎ᠶᠢ ᠪᠠᠲᠤᠯᠠᠬᠤ᠎ᠳᠤ ᠬᠤᠪᠢ ᠨᠡᠮᠡᠷᠢ ᠦᠵᠡᠭᠦᠯᠦᠨ᠎ᠡ》 ᠭᠡᠪᠡ᠃

ᠦᠢᠯᠡᠴᠢᠯᠡᠭᠡᠨ᠎ᠦ ᠰᠢᠰᠲᠧᠮ᠎ᠢ ᠲᠡᠭᠦᠯᠳᠡᠷᠵᠢᠭᠦᠯᠵᠦ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭᠳᠡᠭᠦᠯᠦᠨ᠎ᠡ

《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠳᠤ ᠭᠦᠨ ᠰᠡᠳᠬᠢᠯᠭᠡ ᠠᠭᠤᠯᠤᠭᠳᠠᠵᠤ᠂ ᠬᠥᠮᠥᠰ᠎ᠢ ᠵᠣᠷᠢᠭ᠍ᠵᠢᠭᠤᠯᠤᠨ᠎ᠠ》᠃ ᠤᠯᠠᠭᠠᠨᠴᠠᠪ ᠬᠣᠲᠠ᠎ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠡᠷᠬᠢᠯᠡᠭᠴᠢ ᠬᠥ ᠵᠢᠦᠢ ᠯᠦᠩ᠂ ᠰᠢᠨ᠎ᠡ ᠴᠠᠭ ᠦᠶ᠎ᠡ᠎ᠶᠢᠨ ᠨᠠᠮ᠎ᠤᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶᠢᠨ ᠠᠵᠢᠯ᠎ᠤᠨ ᠴᠢᠭᠯᠡᠯᠲᠡ᠎ᠲᠠᠢ ᠨᠢᠭ᠍ᠲᠠ ᠤᠶᠠᠯᠳᠤᠭᠤᠯᠤᠨ᠂ ᠰᠢᠶᠠᠨ᠎ᠤ ᠬᠡᠪᠴᠢᠶᠡᠨ᠎ᠦ ᠨᠢᠭ᠍ᠲᠠ ᠴᠢᠩᠭ᠎ᠠ ᠡᠮ ᠡᠮᠨᠡᠯᠭᠡ᠎ᠶᠢᠨ ᠬᠠᠮᠲᠤ᠎ᠶᠢᠨ ᠴᠣᠭᠴᠠ ᠪᠠ ᠬᠣᠲᠠ᠎ᠶᠢᠨ ᠡᠮ ᠡᠮᠨᠡᠯᠭᠡ᠎ᠶᠢᠨ ᠪᠦᠯᠦᠭᠯᠡᠯ᠎ᠦᠨ ᠪᠠᠢᠭᠤᠯᠤᠯᠲᠠ᠎ᠶᠢ ᠭᠦᠨᠵᠡᠭᠡᠢ ᠠᠬᠢᠭᠤᠯᠵᠤ᠂ ᠴᠢᠨᠠᠷ ᠰᠠᠢᠲᠠᠢ ᠡᠮᠴᠢᠯᠡᠭᠡ ᠡᠷᠡᠭᠦᠯ ᠬᠠᠮᠠᠭᠠᠯᠠᠯ᠎ᠤᠨ ᠡᠬᠢ ᠪᠠᠶᠠᠯᠢᠭ᠋᠎ᠢ ᠥᠷᠭᠡᠳᠬᠡᠨ ᠲᠠᠰ ᠳᠡᠪᠰᠢᠭᠦᠯᠬᠦ᠎ᠶᠢ ᠠᠬᠢᠭᠤᠯᠤᠨ᠎ᠠ᠃ ᠡᠬᠢ ᠪᠠᠶᠠᠯᠢᠭ᠋᠎ᠢ ᠦᠨᠳᠦᠰᠦᠨ ᠱᠠᠲᠤ᠂ ᠤᠷᠢᠳᠴᠢᠯᠠᠨ ᠰᠡᠷᠭᠡᠢᠯᠡᠬᠦ ᠪᠠ ᠬᠢᠲᠠᠳ ᠡᠮᠨᠡᠯᠭᠡ (ᠮᠣᠩᠭᠣᠯ ᠡᠮᠨᠡᠯᠭᠡ) ᠲᠡᠢᠰᠢ ᠬᠡᠯᠪᠡᠢᠯᠭᠡᠬᠦ᠎ᠶᠢ ᠠᠬᠢᠭᠤᠯᠵᠤ᠂ ᠬᠥᠮᠥᠨ ᠠᠮᠠ᠎ᠶᠢᠨ ᠬᠥᠭᠵᠢᠯᠲᠡ᠎ᠶᠢ ᠳᠡᠮᠵᠢᠬᠦ ᠪᠠ ᠦᠢᠯᠡᠴᠢᠯᠡᠭᠡᠨ᠎ᠦ ᠰᠢᠰᠲᠧᠮ᠎ᠢ ᠪᠦᠷᠢᠨᠰᠢᠭᠦᠯᠵᠦ᠂ ᠠᠷᠠᠳ ᠣᠯᠠᠨ᠎ᠳᠤ ᠨᠠᠩ ᠴᠢᠨᠠᠷ ᠰᠠᠢᠲᠠᠢ᠂ ᠥᠨᠳᠥᠷ ᠦᠷ᠎ᠡ ᠪᠦᠲᠦᠮᠵᠢᠲᠡᠶ᠂ ᠳᠥᠭᠥᠮ ᠳᠥᠲᠡ᠂ ᠡᠭᠦᠷᠭᠡᠯᠡᠵᠦ ᠳᠠᠢᠯᠭᠦ ᠡᠷᠡᠭᠦᠯ ᠮᠡᠨᠳᠦ᠎ᠶᠢᠨ ᠦᠢᠯᠡᠴᠢᠯᠡᠭᠡ᠎ᠶᠢ ᠬᠠᠩᠭᠠᠨ᠎ᠠ ᠭᠡᠵᠦ ᠢᠯᠡᠳᠭᠡᠪᠡ᠃

《〈ᠰᠠᠭᠤᠷᠢ ᠴᠢᠨᠠᠷᠲᠠᠢ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶᠢ ᠴᠢᠩᠭᠠᠳᠬᠠᠬᠤ ᠪᠠ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠢᠢᠳᠪᠦᠷᠢᠯᠡᠬᠦ ᠲᠠᠯ᠎ᠠ᠎ᠪᠠᠷ ᠢᠯᠡᠭᠦᠬᠡᠨ ᠪᠣᠳᠠᠲᠤ ᠶᠠᠪᠤᠳᠠᠯ ᠬᠢᠬᠦ ᠬᠡᠷᠡᠭᠲᠡᠢ〉᠂ ᠡᠨᠡ ᠦᠭᠡ ᠨᠠᠳᠠ᠎ᠳᠤ ᠮᠠᠰᠢ ᠭᠦᠨ ᠰᠠᠭᠤᠭᠳᠠᠯ ᠦᠯᠡᠳᠡᠭᠡᠵᠡᠢ᠃ ᠦᠨᠳᠦᠰᠦᠨ ᠱᠠᠲᠤᠨ᠎ᠤ ᠺᠠᠳ᠋ᠷ ᠪᠣᠯᠤᠭᠰᠠᠨ᠎ᠤ ᠬᠤᠪᠢ᠎ᠳᠤ᠂ ᠪᠢ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠨᠡᠢᠭᠡᠮ ᠲᠣᠭᠣᠷᠢᠭ᠋᠎ᠤᠨ ᠦᠢᠯᠡᠴᠢᠯᠡᠭᠡ᠎ᠳᠦ ᠣᠷᠣᠯᠴᠠᠵᠤ᠂ 〈ᠡᠶᠡᠯᠳᠡᠭ ᠬᠥᠷᠰᠢ᠎ᠶᠢᠨ ᠬᠠᠮᠲᠤ᠎ᠪᠠᠷ ᠵᠠᠰᠠᠬᠤ〉 ᠵᠠᠰᠠᠯᠲᠠ᠎ᠶᠢᠨ ᠵᠠᠭᠪᠤᠷ᠎ᠢ ᠢᠳᠡᠪᠬᠢᠲᠡᠢ ᠰᠦᠪᠡᠭᠴᠢᠯᠡᠨ ᠦᠢᠯᠡᠳᠦᠯᠭᠡᠵᠢᠭᠦᠯᠵᠦ᠂ ᠦᠨᠳᠦᠰᠦᠲᠡᠨ᠎ᠨᠦᠭᠦᠳ᠎ᠦᠨ ᠬᠣᠭᠣᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠣᠯᠣᠨ ᠠᠮᠤᠷ ᠲᠦᠪᠰᠢᠨ᠎ᠦ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠦᠨ᠎ᠡ》 ᠭᠡᠵᠦ ᠪᠥᠬᠥ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶᠡᠴᠢ ᠬᠤᠪᠢ ᠬᠥᠮᠥᠨ᠂ ᠣᠷᠳᠣᠰ ᠬᠣᠲᠠ᠎ᠶᠢᠨ ᠬᠢᠶ᠎ᠠ ᠪᠠᠭ᠍ᠰᠢ ᠲᠣᠭᠣᠷᠢᠭ᠋᠎ᠤᠨ ᠺᠠᠩ ᠰᠢᠨ ᠵᠡᠭᠡᠯᠢ ᠭᠤᠳᠤᠮᠵᠢ᠎ᠶᠢᠨ ᠶᠤᠸᠠᠢ ᠾᠧ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠎ᠦᠨ ᠱᠦᠵᠢ ᠭᠦᠸᠧ ᠵᠢᠶᠠ ᠢᠯᠡᠳᠭᠡᠪᠡ᠃

ᠦᠬᠠᠢ ᠬᠤᠳᠠ᠎ᠶ᠋ᠢᠨ ᠬᠠᠢ᠌ᠷᠤᠪ᠎ᠤᠨ ᠲᠤᠬᠤᠢ ᠲᠣᠭᠣᠷᠢᠭ᠎ᠤᠨ ᠪᠢᠨ ᠾᠧ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯ᠎ᠤᠨ ᠬᠣᠷᠢᠶ᠎ᠠ᠎ᠶ᠋ᠢᠨ ᠱᠦᠵᠢ ᠪᠢᠶᠠᠨ ᠢᠦᠢ᠄ 《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠪᠢᠳᠡᠨ᠎ᠳᠦ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠢ ᠮᠡᠳᠡᠷᠡᠭᠦᠯᠵᠦ᠍᠂ ᠦᠨᠳᠦᠰᠦᠨ ᠱᠠᠲᠤᠨ᠎ᠤ ᠠᠵᠢᠯ᠎ᠳᠤ ᠨᠡᠩ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠡᠢ᠃ ᠬᠣᠢᠱᠢᠳᠠ᠎ᠶ᠋ᠢᠨ ᠠᠵᠢᠯ ᠳᠤᠮᠳᠠ᠂ ᠪᠢᠳᠡ 〈ᠡᠶᠡᠯᠳᠡᠭ ᠬᠥᠷᠰᠢ᠎ᠶ᠋ᠢᠨ ᠨᠠᠮ᠎ᠤᠨ ᠪᠠᠢᠭᠤᠯᠤᠯᠲᠠ〉᠎ᠶ᠋ᠢᠨ ᠲᠥᠷᠥᠯ ᠲᠡᠮᠳᠡᠭ᠎ᠢ ᠭᠦᠨᠵᠡᠭᠡᠢᠷᠡᠭᠦᠯᠬᠦ᠌ ᠪᠠ ᠨᠠᠮ᠎ᠤᠨ ᠲᠥᠷᠥ᠎ᠶ᠋ᠢᠨ ᠪᠣᠳᠣᠯᠭ᠎ᠠ᠎ᠶ᠋ᠢ ᠰᠠᠭᠤᠭᠠᠯᠢ ᠠᠷᠠᠳ᠎ᠤᠨ ᠲᠣᠭᠣᠷᠢᠭ᠎ᠲᠤ ᠣᠷᠣᠭᠤᠯᠬᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠶ᠋ᠢ ᠰᠠᠭᠤᠭᠠᠯᠢ ᠠᠷᠠᠳ᠎ᠤᠨ ᠲᠣᠭᠣᠷᠢᠭ᠎ᠲᠤ ᠣᠷᠣᠭᠤᠯᠬᠤ᠂ ᠡᠶᠡᠯᠳᠡᠭ ᠬᠥᠷᠰᠢ᠎ᠶ᠋ᠢᠨ ᠰᠣᠶᠣᠯ᠎ᠢ ᠰᠠᠭᠤᠭᠠᠯᠢ ᠠᠷᠠᠳ᠎ᠤᠨ ᠲᠣᠭᠣᠷᠢᠭ᠎ᠲᠤ ᠣᠷᠣᠭᠤᠯᠬᠤ᠂ ᠵᠥᠷᠢᠴᠡᠯ᠎ᠢ ᠵᠢᠭ᠍ᠰᠠᠭᠠᠨ ᠪᠠᠢᠴᠠᠭᠠᠬᠤ᠎ᠶ᠋ᠢ ᠰᠠᠭᠤᠭᠠᠯᠢ ᠠᠷᠠᠳ᠎ᠤᠨ ᠲᠣᠭᠣᠷᠢᠭ᠎ᠲᠤ ᠣᠷᠣᠭᠤᠯᠬᠤ᠂ ᠨᠠᠷᠢᠯᠢᠭ ᠵᠠᠰᠠᠯᠲᠠ᠎ᠶ᠋ᠢ ᠰᠠᠭᠤᠭᠠᠯᠢ ᠠᠷᠠᠳ᠎ᠤᠨ ᠲᠣᠭᠣᠷᠢᠭ᠎ᠲᠤ ᠣᠷᠣᠭᠤᠯᠬᠤ 〈ᠲᠠᠪᠤ᠎ᠵᠢ ᠰᠠᠭᠤᠭᠠᠯᠢ ᠠᠷᠠᠳ᠎ᠤᠨ ᠲᠤᠭᠤᠷᠢᠭ᠎ᠲᠦ ᠤᠷᠤᠭᠤᠯᠬᠤ〉᠎ᠳ᠋ᠤ ᠲᠥᠪᠯᠡᠷᠡᠭᠦᠯᠦᠨ᠎ᠡ; ᠦᠢᠯᠡᠳᠦᠯᠭᠡ᠎ᠳᠦ ᠱᠢᠨ᠎ᠡ᠎ᠶ᠋ᠢ ᠡᠭᠦᠳᠴᠦ᠍᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠦᠨᠡᠨ ᠬᠦ᠌ ᠱᠢᠢᠳᠪᠦᠷᠢᠯᠡᠨ᠎ᠡ᠃ 〈ᠴᠢᠳᠠᠪᠤᠷᠢᠲᠠᠨ᠎ᠢ ᠬᠥᠮᠦᠵᠢᠭᠦᠯᠬᠦ᠌ ᠲᠥᠯᠥᠪᠯᠡᠭᠡ〉 ᠵᠢ ᠵᠡᠷᠭᠡ᠎ᠪᠡᠷ ᠬᠡᠷᠡᠭ᠌ᠵᠢᠭᠦᠯᠵᠦ᠍᠂ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠬᠠᠯᠠᠭᠤᠨ ᠰᠡᠳᠭᠢᠯᠲᠦ ᠭᠣᠣᠯᠯᠠᠭ᠍ᠴᠢ ᠬᠦᠴᠦᠨ᠎ᠢ ᠠᠭᠤᠳᠠᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠠᠭᠠᠭᠤᠯᠤᠬ᠍ᠴᠢ᠎ᠶ᠋ᠢ ᠬᠥᠮᠦᠵᠢᠭᠦᠯᠵᠦ᠍᠂ 〈ᠦᠳᠡᠭᠦᠰ ᠨᠢᠯᠬᠠᠰ〉 ᠵᠡᠷᠭᠡ ᠣᠨᠴᠠᠭᠠᠢ ᠬᠥᠮᠦᠰ᠎ᠦᠨ ᠪᠠᠲᠤᠯᠠᠭ᠎ᠠ᠎ᠶ᠋ᠢᠨ ᠲᠣᠣᠷ᠎ᠢ ᠨᠢᠭ᠍ᠲᠠ ᠰᠦᠯᠵᠢᠵᠦ᠍᠂ ᠬᠠᠮᠲᠤ᠎ᠪᠠᠷ ᠪᠠᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ᠌ ᠦᠨᠳᠦᠰᠦᠨ ᠱᠠᠲᠤᠨ᠎ᠤ ᠵᠠᠰᠠᠯᠲᠠ᠎ᠶ᠋ᠢᠨ ᠬᠠᠮᠲᠤ᠎ᠶ᠋ᠢᠨ ᠴᠣᠭ᠍ᠴᠠ᠎ᠶ᠋ᠢ ᠪᠦᠬᠦ᠌ ᠬᠦᠴᠦ᠍᠎ᠪᠡᠷ᠎ᠢᠶᠡᠨ ᠪᠠᠢᠭᠤᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠭᠡᠷ᠎ᠦᠨ ᠡᠭᠦᠳᠡᠨ᠎ᠳᠦ ᠦᠵᠡᠭ᠌ᠳᠠᠵᠤ ᠭᠠᠷ᠎ᠲᠤ ᠪᠠᠷᠢᠭ᠍ᠳᠠᠮ᠎ᠠ᠂ ᠦᠷᠭᠦᠯᠵᠢᠯᠡᠬᠦ᠌ ᠴᠢᠨᠠᠷᠲᠠᠢ ᠪᠣᠯᠭᠠᠨ᠎ᠠ》 ᠭᠡᠪᠡ᠃

ᠠᠯᠠᠱᠠ ᠠᠢᠮᠠᠭ᠎ᠤᠨ ᠡᠵᠡᠨ᠎ᠡ ᠬᠣᠱᠢᠭᠤᠨ᠎ᠤ ᠰᠤᠪᠨᠠᠭᠤᠷ ᠰᠤᠮᠤ᠎ᠶ᠋ᠢᠨ ᠴᠡᠬᠡ ᠭᠠᠴᠠᠭᠠᠨ᠎ᠤ ᠨᠠᠮ᠎ᠤᠨ ᠡᠭᠦᠷ᠎ᠦᠨ ᠱᠦᠵᠢ ᠴᠢᠮᠡᠭ᠄ 《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠰᠣᠨᠣᠰᠤᠭᠠᠳ ᠪᠢ ᠶᠡᠬᠡᠳᠡ ᠵᠣᠷᠢᠭ᠍ᠵᠢᠪᠠ᠃ ᠣᠢᠷ᠎ᠠ᠎ᠶ᠋ᠢᠨ ᠵᠢᠯ᠎ᠡᠴᠡ ᠨᠠᠭᠠᠰᠢ᠂ ᠮᠠᠨ᠎ᠤ ᠭᠠᠴᠠᠭ᠎ᠠ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠣᠨᠴᠠᠯᠢᠭ᠍ᠲᠤ ᠮᠠᠯ ᠠᠵᠤ ᠠᠬᠤᠶ ᠲᠠᠷᠢᠶᠠᠯᠠᠩ᠎ᠢ ᠬᠥᠭ᠌ᠵᠢᠭᠦᠯᠵᠦ᠍᠂ ᠴᠡᠬᠡ ᠪᠣᠭᠣᠮᠲᠠ᠎ᠶ᠋ᠢᠨ ᠳᠠᠪᠠᠭᠤᠯᠢᠭ᠎ᠲᠤ ᠲᠦᠱᠢᠭ᠌ᠯᠡᠨ ᠲᠣᠰᠭᠣᠨ ᠪᠠ ᠠᠵᠤ ᠠᠬᠤᠢᠯᠠᠯ᠎ᠤᠨ ᠬᠠᠮᠲᠤᠷᠠᠯᠴᠠᠭ᠎ᠠ ᠬᠢᠵᠦ᠍᠂ ᠬᠢᠯᠢ ᠠᠯᠤᠰᠯᠠᠭ᠍ᠰᠠᠨ ᠨᠡᠭᠦᠷᠡᠰᠦᠨ᠎ᠦ ᠲᠡᠭᠡᠭᠡᠪᠦᠷᠢ᠎ᠶ᠋ᠢᠨ ᠲᠤᠬᠠᠢᠯᠠᠭ᠍ᠰᠠᠨ ᠠᠵᠢᠯ᠎ᠢ ᠥᠷᠨᠢᠭᠦᠯᠵᠦ᠍᠂ ᠰᠡᠳᠭᠢᠴᠡ᠎ᠪᠡᠨ ᠥᠷᠭᠡᠳᠭᠡᠨ ᠵᠢᠭᠤᠯᠴᠢᠯᠠᠯ᠎ᠤᠨ ᠦᠶ᠋ᠯᠡᠰ᠎ᠢ ᠶᠡᠬᠡ ᠪᠡᠷ ᠬᠥᠭ᠌ᠵᠢᠭᠦᠯᠵᠦ᠍᠂ ᠥᠪᠡᠷᠮᠢᠴᠡ ᠣᠨᠴᠠᠯᠢᠭ ᠪᠥᠬᠥᠶ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠰᠠᠷᠠᠭᠤᠯ ᠳᠠᠷᠳᠠᠩ ᠵᠠᠮ᠎ᠢᠶᠠᠷ ᠠᠮᠵᠢᠯᠲᠠ ᠲᠠᠶ ᠵᠠᠮᠨᠠᠪᠠ᠃ ᠦᠨᠳᠦᠰᠦᠨ ᠱᠠᠲᠤᠨ᠎ᠤ ᠮᠠᠯᠵᠢᠬᠤ ᠲᠠᠷᠢᠶᠠᠯᠠᠬᠤ ᠣᠷᠣᠨ᠎ᠤ ᠺᠠᠳ᠋ᠷ ᠪᠣᠯᠤᠭ᠍ᠰᠠᠨ᠎ᠤ ᠬᠤᠪᠢ᠎ᠳᠤ᠂ ᠪᠢ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠤᠳᠤ᠎ᠶ᠋ᠢᠨ ᠪᠠᠢᠭ᠎ᠠ ᠬᠠᠮᠲᠤ᠎ᠶ᠋ᠢᠨ ᠠᠵᠤ ᠠᠬᠤᠢ᠎ᠶ᠋ᠢᠨ ᠠᠵᠤ ᠦᠢᠯᠡᠰ᠎ᠢ ᠲᠠᠰᠤᠷᠠᠯᠳᠠ ᠦᠭᠡᠢ ᠪᠡᠬᠢᠵᠢᠭᠦᠯᠦᠨ ᠪᠤᠵᠠᠭᠠᠢᠷᠠᠭᠤᠯᠵᠤ᠂ ᠬᠢᠯᠢ᠎ᠶ᠋ᠢᠨ ᠪᠣᠭᠣᠮᠲᠠ᠎ᠶ᠋ᠢᠨ ᠬᠣᠯᠪᠣᠭ᠍ᠳᠠᠯ ᠪᠦᠬᠦᠢ ᠭᠣᠣᠯ ᠴᠣᠭ᠍ᠴᠠ᠎ᠯᠤᠭ᠎ᠠ ᠢᠳᠡᠪᠬᠢᠲᠡᠢ ᠵᠣᠯᠭᠠᠭᠤᠯᠵᠤ᠂ ᠨᠡᠩ ᠤᠯᠠᠨ ᠡᠱᠢᠵᠢᠭ᠌ᠰᠡᠨ ᠬᠠᠮᠲᠤᠷᠠᠯᠴᠠᠭᠠᠨ᠎ᠤ ᠠᠷᠭ᠎ᠠ ᠬᠡᠯᠪᠡᠷᠢ᠎ᠶ᠋ᠢ ᠰᠦᠪᠡᠭ᠌ᠴᠢᠯᠡᠵᠦ᠍᠂ ᠭᠠᠴᠠᠭᠠᠨ᠎ᠤ ᠮᠠᠯᠴᠢᠨ ᠲᠠᠷᠢᠶᠠᠴᠢᠨ᠎ᠢ ᠨᠡᠩ ᠰᠠᠢ᠌ᠨ ᠰᠠᠢᠬᠠᠨ ᠠᠮᠢᠳᠤᠷᠠᠭᠤᠯᠤᠨ᠎ᠠ》 ᠭᠡᠪᠡ᠃

(ᠲᠤᠰ ᠰᠣᠨᠢᠨ᠎ᠤ ᠰᠤᠷᠪᠤᠯᠵᠢᠯᠠᠭ᠍ᠴᠢ ᠵᠠᠩ ᠺᠦᠢ ᠠᠨ ᠶᠢᠨ ᠳ᠋ᠦᠩ ᠵᠧᠩ ᠱᠢᠤᠸᠠᠢ ᠯᠢᠶᠠᠩ ᠰᠦᠩ ᠠ ᠨᠠᠨ ᠱᠢᠶᠤᠤ ᠯᠦ᠍ ᠯᠢ ᠢᠦᠢ ᠵᠦᠸᠸ ᠭᠤᠤ ᠮᠢᠨ ᠨᠠ ᠱᠢᠤᠸᠠᠢ ᠢ ᠴᠢᠶᠦ᠋ᠨ ᠪᠠᠶᠠᠰᠭᠤᠯᠠᠩ ᠪᠥᠸᠧ᠎ᠶ᠋ᠢᠨ ᠹᠸᠩ ᠭᠦᠸᠧ ᠴᠢ ᠨᠠᠨ ᠪᠤᠶᠠᠠᠡᠨᠡᠷᠢᠯ ᠬᠤᠤ ᠪᠢᠶᠤᠤ ᠯᠢᠦ ᠬᠣᠩ ᠵᠠᠩ ᠴᠧᠨ ᠴᠦᠨ ᠶᠠᠨ ᠶᠡᠷᠦᠩᠬᠡᠢᠯᠡᠨ ᠮᠡᠳᠡᠭᠡᠯᠡᠪᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面