2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-06 17:09:14

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠤᠯᠤᠰ᠎ᠤᠨ ᠳᠡᠳ᠋ ᠲᠡᠷᠢᠭᠦᠯᠡᠭ᠌ᠴᠢ ᠬᠠᠨ ᠵᠧᠩ 5 ᠎ᠤ᠋ ᠡᠳᠦᠷ᠎ᠦᠨ ᠦᠳᠡ᠎ᠶ᠋ᠢᠨ ᠬᠣᠢᠨ᠎ᠠ ᠲᠡᠭᠦᠨ᠎ᠤ ᠪᠠᠢᠭ᠎ᠠ ᠱᠠᠨᠳᠦ᠋ᠩ᠎ᠦᠨ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠍᠂ ᠲᠥᠯᠥᠭᠡᠯᠡᠭ᠌ᠴᠢᠳ᠎ᠲᠡᠶ ᠬᠠᠮᠲᠤ᠎ᠪᠠᠷ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠪᠡ᠃ ᠸᠠᠩ ᡁᠢ ᠸᠧᠢ᠂ ᠵᠠᠩ ᠶᠦᠩ ᠮᠢᠩ᠂ ᠵᠧᠩ ᠰᠧ ᠮᠢᠨ ᠵᠡᠷᠭᠡ ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠵᠦ᠍᠂ ᠬᠠᠨ ᠵᠧᠩ ᠨᠠᠷᠢᠨ ᠬᠢᠨᠠᠮᠠᠭᠠᠢ ᠰᠣᠨᠣᠰᠴᠤ᠌᠂ ᠪᠠᠢᠨ ᠪᠠᠢᠨ ᠤᠯᠠᠨ᠎ᠲᠠᠶ ᠰᠠᠨᠠᠯ᠎ᠢᠶᠠᠨ ᠰᠣᠯᠢᠯᠴᠠᠨ ᠶᠠᠷᠢᠯᠴᠠᠵᠤ᠂ ᠲᠤᠬᠠᠢ ᠵᠢᠨ ᠲᠠᠯᠠᠪᠠᠢ ᠵᠢᠨ ᠠᠭᠤᠷ ᠠᠮᠢᠰᠬᠤᠯ ᠬᠦᠷ ᠬᠦᠭᠵᠢᠶᠡᠨᠲᠡᠢ ᠪᠠᠢᠯ᠎ᠠ᠃

ᠲᠥᠯᠥᠭᠡᠯᠡᠭ᠌ᠴᠢᠳ᠎ᠦᠨ ᠬᠡᠯᠡᠭᠰᠡᠨ ᠦᠭᠡ ᠵᠢ ᠰᠣᠨᠣᠰᠤᠭ᠍ᠰᠠᠨ᠎ᠤ ᠳᠠᠷᠠᠭ᠎ᠠ ᠬᠠᠨ ᠵᠧᠩ᠂ ᠶᠡᠷᠦᠩᠬᠡᠶ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠲᠣᠭ᠎ᠢ ᠥᠨᠳᠥᠷ ᠮᠠᠨᠳᠤᠭᠤᠯᠤᠭ᠍ᠰᠠᠨ᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠭ᠌ᠰᠡᠨ ᠰᠠᠢᠨ ᠢᠯᠡᠳᠭᠡᠯ ᠪᠣᠯᠵᠠᠶ᠂ ᠪᠢ ᠡᠨᠡ ᠬᠦ᠌ ᠢᠯᠡᠳᠭᠡᠯ᠎ᠢ ᠪᠦᠷᠢᠮᠦᠰᠦᠨ ᠵᠥᠪᠱᠢᠶᠡᠷᠡᠵᠦ᠍ ᠪᠠᠢᠨ᠎ᠠ ᠭᠡᠪᠡ᠃

ᠬᠠᠨ ᠵᠧᠩ᠂ 2024 ᠣᠨ᠎ᠳᠤ᠂ ᠭᠠᠳᠠᠭᠠᠳᠤ᠎ᠶ᠋ᠢᠨ ᠳᠠᠷᠤᠯᠲᠠ ᠨᠡᠮᠡᠭ᠌ᠳᠡᠵᠦ᠍᠂ ᠳᠣᠲᠣᠭᠠᠳᠤ᠎ᠶ᠋ᠢᠨ ᠬᠦᠴᠢᠷᠳᠡᠯ ᠨᠡᠮᠡᠭ᠌ᠳᠡᠵᠦ᠍ ᠪᠠᠢᠭ᠎ᠠ ᠨᠠᠷᠢᠨ ᠪᠤᠳᠤᠯᠢᠶᠠᠨᠲᠠᠶ ᠬᠦᠨᠳᠦ ᠬᠡᠴᠡᠭᠦᠦ ᠪᠠᠢᠳᠠᠯ᠎ᠤᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠥᠬᠥ᠌ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠲᠣᠭ᠍ᠲᠠᠭᠤᠨ᠎ᠢᠶᠠᠷ ᠬᠤᠪᠢᠷᠠᠯᠲᠠ᠎ᠶ᠋ᠢ ᠠᠷᠭᠠᠴᠠᠭᠠᠵᠤ᠂ ᠶᠡᠷᠦᠩᠬᠡᠢᠯᠡᠭ᠌ᠰᠡᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠠᠵᠤ ᠠᠬᠤᠶ᠎ᠶ᠋ᠢᠨ ᠡᠷᠭᠢᠯᠲᠡ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠯᠲᠠ ᠲᠠᠢ ᠪᠠᠢᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠬᠠᠷᠠᠯᠲᠠ ᠡᠭᠦᠷᠭᠡ᠎ᠶ᠋ᠢ ᠤᠷᠤᠭ᠍ᠰᠢᠲᠠᠶ ᠪᠡᠶᠡᠯᠡᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠮᠠᠨ᠎ᠤ ᠤᠯᠤᠰ᠎ᠤᠨ ᠠᠵᠤ ᠠᠬᠤᠶ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠳᠠᠲᠤ ᠬᠦᠴᠦᠨ᠂ ᠶᠡᠷᠦᠩᠬᠡᠢᠯᠡᠭᠰᠡᠨ ᠤᠯᠤᠰ᠎ᠤᠨ ᠬᠦᠴᠦᠨ ᠦᠷᠭᠦᠯᠵᠢᠯᠡᠨ ᠴᠢᠩᠭᠠᠷᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠪᠠ᠃ ᠡᠳᠡᠬᠡᠷ ᠬᠢᠯᠪᠡᠷ ᠪᠤᠰᠤ᠎ᠪᠠᠷ ᠣᠯᠤᠭ᠍ᠰᠠᠨ ᠠᠮᠵᠢᠯᠲᠠ ᠪᠦᠲᠦᠮᠵᠢ᠎ᠶ᠋ᠢᠨ ᠦᠨᠳᠦᠰᠦ ᠨᠢ ᠶᠡᠷᠦᠩᠬᠡᠢ ᠱᠦᠵᠢ ᠰᠢ ᠵᠢᠨ ᠫᠢᠩ ᠠᠶᠠᠯᠠᠯ᠎ᠢ ᠵᠢᠯᠤᠭᠤᠳᠤᠨ ᠵᠠᠯᠠᠭᠤᠷ᠎ᠢ ᠡᠵᠡᠮᠳᠡᠭᠰᠡᠨ᠎ᠳᠤ ᠪᠠᠢᠨ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ ᠭᠡᠵᠦ ᠢᠯᠡᠳᠭᠡᠪᠡ᠃

ᠬᠠᠨ ᠵᠧᠩ᠂ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠎ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ ᠪᠣᠯᠤᠨ᠎ᠠ᠂ ᠪᠠᠰᠠ ᠴᠤ᠌ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠨᠢᠭᠡ ᠵᠢᠯ ᠪᠣᠯᠤᠨ᠎ᠠ᠃ 《 ᠬᠣᠶᠠᠷ᠎ᠢ ᠲᠣᠭ᠍ᠲᠠᠭᠠᠭᠰᠠᠨ》 ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ ᠵᠢᠨ ᠪᠠᠢᠳᠠᠯ᠎ᠤᠨ ᠲᠤᠬᠠᠢ ᠱᠢᠨᠵᠢᠯᠡᠬᠦ᠌ ᠤᠬᠠᠭᠠᠨᠴᠢ ᠮᠠᠭᠠᠳᠯᠠᠯᠲᠠ ᠪᠠ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠡᠯ᠎ᠡ ᠵᠦᠢᠯ᠎ᠦᠨ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠪᠦᠬᠦ᠌ ᠵᠢᠯ᠎ᠦᠨ ᠬᠠᠷᠠᠯᠲᠠ ᠡᠭᠦᠷᠭᠡ᠎ᠪᠡᠨ ᠴᠢᠷᠮᠠᠢᠨ ᠰᠠᠢᠲᠤᠷ ᠪᠡᠶᠡᠯᠡᠭᠦᠯᠬᠦ᠌ ᠬᠡᠷᠡᠭ᠌ᠲᠡᠢ᠃ ᠶᠡᠷᠦᠩᠬᠡᠢ ᠬᠠᠩᠭᠠᠯᠭ᠎ᠠ ᠪᠣᠯᠤᠨ ᠶᠡᠷᠦᠩᠬᠡᠢ ᠬᠡᠷᠡᠭ᠌ᠴᠡᠭᠡ᠎ᠶ᠋ᠢᠨ ᠬᠠᠷᠢᠴᠠᠭ᠎ᠠ᠎ᠶ᠋ᠢ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠬᠡᠷᠡᠭ᠌ᠴᠡᠭᠡ᠎ᠶ᠋ᠢ ᠪᠦᠬᠦ᠌ ᠲᠠᠯ᠎ᠠ᠎ᠪᠠᠷ ᠥᠷᠭᠡᠳᠭᠡᠵᠦ᠍᠂ ᠳᠣᠲᠣᠭᠠᠳᠤ ᠬᠡᠷᠡᠭ᠌ᠴᠡᠭᠡ ᠢᠯᠠᠩᠭᠤᠶ᠎ᠠ ᠬᠡᠷᠡᠭ᠌ᠯᠡᠭᠡᠨ᠎ᠦ ᠳᠤᠲᠠᠭᠤᠳᠠᠯ᠎ᠢ ᠲᠦᠷᠭᠡᠨ ᠨᠥᠬᠥᠪᠥᠷᠢᠯᠡᠬᠦ᠌ ᠬᠡᠷᠡᠭ᠌ᠲᠡᠢ᠃ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠨ ᠬᠦᠴᠦᠷᠬᠡᠭ᠌ᠵᠢᠬᠦ᠌᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠬᠦᠲᠦᠯᠦᠨ ᠳᠠᠭᠠᠭᠤᠯᠵᠤ᠂ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠲᠦᠷᠭᠡᠳᠭᠡᠬᠦ᠌ ᠬᠡᠷᠡᠭ᠌ᠲᠡᠢ᠃ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠥᠨᠳᠥᠷ ᠲᠦᠪᠱᠢᠨ ᠪᠦᠬᠦᠢ ᠭᠠᠳᠠᠭᠠᠳᠤ ᠨᠡᠬᠡᠬᠡᠯᠳᠡ᠎ᠶ᠋ᠢ ᠥᠷᠭᠡᠳᠭᠡᠵᠦ᠍᠂ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠴᠢᠩᠭᠠᠳᠭᠠᠬᠤ ᠬᠡᠷᠡᠭ᠌ᠲᠡᠢ᠃ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠵᠤ᠂ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠠᠮᠤᠷ ᠲᠦᠪᠱᠢᠨ᠎ᠦ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠎ᠶ᠋ᠢ ᠦᠢᠯᠡᠳᠦᠯᠭᠡᠵᠢᠭᠦᠯᠵᠦ᠍᠂ ᠢᠮᠠᠭ᠍ᠲᠠ ᠤᠯᠠᠨ ᠤᠯᠤᠰ᠎ᠤᠨ ᠶᠣᠰᠣ ᠵᠢᠷᠤᠮ᠎ᠤᠨ ᠠᠱᠢᠭ᠍ᠲᠠᠢ ᠪᠠᠢᠷᠢ᠎ᠶ᠋ᠢ ᠡᠵᠡᠯᠡᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠨᠡᠩ ᠰᠠᠢ᠌ᠨ ᠭᠠᠳᠠᠭᠠᠳᠤ ᠣᠷᠴᠢᠨ᠎ᠢ ᠪᠤᠢ ᠪᠣᠯᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠬᠠᠨ ᠵᠧᠩ ᠱᠠᠨᠳᠦ᠋ᠩ᠎ᠦᠨ ᠡᠯ᠎ᠡ ᠲᠠᠯ᠎ᠠ᠎ᠶ᠋ᠢᠨ ᠠᠵᠢᠯ᠎ᠤᠨ ᠣᠯᠤᠭ᠍ᠰᠠᠨ ᠱᠢᠨ᠎ᠡ ᠠᠮᠵᠢᠯᠲᠠ᠎ᠶ᠋ᠢ ᠭᠦᠶ᠋ᠴᠡᠳ ᠨᠤᠲᠠᠯᠠᠵᠤ᠂ ᠱᠠᠨᠳᠦ᠋ᠩ ᠮᠤᠵᠢ᠎ᠶ᠋ᠢᠨ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠱᠠᠨᠳᠦ᠋ᠩ᠎ᠳᠦ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ 《ᠡᠮᠦᠨ᠎ᠡ᠎ᠨᠢ ᠬᠣᠱᠢᠭᠤᠷᠠᠵᠤ᠂ ᠭᠤᠤᠯ ᠡᠭᠦᠷᠭᠡ᠎ᠶ᠋ᠢ ᠡᠭᠦᠷᠭᠡᠯᠡᠬᠦ᠌》 ᠡᠭᠦᠷᠭᠡ ᠬᠠᠷᠢᠭᠤᠴᠠᠯᠭ᠎ᠠ᠎ᠪᠠᠨ ᠡᠷᠡᠰ ᠪᠠᠲᠤ ᠡᠭᠦᠷᠭᠡᠯᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍᠂ ᠬᠥᠭ᠌ᠵᠢᠯᠲᠡ᠎ᠶ᠋ᠢᠨ ᠠᠷᠭ᠎ᠠ ᠮᠠᠶᠢᠭ᠎ᠤᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠶᠡᠬᠡ᠎ᠪᠡᠷ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠬᠢᠬᠦ᠌ ᠲᠠᠯ᠎ᠠ᠎ᠪᠠᠷ ᠲᠡᠷᠢᠭᠦᠨ᠎ᠤ ᠬᠢ ᠪᠤᠯᠬᠤ ᠪᠡᠷ ᠡᠷᠡᠯᠬᠡᠭ᠌ᠯᠡᠨ ᠲᠡᠮᠡᠴᠡᠵᠦ᠍᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠱᠠᠨᠳᠦ᠋ᠩ᠎ᠦᠨ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠵᠢ ᠬᠦᠰᠡᠪᠡ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 5 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面