2025-03-07 10:18:41
ᠵᠠᠩ ᠶᠠᠨ ᠺᠦᠨ ᠤᠷᠤᠯᠴᠠᠵᠠᠢ
3 ᠰᠠᠷ᠎ᠠ᠎ᠶᠢᠨ 6᠎ᠤ᠋ ᠡᠳᠦᠷ᠂ ᠥᠪᠥᠷ ᠮᠣᠩᠭᠣᠯ᠎ᠳᠤ ᠰᠠᠭᠤᠭ᠎ᠠ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠳ ᠳᠤᠭᠤᠢᠯᠠᠩ ᠬᠤᠪᠢᠶᠠᠵᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ᠎ᠢ ᠶᠠᠷᠢᠯᠴᠠᠪᠠ᠃ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠶᠠᠷᠢᠯᠴᠠᠬᠤ᠎ᠳᠦ ᠤᠷᠤᠯᠴᠠᠪᠠ᠃
ᠭᠡᠰᠢᠭᠦᠳ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠤᠨ ᠪᠦᠬᠦ ᠠᠭᠤᠯᠭ᠎ᠠ᠎ᠳᠤ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠲᠤᠭᠤᠰᠢᠯᠠᠭᠳᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠡ ᠵᠢᠨ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ᠋ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ 《ᠲᠠᠪᠤ ᠶᠢ ᠨᠢᠭᠡᠳᠦᠯᠲᠡᠢ ᠲᠥᠯᠥᠪᠵᠢᠭᠦᠯᠬᠦ》 ᠶ᠋ᠢ ᠪᠦᠬᠦ ᠲᠠᠯ᠎ᠠ᠎ᠪᠠᠷ ᠡᠵᠡᠮᠳᠡᠵᠦ᠂ 《ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ᠎ᠪᠠᠷ ᠲᠣᠭᠲᠠᠭᠤᠨ ᠢ ᠠᠬᠢᠭᠤᠯᠬᠤ᠂ ᠲᠥᠪ ᠶᠤᠰᠤ ᠵᠢ ᠪᠠᠷᠢᠮᠳᠠᠯᠠᠨ ᠰᠢᠨ᠎ᠡ᠎ᠶᠢ ᠡᠭᠦᠳᠬᠦ᠂ ᠤᠷᠢᠳ᠎ᠢᠶᠡᠷ ᠰᠢᠨ᠎ᠡ ᠵᠢ ᠪᠠᠢᠭᠤᠯᠵᠤ ᠳᠠᠷᠠᠭ᠎ᠠ ᠨᠢ ᠬᠠᠭᠤᠴᠢᠨ ᠢ ᠡᠪᠳᠡᠬᠦ》 ᠪᠠᠢᠷᠢᠯᠠᠭᠤᠯᠤᠯᠲᠠ᠎ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ ᠲᠤᠷᠠᠳᠤᠭᠰᠠᠨ ᠡᠭᠦᠷᠭᠡ ᠠᠷᠭ᠎ᠠ ᠬᠡᠮᠵᠢᠶ᠎ᠡ ᠨᠢ ᠣᠨᠣᠪᠴᠢᠲᠠᠢ ᠪᠥᠭᠡᠳ ᠬᠦᠴᠦᠲᠡᠢ ᠪᠠᠢᠵᠤ᠂ ᠭᠣᠣᠯᠳᠠᠯᠭ᠎ᠠ᠎ᠶᠢ ᠲᠤᠪᠤᠢ᠍ᠢᠯᠭᠠᠵᠤ᠂ ᠢᠲᠡᠭᠡᠯ ᠵᠣᠷᠢᠭ᠋᠎ᠢ ᠬᠥᠪᠴᠢᠯᠡᠵᠦ᠂ ᠬᠥᠮᠥᠰ ᠦᠨ ᠰᠡᠳᠬᠢᠯ᠎ᠢ ᠨᠢᠭ᠍ᠲᠠᠷᠠᠭᠤᠯᠵᠤ᠂ ᠬᠥᠮᠥᠰ᠎ᠢ ᠤᠷᠮᠠᠰᠢᠭᠤᠯᠤᠨ ᠲᠠᠪᠰᠢᠭᠤᠯᠬᠤ ᠰᠠᠢᠨ ᠢᠯᠡᠳᠬᠡᠯ ᠪᠤᠯᠵᠠᠢ ᠭᠡᠵᠤ ᠰᠠᠨᠠᠯ ᠨᠢᠭᠡᠲᠡᠢ ᠦᠵᠡᠵᠡᠭᠡᠪᠡ᠃
ᠢᠯᠡᠳᠬᠡᠯ᠎ᠳᠡᠬᠢ 2024 ᠣᠨ᠎ᠤ ᠡᠷᠭᠢᠴᠡᠭᠦᠯᠦᠯ ᠨᠢ ᠨᠡᠷᠡᠨᠪᠢᠯᠢᠭ ᠭᠡᠰᠢᠭᠦᠨ᠎ᠳ᠋ᠤ ᠭᠦᠨ ᠰᠠᠭᠤᠭᠳᠠᠯ ᠦᠭᠴᠡᠢ᠃ ᠲᠡᠷᠡ᠄ 《〈ᠲᠣᠭᠲᠠᠭᠤᠨ〉 ᠪᠣᠯ ᠰᠠᠭᠤᠷᠢ᠂ 〈ᠤᠷᠤᠭᠰᠢᠯᠠᠨ ᠲᠠᠪᠰᠢᠬᠤ〉 ᠪᠣᠯ ᠴᠢᠭᠯᠡᠯ᠂ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ ᠦᠨ ᠶᠡᠷᠦᠨᠭᠬᠡᠢ ᠥᠷᠲᠡᠭ 134.9 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ 5%᠎ᠪᠠᠷ ᠨᠡᠮᠡᠭᠳᠡᠪᠡ; ᠬᠣᠲᠠ ᠪᠠᠯᠭᠠᠰᠤᠨ ᠤ 1256 ᠲᠦᠮᠡᠨ ᠬᠥᠮᠥᠨ ᠳ᠋ᠤ ᠰᠢᠨ᠎ᠡ᠎ᠪᠡᠷ ᠠᠵᠢᠯ ᠣᠯᠭᠤᠪᠠ; ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ 5.1%᠎ᠪᠠᠷ ᠪᠣᠳᠠᠲᠠᠢ ᠨᠡᠮᠡᠭᠳᠡᠪᠡ ᠁ ᠡᠨᠡ ᠬᠦ᠌ ᠬᠢᠷᠢ ᠪᠦᠲᠦᠮᠵᠢ᠎ᠶᠢᠨ ᠬᠠᠭᠤᠳᠠᠰᠤᠨ᠎ᠳᠤ ᠳᠤᠮᠳᠠᠳᠤ ᠤᠯᠤᠰ᠎ᠤᠨ ᠠᠵᠤ ᠠᠬᠤᠢ᠎ᠶᠢᠨ ᠤᠶᠠᠨ ᠬᠠᠳᠠᠨ ᠴᠢᠨᠠᠷ᠎ᠢ ᠢᠯᠡᠷᠡᠭᠦᠯᠦᠭᠰᠡᠨ᠎ᠢᠶᠡᠷ ᠪᠠᠷᠠᠬᠤ ᠦᠭᠡᠢ ᠪᠠᠰᠠ 2025 ᠣᠨ᠎ᠤ ᠴᠢᠨᠠᠷ ᠰᠠᠢᠲᠠᠢ ᠬᠥᠭᠵᠢᠯᠲᠡ᠎ᠳᠦ ᠬᠦᠴᠦᠨ ᠴᠢᠳᠠᠯ᠎ᠢ ᠬᠤᠷᠠᠮᠳᠤᠭᠤᠯᠤᠭᠰᠠᠨ ᠪᠠᠢᠨ᠎ᠠ》 ᠭᠡᠪᠡ᠃
ᠵᠠᠩ ᠯᠢ ᠸᠸᠨ ᠭᠡᠰᠢᠭᠦᠨ ᠄ 《ᠢᠯᠡᠳᠬᠡᠯ᠎ᠳᠦ ᠠᠷᠪᠠᠨ ᠲᠠᠯ᠎ᠠ᠎ᠡᠴᠡ 2025 ᠣᠨ᠎ᠤ ᠵᠠᠰᠠᠭ᠎ᠤᠨ ᠣᠷᠳᠣᠨ᠎ᠤ ᠭᠣᠣᠯᠳᠠᠯᠭ᠎ᠠ᠎ᠲᠠᠢ ᠠᠵᠢᠯ᠎ᠢ ᠳᠤᠷᠠᠳᠴᠤ᠂ ᠵᠠᠰᠠᠭ᠎ᠤᠨ ᠣᠷᠳᠣᠨ᠎ᠤ ᠳᠣᠲᠣᠭᠠᠳᠤ ᠬᠡᠷᠡᠭᠴᠡᠭᠡ ᠵᠢ ᠥᠷᠭᠡᠳᠬᠡᠬᠦ᠂ ᠠᠵᠤ ᠠᠬᠤᠢ ᠵᠢ ᠨᠡᠮᠡᠭᠳᠡᠭᠦᠯᠬᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠵᠢ ᠡᠭᠦᠳᠬᠦ᠂ ᠪᠣᠬᠢᠷᠲᠤᠯ ᠦᠭᠡᠢ ᠬᠥᠭᠵᠢᠯᠲᠡ ᠪᠠ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠵᠡᠷᠭᠡ ᠲᠠᠯ᠎ᠠ᠎ᠪᠠᠷ ᠬᠢ ᠡᠷᠡᠰ ᠪᠠᠳᠦ ᠢᠳᠡᠬᠡᠯ ᠵᠣᠷᠢᠭ᠋᠎ᠢ ᠬᠠᠷᠠᠭᠤᠯᠵᠤ᠂ ᠤᠨᠴᠠᠭᠠᠢᠯᠠᠨ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ ᠪᠣᠬᠢᠷᠲᠤᠯ᠎ᠢ ᠪᠠᠭᠠᠰᠬᠠᠬᠤ ᠨᠤᠭᠤᠭᠠᠷᠠᠭᠤᠯᠤᠯᠲᠠ ᠵᠢ ᠦᠷᠭᠡᠳᠬᠡᠬᠦ ᠦᠰᠦᠯᠲᠡ ᠵᠢ ᠨᠡᠮᠡᠭᠳᠡᠬᠦᠯᠬᠦ᠂ ᠠᠵᠤ ᠠᠬᠤᠢ ᠨᠡᠢᠭᠡᠮ᠎ᠦᠨ ᠬᠥᠭᠵᠢᠯᠲᠡ ᠶᠢ ᠪᠦᠬᠦ ᠲᠠᠯ᠎ᠠ ᠪᠠᠷ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠶᠢ ᠲᠦᠷᠭᠡᠳᠬᠡᠬᠦ ᠡᠭᠦᠷᠭᠡ᠎ᠶᠢ ᠳᠤᠷᠠᠳᠪᠠ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠵᠢᠯ ᠢ ᠬᠢᠵᠦ ᠪᠠᠢᠭ᠎ᠠ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ ᠪᠣᠯᠤᠭᠰᠠᠨ᠎ᠤ ᠬᠤᠪᠢ᠎ᠳᠤ᠂ ᠪᠢ ᠦᠪᠡᠷ᠎ᠤᠨ ᠲᠤᠰᠬᠠᠢ ᠮᠡᠷᠭᠡᠵᠢᠯ᠎ᠦᠨ ᠳᠠᠪᠠᠭᠤᠯᠢᠭ᠋᠎ᠢᠶᠠᠨ ᠦᠷᠭᠦᠯᠵᠢᠯᠡᠨ ᠭᠦᠢᠴᠡᠳ ᠪᠠᠳᠠᠷᠠᠭᠤᠯᠵᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠭᠡᠰᠢᠭᠦᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃
ᠭᠡᠰᠢᠭᠦᠳ᠂ ᠵᠠᠰᠠᠭ᠎ᠤᠨ ᠣᠷᠳᠣᠨ ᠤ ᠠᠵᠢᠯ ᠤᠨ ᠢᠯᠡᠳᠬᠡᠯ ᠳᠦ ᠲᠣᠭᠲᠠᠭᠠᠭᠰᠠᠨ ᠬᠠᠷᠠᠯᠲᠠ ᠡᠭᠦᠷᠭᠡ ᠲᠠᠢ ᠨᠢᠭ᠍ᠲᠠ ᠤᠶᠠᠯᠳᠤᠭᠤᠯᠤᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠎ᠶᠢᠨ ᠭᠠᠷᠳᠠᠴᠠ ᠪᠠ ᠬᠦᠴᠦᠯᠡᠬᠦ ᠴᠡᠭ᠎ᠢᠶᠡᠨ ᠣᠨᠣᠪᠴᠢᠲᠠᠢ ᠡᠷᠢᠨ ᠣᠯᠵᠤ᠂ ᠭᠦᠨᠵᠡᠭᠡᠢ ᠪᠠᠢᠴᠠᠭᠠᠨ ᠰᠤᠳᠤᠯᠵᠦ᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠬᠠᠵᠤ᠂ ᠰᠡᠳᠬᠢᠯ ᠨᠢᠭᠡᠳᠤᠨ ᠬᠦᠴᠦ ᠪᠡᠨ ᠬᠠᠮᠲᠤᠳᠬᠠᠬᠤ᠂ ᠰᠢᠢᠳᠪᠦᠷᠢᠲᠦ ᠪᠣᠳᠣᠯᠭ᠎ᠠ᠎ᠶᠢᠨ ᠵᠦᠪᠯᠡᠯᠬᠡ ᠦᠭᠬᠦ᠂ ᠵᠥᠪᠯᠡᠬᠦ ᠠᠷᠠᠳᠴᠢᠯᠠᠯ᠂ ᠤᠯᠤᠰ᠎ᠤᠨ ᠵᠠᠰᠠᠯᠲᠠ᠎ᠶᠢᠨ ᠡᠮᠦᠨ᠎ᠡ ᠹᠷᠣᠨᠲ᠎ᠤᠨ ᠪᠣᠳᠠᠲᠤ ᠦᠢᠯᠡᠳᠦᠯᠭᠡ ᠳᠦ ᠤᠬᠠᠮᠰᠠᠷ᠎ᠡᠴᠡ᠎ᠪᠠᠨ ᠣᠷᠣᠯᠴᠠᠵᠤ᠂ ᠥᠨᠳᠥᠷ ᠲᠦᠪᠰᠢᠨ᠎ᠢᠶᠡᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠤ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠨ᠎ᠡ ᠭᠡᠵᠦ ᠢᠯᠡᠳᠬᠡᠵᠡᠭᠡᠪᠡ᠃
ᠥᠪᠥᠷ ᠮᠣᠩᠭᠣᠯ ᠳᠤ ᠰᠠᠭᠤᠭ᠎ᠠ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ ᠪᠠᠢ ᠴᠢᠩ ᠶᠤᠸᠠᠨ᠂ ᠬᠦᠤᠳᠠᠭᠤᠯᠠ᠂ ᠰᠦᠨ ᠵᠢᠶᠦ᠋ᠨ ᠴᠢᠩ᠂ ᠠᠨ ᠷᠦᠨ ᠱᠧᠩ ᠲᠤᠰ ᠲᠤᠰ ᠥᠪᠡᠷ ᠥᠪᠡᠷ᠎ᠦᠨ ᠪᠠᠢᠭ᠎ᠠ ᠳᠤᠭᠤᠢᠯᠠᠩ᠎ᠤᠨ ᠶᠠᠷᠢᠯᠴᠠᠬᠤ᠎ᠳᠤ ᠣᠷᠣᠯᠴᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃