2025-03-07 09:48:41
— ᠶᠡᠷᠦᠩᠬᠡᠶ ᠱᠦᠵᠢ ᠰᠢ ᠵᠢᠨ ᠫᠢᠩ ᠦᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ ᠶ᠋ᠢᠨ ᠴᠢᠬᠤᠯᠠ ᠶᠠᠷᠢᠶ᠎ᠠ ᠥᠪᠥᠷ ᠮᠣᠩᠭᠣᠯ ᠳᠤ ᠬᠠᠯᠠᠭᠤᠨ ᠲᠤᠰᠭᠠᠯ ᠭᠠᠷᠪᠠ
3 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠥᠪᠥᠷ ᠮᠣᠩᠭᠣᠯ᠎ᠳᠤ ᠬᠠᠯᠠᠭᠤᠨ ᠲᠤᠰᠭᠠᠯ ᠭᠠᠷᠪᠠ᠃ ᠤᠯᠠᠨ᠎ᠢᠶᠠᠷ᠎ᠢᠶᠠᠨ᠂ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠴᠢ ᠵᠤᠷᠢᠭ᠎ᠢᠶᠠᠨ ᠪᠠᠳᠠᠷᠠᠭᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠡᠷᠡᠮᠡᠬᠡᠢᠯᠡᠨ ᠤᠷᠤᠭ᠍ᠰᠢᠯᠠᠵᠤ ᠂ ᠪᠦᠯᠬᠦᠮᠳᠡᠨ ᠨᠢᠭᠡᠳᠴᠦ᠍ ᠤᠷᠤᠭ᠍ᠰᠢᠯᠠᠨ ᠲᠠᠪᠱᠢᠬᠤ ᠢᠲᠡᠭᠡᠯ ᠵᠤᠷᠢᠭ ᠪᠣᠯᠤᠨ ᠬᠦᠴᠦᠨ ᠴᠢᠳᠠᠯ᠎ᠢ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠦᠢᠯᠡᠳᠦᠯᠭᠡ ᠵᠢᠨ ᠱᠢᠨ᠎ᠡ ᠠᠬᠢᠴᠠ ᠱᠢᠨ᠎ᠡ ᠲᠠᠪᠠᠯᠳᠠ ᠵᠢ ᠪᠡᠶᠡᠯᠡᠬᠦᠯᠬᠦ᠎ᠶ᠋ᠢ ᠠᠬᠢᠭᠤᠯᠵᠤ᠂ ᠬᠦᠴᠦᠷᠬᠡᠭ᠌ ᠤᠯᠤᠰ ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃
ᠰᠡᠳᠭᠢᠯ᠎ᠨᠢᠭᠡᠳᠤᠨ ᠬᠦᠴᠦ᠍᠎ᠪᠡᠨ ᠬᠠᠮᠲᠤᠳᠭᠠᠵᠤ᠂ ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠨ᠎ᠠ
ᠶᠡᠷᠦᠩᠬᠡᠢ ᠱᠦᠵᠢ ᠰᠢ ᠵᠢᠨ ᠫᠢᠩ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌ ᠪᠣᠯ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠦᠨᠳᠦᠰᠦᠨ ᠠᠷᠭ᠎ᠠ ᠵᠠᠮ ᠮᠥᠨ᠃ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ᠎ᠢ ᠬᠠᠮᠲᠤ ᠳᠤᠨᠢ ᠠᠳᠭᠤᠬᠤ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠢᠯᠡᠭᠦᠬᠡᠨ ᠡᠬᠦᠳᠬᠦ ᠮᠥᠷᠲᠡᠭᠡᠨ ᠪᠠᠰᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠦᠨᠡᠨ ᠪᠣᠳᠠᠲᠠᠢ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠦᠢᠯᠡᠰ᠎ᠲᠦ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ》᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠲᠢᠩᠬᠢᠮ᠎ᠦᠨ ᠳᠡᠳ᠋ ᠳᠠᠷᠤᠭ᠎ᠠ ᠯᠢᠦ ᠱᠤᠸᠠᠩ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ ᠰᠢᠨ᠎ᠡ᠎ᠶᠢ ᠡᠭᠦᠳᠬᠦ ᠪᠠᠢᠭᠤᠯᠤᠯ ᠲᠣᠭᠲᠡᠴᠡ᠂ ᠨᠢᠭᠡ ᠴᠣᠭᠴᠠᠵᠢᠭᠤᠯᠤᠭᠰᠠᠨ ᠪᠠᠢᠷᠢᠰᠢᠭᠤᠯᠤᠯᠲᠠ᠎ᠶᠢᠨ ᠪᠠᠢᠯᠳᠤᠬᠤ ᠪᠣᠳᠣᠯᠭ᠎ᠠ᠎ᠶᠢᠨ ᠲᠥᠯᠦᠪᠵᠢᠭᠦᠯᠭᠡ᠂ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠂ ᠴᠢᠬᠤᠯᠠ ᠶᠡᠬᠡ ᠡᠭᠦᠷᠭᠡ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠴᠦᠨ᠂ ᠡᠬᠢ ᠪᠠᠶᠠᠯᠢᠭ᠋᠎ᠤᠨ ᠲᠠᠪᠴᠠᠩ᠂ ᠣᠷᠣᠨ ᠪᠦᠰᠡ᠎ᠶᠢᠨ ᠰᠢᠨ᠎ᠡ᠎ᠶᠢ ᠡᠭᠦᠳᠬᠦ᠎ᠶᠢ ᠪᠥᠬᠥ ᠬᠦᠴᠦᠨ᠎ᠢᠶᠡᠷ᠎ᠢᠶᠡᠨ ᠰᠢᠯᠢᠳᠡᠭᠵᠢᠭᠦᠯᠵᠦ᠂ ᠪᠥᠬᠥ ᠣᠷᠣᠨ᠎ᠤ ᠳᠡᠭᠡᠳᠦ ᠳᠣᠣᠷᠠᠳᠤ ᠱᠠᠲᠤ᠎ᠪᠠᠷ᠎ᠢᠶᠠᠨ ᠬᠣᠯᠪᠤᠭᠠᠯᠠᠨ ᠬᠥᠳᠡᠯᠦᠯᠴᠡᠬᠦ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ ᠦᠨ ᠬᠦᠴᠦᠨ᠎ᠢ ᠲᠦᠷᠭᠡᠳᠬᠡᠨ ᠪᠣᠢᠵᠢᠭᠤᠯᠤᠨ ᠬᠥᠭᠵᠢᠭᠦᠯᠦᠨ᠎ᠡ ᠭᠡᠵᠦ ᠢᠯᠡᠳᠬᠡᠪᠡ᠃
ᠯᠢᠦ ᠱᠤᠸᠠᠩ ᠄《ᠪᠦᠬᠦ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠰᠲᠧᠮ᠎ᠦᠨ ᠬᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ〈ᠪᠦᠰᠡᠯᠡᠯᠲᠡ ᠰᠢᠪᠲᠤᠯᠬᠤ〉ᠢᠨᠵᠧᠨᠧᠷᠢᠩ᠎ᠢ ᠭᠦᠨᠵᠡᠭᠡᠢ ᠠᠬᠢᠭᠤᠯᠵᠤ᠂ ᠨᠢᠭᠡ ᠪᠦᠯᠦᠭ ᠬᠣᠭᠣᠰᠤᠨ᠎ᠢ ᠨᠥᠬᠥᠪᠦᠷᠢᠯᠡᠬᠦ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠦᠢᠯᠡᠳᠪᠦᠷᠢᠯᠡᠯ᠎ᠦᠨ ᠱᠤᠭᠤᠮ ᠢ ᠡᠬᠦᠳᠴᠤ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠰᠢᠨ᠎ᠡ ᠵᠠᠮ᠎ᠢ ᠨᠡᠭᠡᠭᠡᠨ᠎ᠡ; ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠴᠢᠩᠭᠠᠷᠠᠭᠤᠯᠵᠤ᠂ ᠳᠠᠭᠠᠭᠤᠯᠤᠭᠴᠢ ᠠᠵᠤ ᠠᠬᠤᠢᠯᠠᠯ᠎ᠢᠶᠠᠷ ᠲᠦᠷᠦᠭᠦᠯᠡᠭᠦᠯᠦᠭᠰᠡᠨ ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠯᠬᠢᠶ᠎ᠡ᠎ᠶᠢᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ᠎ᠶᠢ ᠲᠦᠷᠭᠡᠳᠬᠡᠨ ᠪᠠᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ ᠠᠵᠤ ᠠᠬᠤᠢᠯᠠᠯ᠎ᠢ ᠪᠣᠢᠵᠢᠭᠤᠯᠤᠨ ᠪᠤᠵᠠᠭᠠᠢᠷᠠᠭᠤᠯᠤᠨ᠎ᠠ; 〈ᠮᠸᠩ ᠺᠸ ᠵᠢᠤᠢ〉2.0 ᠬᠡᠪᠯᠡᠯ᠎ᠦᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ᠂ ᠦᠷ᠎ᠡ ᠪᠦᠲᠦᠭᠡᠯ᠎ᠢ ᠬᠡᠷᠡᠭᠯᠡᠬᠦ᠂ ᠦᠢᠯᠡᠳᠪᠦᠷᠢᠯᠡᠬᠦ ᠡᠴᠡ ᠡᠮᠦᠨᠡᠬᠢ ᠲᠤᠷᠰᠢᠯᠲᠠ ᠪᠡᠷ ᠦᠷ᠎ᠡ ᠪᠦᠳᠦᠬᠡᠯ ᠢ ᠤᠨᠳᠤᠤᠰᠢᠭᠤᠯᠬᠤ ᠡᠴᠡ ᠵᠠᠬ᠎ᠠ ᠳᠡᠯᠭᠡᠭᠦᠷ᠎ᠲᠦ ᠳᠡᠯᠭᠡᠷᠡᠭᠦᠯᠬᠦ ᠬᠦᠷᠲᠡᠯᠡᠬᠢ ᠪᠦᠬᠦ ᠬᠡᠯᠬᠢᠶᠡᠨ ᠤ ᠦᠢᠯᠡᠴᠢᠯᠡᠭᠡᠨ᠎ᠦ ᠰᠢᠰᠲᠧᠮ᠎ᠢ ᠪᠠᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦᠨ ᠦᠷ᠎ᠡ ᠪᠦᠲᠦᠭᠡᠯ᠎ᠢ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ᠎ᠶᠢ ᠲᠦᠷᠭᠡᠳᠬᠡᠨ᠎ᠡ》 ᠭᠡᠪᠡ᠃
《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠨᠠᠳᠠᠳᠦ ᠭᠦᠨ ᠰᠠᠭᠤᠭᠳᠠᠯ ᠦᠯᠡᠳᠡᠭᠡᠵᠦ᠂ ᠭᠦᠨᠵᠡᠭᠡᠢ ᠰᠡᠩᠬᠡᠷᠡᠭᠦᠯᠦᠯᠤᠯᠭᠤᠵᠠᠢ》᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠂ ᠠᠷᠠᠳᠴᠢᠯᠠᠭ᠍ᠰᠠᠨ ᠬᠣᠯᠪᠣᠭ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ᠎ᠶ᠋ᠢᠨ ᠡᠷᠬᠢᠯᠡᠭ᠌ᠴᠢ ᠭᠡᠱᠢᠭᠦᠨ ᠵᠤᠤ ᠵᠶ᠋ᠢ᠂《ᠠᠰᠫᠢᠷᠠᠨᠲ᠎ᠤᠨ ᠰᠤᠷᠭᠠᠨ ᠬᠥᠮᠦᠵᠢᠯ ᠪᠣᠯ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠴᠢᠳᠠᠪᠤᠷᠢᠲᠠᠨ᠎ᠢ ᠨᠢᠭᠡ ᠴᠤᠬ᠍ᠴᠠᠵᠢᠭᠤᠯᠤᠨ ᠠᠬᠢᠭᠤᠯᠬᠤ ᠴᠢᠬᠤᠯᠠ ᠠᠭᠤᠯᠵᠠᠷ ᠴᠡᠭ ᠪᠣᠯᠤᠨ᠎ᠠ᠂ ᠵᠠᠰᠠᠭ᠎ᠤᠨ ᠣᠷᠳᠣᠨ᠂ ᠶᠡᠬᠡ ᠳᠡᠭᠡᠳᠦ ᠰᠤᠷᠭᠠᠭᠤᠯᠢ᠂ ᠠᠵᠤ ᠠᠬᠤᠢᠯᠠᠯ᠎ᠤᠨ ᠬᠢᠨ ᠬᠣᠷᠸ᠎ᠠ ᠲᠦᠷᠦ᠍᠎ᠶ᠋ᠢᠨ ᠪᠤᠳᠤᠯᠭ᠎ᠠ᠂ ᠴᠢᠳᠠᠪᠤᠷᠢᠲᠠᠨ᠎ᠢ ᠬᠥᠮᠦᠵᠢᠭᠦᠯᠬᠦ᠌᠂ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠡᠭᠦᠷᠭᠡ ᠴᠢᠳᠠᠪᠬᠢ᠎ᠶ᠋ᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠨᠡᠭᠡᠭᠡᠯᠲᠡᠲᠦ ᠮᠠᠶᠢᠭ᠎ᠤᠨ ᠦᠢᠯᠡᠳᠪᠦᠷᠢᠯᠡᠯ ᠵᠢᠭᠠᠨ ᠰᠤᠷᠭᠠᠯᠲᠠ᠎ᠶ᠋ᠢ ᠠᠭᠤᠰᠤᠯᠴᠠᠭᠤᠯᠤᠭᠰᠠᠨ ᠠᠰᠫᠢᠷᠠᠨᠲ᠎ᠢ ᠬᠠᠮᠲᠤᠷᠠᠨ ᠬᠥᠮᠦᠵᠢᠭᠦᠯᠬᠦ᠌ ᠰᠠᠭᠤᠷᠢᠨ ᠢ ᠪᠠᠢᠭᠤᠯᠬᠤ ᠪᠡᠷ ᠴᠢᠬᠤᠯᠠ ᠭᠠᠷᠳᠠᠴᠠ ᠪᠣᠯᠭᠠᠵᠤ᠂ ᠠᠰᠫᠢᠷᠠᠨᠲ᠎ᠤᠨ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠴᠢᠷᠮᠠᠢᠨ ᠳᠡᠭᠡᠭ᠌ᠰᠢᠯᠡᠭᠦᠯᠵᠦ᠍᠂ ᠨᠢᠭᠡ ᠪᠦᠯᠦᠭ ᠳᠡᠭᠡᠳᠦ ᠲᠡᠰ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠤ ᠡᠩᠨᠡᠭᠡ᠎ᠶ᠋ᠢ ᠳᠠᠪᠲᠠᠨ ᠪᠣᠯᠪᠠᠰᠤᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠰᠠᠭᠤᠷᠢ ᠴᠢᠨᠠᠷᠲᠠᠢ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠲᠤᠯᠭᠠᠭᠤᠷᠢᠯᠠᠯ ᠬᠠᠩᠭᠠᠬᠤ ᠬᠡᠷᠡᠭ᠌ᠲᠡᠢ》 ᠭᠡᠵᠦ᠍ ᠬᠡᠯᠡᠪᠡ᠃
《ᠶᠡᠷᠦᠩᠬᠡᠢ ᠱᠦᠵᠢ ᠰᠢ ᠵᠢᠨ ᠫᠢᠩ᠂ ᠠᠷᠠᠳ ᠤᠨ ᠡᠵᠡᠩᠨᠡᠯᠲᠡ᠎ᠶ᠋ᠢᠨ ᠠᠵᠤ ᠠᠬᠤᠢᠯᠠᠯ ᠤᠨ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠡᠯ᠎ᠡ ᠵᠦᠢᠯ᠎ᠦᠨ ᠥᠮᠴᠢᠯᠡᠯ᠎ᠦᠨ ᠠᠵᠤ ᠠᠬᠤᠢᠯᠠᠯ᠎ᠳᠤ ᠨᠢᠭᠡ ᠯᠡ ᠠᠳᠠᠯᠢ᠎ᠪᠠᠷ ᠬᠠᠨᠳᠤᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠥᠪᠡᠷᠲᠡᠭᠡᠨ ᠵᠠᠰᠠᠬᠤ ᠣᠷᠣᠨ᠎ᠤ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠥᠬᠥ᠌ ᠨᠡᠢᠭᠡᠮ᠎ᠢᠶᠡᠷ᠎ᠢᠶᠡᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠬᠠᠯᠠᠮᠵᠢᠯᠠᠨ ᠳᠡᠮᠵᠢᠬᠦ᠌ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠨ᠎ᠠ》᠃ ᠥᠪᠡᠷᠲᠡᠭᠡᠨ ᠵᠠᠰᠠᠬᠤ ᠣᠷᠣᠨ᠎ᠤ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠲᠡᠷᠢᠭᠦᠯᠡᠭ᠌ᠴᠢ ᠪᠤᠶᠠᠨᠲᠤ᠂ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠎ᠶ᠋ᠢᠨ ᠲᠣᠭᠣᠷᠢᠨ᠎ᠳᠤ᠂ ᠰᠠᠨᠠᠭᠠᠴᠢᠯᠠᠭ᠎ᠠ᠎ᠡᠴᠡ ᠪᠠᠨ ᠤᠷᠢᠳᠴᠢᠯᠠᠨ ᠦᠶ᠋ᠯᠡᠴᠢᠯᠡᠵᠦ᠍᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ᠎ᠶ᠋ᠢ ᠠᠬᠢᠭᠤᠯᠤᠨ᠎ᠠ; 《ᠵᠠᠰᠠᠭ᠎ᠤᠨ ᠤᠷᠳᠤᠨ ᠠᠵᠤ ᠠᠬᠤᠢᠯᠠᠯ ᠰᠡᠳᠭᠢᠯ ᠨᠢᠭᠡᠳᠦᠭᠰᠡᠨ ᠶᠠᠷᠢᠯᠴᠠᠬᠤ ᠬᠤᠷᠠᠯ》 ᠵᠡᠷᠭᠡ ᠠᠵᠢᠯᠯᠠᠭ᠎ᠠ᠎ᠶ᠋ᠢ ᠭᠦᠨᠵᠡᠭᠡᠢᠷᠡᠭᠦᠯᠵᠦ᠍᠂ 96888 ᠥᠪᠥᠷ ᠮᠣᠩᠭᠣᠯ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠦᠶ᠋ᠯᠡᠴᠢᠯᠡᠭᠡᠨ᠎ᠦ ᠬᠠᠯᠠᠮᠱᠢᠯ ᠤᠲᠠᠰᠤ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ ᠪᠠ ᠠᠩᠬᠠᠷᠴᠤ᠌ ᠪᠠᠢᠭ᠎ᠠ ᠠᠰᠠᠭᠤᠳᠠᠯ᠎ᠳᠤ ᠴᠠᠭ ᠲᠤᠬᠠᠶ᠎ᠳᠤᠨᠢ ᠬᠠᠷᠢᠭᠤᠯᠲᠠ ᠥᠭ᠌ᠭᠦᠨ᠎ᠡ; ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠲᠠᠰ ᠳᠡᠪᠱᠢᠭᠦᠯᠬᠦ᠌᠎ᠶ᠋ᠢᠨ ᠲᠣᠭᠣᠷᠢᠨ᠎ᠳᠤ᠂ ᠠᠳᠠᠯᠢ ᠪᠤᠰᠤ ᠲᠥᠷᠥᠯ ᠬᠡᠯᠪᠡᠷᠢ᠎ᠶ᠋ᠢᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠍᠂ ᠢᠳᠡᠪᠬᠢᠲᠡᠶ᠎ᠪᠡᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠨ᠎ᠠ;《ᠲᠦᠮᠡᠨ ᠪᠠᠢᠭᠤᠯᠤᠮᠵᠢ ᠬᠤᠯᠪᠤᠭᠠᠯᠠᠭᠰᠠᠨ ᠲᠤᠮᠤ ᠬᠤᠷᠠᠯ》 ᠤ᠋ ᠲᠣᠭ᠍ᠲᠠᠴᠠ᠎ᠶ᠋ᠢ ᠭᠦᠨᠵᠡᠭᠡᠢᠷᠡᠭᠦᠯᠵᠦ᠍᠂ ᠠᠷᠢᠭᠤᠨ ᠴᠢᠬᠡᠴᠢ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠂ ᠬᠠᠤᠯᠢ᠎ᠪᠠᠷ ᠵᠠᠰᠠᠬᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠪᠠᠢᠭᠤᠯᠤᠯᠲᠠ᠎ᠶ᠋ᠢ ᠠᠬᠢᠭᠤᠯᠵᠤ᠂ ᠬᠠᠤᠯᠢ᠎ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠳᠦ ᠬᠦᠴᠦᠨ ᠨᠡᠮᠡᠷᠢᠯᠡᠵᠦ᠍᠂ ᠠᠷᠠᠳ ᠤᠨ ᠡᠵᠡᠩᠨᠡᠯᠲᠡ᠎ᠶ᠋ᠢᠨ ᠠᠵᠤ ᠠᠬᠤᠢᠯᠠᠯ ᠢ ᠬᠦᠳᠦᠯᠦᠨ ᠵᠢᠯᠣᠭᠣᠳᠴᠤ᠌ ᠪᠠᠢᠭᠠᠳ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠨ᠎ᠠ ᠭᠡᠵᠦ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ ᠨᠠᠮ᠎ᠤᠨ ᠬᠤᠷᠢᠶ᠎ᠠ᠎ᠶᠢᠨ ᠭᠡᠱᠢᠭᠦᠨ᠂ ᠤᠯᠤᠰ ᠲᠥᠷᠥ ᠴᠠᠭ᠍ᠳᠠᠭᠠᠨ᠎ᠤ ᠶᠠᠪᠤᠳᠠᠯ᠎ᠤᠨ ᠬᠡᠯᠲᠡᠰ᠎ᠦᠨ ᠡᠷᠬᠢᠯᠡᠭ᠌ᠴᠢ ᠾᠦᠸᠸ ᠴᠢᠩ ᠽᠦᠨ᠄《ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠨᠢ ᠦᠨᠳᠦᠷ ᠲᠦ᠍ ᠵᠤᠬᠰᠤᠨ ᠠᠯᠤᠰ᠎ᠢ ᠪᠠᠷᠠᠯᠠᠵᠤ᠂ ᠳᠣᠲᠣᠭᠠᠳᠤ ᠠᠭᠤᠯᠤᠭ᠍ᠳᠠᠬᠤᠨ᠎ᠨᠢ ᠭᠦᠨᠵᠡᠭᠡᠶ ᠪᠠᠢᠵᠤ᠂ ᠨᠠᠳᠠ᠎ᠳᠤ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠥᠩᠭᠡ ᠬᠡᠷᠡᠯ᠎ᠲᠡᠶ ᠰᠠᠨᠠᠭ᠍ᠳᠠᠵᠤ ᠪᠠᠢᠨ᠎ᠠ᠂ ᠪᠦᠬᠦ᠌ ᠣᠷᠣᠨ᠎ᠤ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠱᠢᠰᠲ᠋ᠧᠮ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠤᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠢᠯᠡᠴᠢᠯᠡᠭᠡ ᠵᠡᠷᠭᠡ ᠠᠵᠢᠯ᠎ᠢ ᠢᠳᠡᠪᠬᠢᠲᠡᠢ ᠰᠠᠢᠲᠤᠷ ᠬᠢᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ 〈ᠬᠠᠤᠯᠢ ᠪᠡᠷ ᠵᠠᠰᠠᠬᠤ᠎ᠶᠢᠨ ᠪᠡᠶ᠎ᠡ᠎ᠶ᠋ᠢᠨ ᠪᠠᠢᠴᠠᠭᠠᠯᠲᠠ〉 ᠵᠡᠷᠭᠡ ᠠᠵᠢᠯᠯᠠᠭ᠎ᠠ᠎ᠶ᠋ᠢ ᠪᠦᠲᠦᠮᠵᠢᠲᠡᠢ ᠥᠷᠨᠢᠭᠦᠯᠵᠦ᠍᠂ ᠡᠯ᠎ᠡ ᠵᠦᠢᠯ᠎ᠦᠨ ᠥᠮᠴᠢᠯᠡᠯ᠎ᠦᠨ ᠠᠵᠤ ᠠᠬᠤᠢᠯᠠᠯ᠎ᠳᠤ ᠨᠢᠭᠡ ᠯᠡ ᠠᠳᠠᠯᠢ᠎ᠪᠠᠷ ᠬᠠᠨᠳᠤᠵᠤ᠂ ᠬᠠᠤᠯᠢ ᠪᠡᠷ ᠵᠠᠰᠠᠬᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ 〈ᠨᠢᠭᠡ ᠭᠣᠣᠯ ᠱᠢᠵᠢᠮ᠎ᠢ ᠲᠤᠭᠤᠱᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠂ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠂ ᠱᠢᠨ᠎ᠡ ᠵᠠᠮ ᠨᠡᠭᠡᠭᠡᠬᠦ ᠳᠤᠮᠳᠠ ᠲᠦᠪᠰᠢᠨ᠎ᠳᠦ ᠣᠷᠣᠬᠤ〉 ᠳ᠋ᠤ ᠬᠦᠴᠦᠲᠡᠢ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠨ᠎ᠠ》 ᠭᠡᠪᠡ᠃
ᠱᠢᠷᠭᠠᠭᠤ ᠠᠵᠢᠯᠯᠠᠬᠤ᠎ᠶ᠋ᠢ ᠲᠡᠷᠢᠭᠦᠨ᠎ᠳᠦ ᠲᠠᠯᠪᠢᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠨ ᠱᠢᠨ᠎ᠡ ᠪᠠᠢᠳᠠᠯ᠎ᠢ ᠨᠡᠭᠡᠭᠡᠨ ᠡᠬᠦᠳᠦᠨ᠎ᠡ
ᠠᠷᠠᠳ ᠤᠨ ᠰᠡᠳᠭᠢᠯ ᠦᠨ ᠬᠠᠨᠳᠤᠰᠢ ᠪᠤᠯ ᠵᠠᠰᠠᠭ᠎ᠤᠨ ᠶᠠᠪᠤᠳᠠᠯ᠎ᠤᠨ ᠬᠡᠷᠡᠭ᠌ᠵᠢᠭᠦᠯᠦᠯᠲᠡ᠎ᠶᠢᠨ ᠵᠤᠷᠢᠯᠭ᠎ᠠ ᠪᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ ᠤᠨ ᠱᠦᠵᠢ᠂ ᠲᠢᠩᠬᠢᠮ᠎ᠦᠨ ᠳᠠᠷᠤᠭ᠎ᠠ ᠵᠠᠢ ᠶᠢᠩ ᠵᠢᠥ᠋ᠨ᠂ ᠪᠦᠬᠦ᠌ ᠣᠷᠣᠨ᠎ᠤ ᠡᠯ᠎ᠡ ᠱᠠᠲᠤᠨ ᠤ ᠬᠥᠮᠦᠨ ᠦ ᠬᠦᠴᠦᠨ ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠨ ᠬᠢᠨ ᠰᠠᠨᠠᠭᠠᠴᠢᠯᠠᠭ᠎ᠠ ᠡᠴᠡ᠎ᠪᠠᠨ ᠡᠮᠦᠨ᠎ᠡ ᠹᠷᠣᠨᠲ᠎ᠲᠤ ᠬᠦᠷᠴᠦ᠍ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠰᠠᠯᠠᠭ᠎ᠠ ᠮᠥᠴᠢᠷ᠎ᠦᠨ ᠡᠭᠦᠷᠭᠡ ᠴᠢᠳᠠᠪᠬᠢ᠎ᠶ᠋ᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠠᠵᠢᠯ ᠣᠯᠭᠣᠯᠲᠠ᠎ᠶ᠋ᠢᠨ ᠨᠠᠢᠳᠠᠪᠤᠷᠢᠵᠢᠭᠤᠯᠤᠯᠳᠠ ᠵᠢ ᠠᠬᠢᠭᠤᠯᠬᠤ ᠠᠵᠢᠯᠯᠠᠭ᠎ᠠ᠎ᠪᠠᠷ ᠵᠢᠯᠣᠭᠣᠳᠤᠮᠵᠢ ᠪᠣᠯᠭᠠᠵᠤ᠂ ᠨᠡᠩ ᠤᠯᠠᠨ ᠠᠵᠢᠯ ᠣᠯᠭᠣᠯᠲᠠ᠎ᠶ᠋ᠢᠨ ᠠᠵᠠ ᠲᠣᠬᠢᠶᠠᠯ᠎ᠢ ᠡᠭᠦᠳᠴᠦ᠍᠂ ᠠᠷᠠᠳ ᠤᠯᠠᠨ᠎ᠢ ᠬᠢᠬᠦ᠌ ᠠᠵᠢᠯ᠎ᠲᠠᠶ᠂ ᠤᠯᠬᠤ ᠵᠣᠭᠣᠰ᠎ᠲᠠᠶ ᠪᠣᠯᠭᠠᠨ᠎ᠠ; ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠌ ᠪᠠ ᠳᠠᠭᠠᠳᠭᠠᠯ᠎ᠳᠤ ᠣᠷᠣᠯᠴᠠᠬᠤ ᠬᠠᠮᠤᠷᠬᠤ ᠬᠡᠪᠴᠢᠶ᠎ᠡ᠎ᠶ᠋ᠢ ᠥᠷᠭᠡᠳᠭᠡᠬᠦ᠌᠎ᠪᠡᠷ ᠵᠠᠩᠭᠢᠯᠠᠭ᠎ᠠ ᠪᠣᠯᠭᠠᠵᠤ᠂ ᠤᠯᠠᠨ ᠲᠦᠮᠡᠨ᠎ᠢ 《ᠥᠲᠡᠯᠪᠡᠯ ᠲᠦᠱᠢᠭ ᠲᠤᠯᠭᠠᠭᠤᠷᠢ᠎ᠲᠠᠶ》 ᠂ 《ᠥᠲᠡᠯᠪᠡᠯ ᠪᠠᠶᠠᠷ ᠪᠠᠶᠠᠰᠭᠤᠯᠠᠩ᠎ᠲᠠᠶ》ᠪᠤᠯᠭᠠᠨ᠎ᠠ; ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠦᠢᠯᠭᠡᠭᠡᠬᠦ᠂ ᠬᠥᠮᠦᠵᠢᠭᠦᠯᠬᠦ ᠨᠡᠭᠡᠭᠡᠨ ᠬᠥᠭ᠌ᠵᠢᠭᠦᠯᠬᠦ᠌᠂ ᠦᠨᠡᠯᠡᠬᠦ ᠤᠷᠮᠠᠱᠢᠭᠤᠯᠬᠤ᠂ ᠦᠢᠯᠡᠴᠢᠯᠡᠭᠡ ᠪᠠᠲᠤᠯᠠᠭ᠎ᠠ᠎ᠪᠠᠷ ᠭᠠᠷᠳᠠᠴᠠ ᠪᠣᠯᠭᠠᠵᠤ᠂ ᠡᠯ᠎ᠡ ᠲᠦᠷᠦᠯ᠎ᠦᠨ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠥᠷᠢᠰᠥᠯᠳᠦᠭᠦᠯᠦᠨ ᠬᠥᠭ᠌ᠵᠢᠭᠡᠵᠦ᠍᠂ ᠤᠶᠤᠨ ᠤᠬᠠᠭᠠᠨ ᠠᠪᠢᠶᠠᠰ ᠴᠢᠳᠠᠪᠤᠷᠢ᠎ᠶ᠋ᠢ ᠨᠢ ᠭᠦᠢᠴᠡᠳ ᠪᠠᠳᠠᠷᠠᠭᠤᠯᠤᠨ᠎ᠠ; ᠡᠶ᠎ᠡ ᠵᠣᠬᠢᠴᠠᠯ᠎ᠲᠠᠶ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠬᠤ᠎ᠶ᠋ᠢ ᠦᠷᠭᠦᠯᠵᠢᠯᠡᠨ ᠠᠬᠢᠭᠤᠯᠬᠤ᠎ᠪᠠᠷ ᠭᠣᠣᠯᠳᠠᠯᠭ᠎ᠠ ᠪᠣᠯᠭᠠᠨ᠂ ᠬᠥᠳᠡᠯᠮᠦᠷᠢᠴᠢᠳ᠎ᠢ ᠬᠥᠳᠡᠯᠮᠦᠷᠢᠯᠡᠪᠡᠯ ᠣᠷᠣᠯᠭ᠎ᠠ᠎ᠲᠠᠶ᠂ ᠡᠷᠬᠡ ᠵᠢ ᠨᠢ ᠬᠠᠮᠠᠭᠠᠯᠠᠯᠲᠠ᠎ᠲᠠᠶ ᠪᠣᠯᠭᠠᠨ᠎ᠠ ᠭᠡᠵᠦ ᠢᠯᠡᠳᠬᠡᠪᠡ᠃
《ᠶᠡᠷᠦᠩᠬᠡᠢ ᠱᠦᠵᠢ ᠰᠢ᠎ᠶᠢᠨ ᠫᠢᠩ ᠤᠨ ᠴᠢᠬᠤᠯᠠ ᠶᠠᠷᠢᠶ᠎ᠠ ᠨᠢ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠦᠨ ᠬᠢᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠤᠰᠤ ᠠᠷᠪᠢᠯᠠᠬᠤ ᠠᠵᠢᠯᠯᠠᠭ᠎ᠠ᠎ᠶᠢ ᠨᠢᠭᠡᠳᠦᠯᠲᠡᠢ ᠲᠥᠯᠥᠪᠯᠡᠨ ᠰᠠᠢᠲᠤᠷ ᠠᠳᠬᠤᠬᠤ᠎ᠳᠤ ᠤᠷᠤᠭᠰᠢᠯᠠᠯᠲᠠ᠎ᠶᠢᠨ ᠴᠢᠭᠯᠡᠯ᠎ᠢ ᠲᠣᠳᠣᠷᠬᠠᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠭᠰᠠᠨ ᠪᠠᠢᠨ᠎ᠠ》᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠱᠸᠩ ᠰᠢᠶᠤᠤ ᠶᠢᠦ᠄ 《ᠥᠪᠥᠷ ᠮᠣᠩᠭᠣᠯ ᠬᠦᠨᠳᠦ ᠰᠦᠷᠡᠬᠡᠢ ᠤᠰᠤ ᠳᠤᠲᠠᠭᠳᠠᠵᠤ ᠪᠠᠢᠭ᠎ᠠ ᠭᠠᠵᠠᠷ ᠣᠷᠣᠨ ᠪᠣᠯᠤᠭᠰᠠᠨ᠎ᠤ ᠬᠤᠪᠢ᠎ᠳᠤ᠂ ᠤᠰᠤᠨ᠎ᠤ ᠡᠬᠢ ᠰᠤᠷᠪᠤᠯᠵᠢ ᠬᠤᠮᠰᠠ᠂ ᠲᠠᠷᠬᠠᠯᠲᠠ ᠲᠡᠩᠴᠡᠭᠦᠷᠢ ᠦᠭᠡᠢ ᠪᠠᠢᠬᠤ ᠨᠢ ᠪᠥᠬᠥ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠣᠷᠳᠣ᠌ ᠬᠤᠭᠤᠴᠠᠭ᠎ᠠ᠎ᠪᠠᠷ ᠬᠢᠵᠠᠭᠠᠷᠯᠠᠵᠤ ᠪᠤᠢ᠂ ᠤᠰᠤ ᠠᠷᠪᠢᠯᠠᠬᠤ᠎ᠶᠢ ᠰᠠᠢᠲᠤᠷ ᠠᠳᠬᠤᠬᠤ ᠶᠠᠪᠤᠳᠠᠯ ᠪᠠᠴᠢᠮ ᠲᠤᠯᠭᠠᠮ ᠱᠠᠭᠠᠷᠳᠠᠭᠳᠠᠵᠤ᠂ ᠦᠴᠦᠬᠡᠨ ᠴᠦ᠍ ᠠᠯᠭᠤᠷᠯᠠᠵᠤ ᠪᠤᠯᠬᠤ ᠦᠭᠡᠢ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠶᠡᠷᠦᠩᠬᠡᠢ ᠱᠦᠵᠢ ᠰᠢ᠎ᠶᠢᠨ ᠫᠢᠩ᠎ᠤᠨ 〈ᠤᠰᠤ ᠠᠷᠪᠢᠯᠠᠬᠤ᠎ᠶᠢ ᠲᠡᠷᠢᠭᠦᠨ᠎ᠳᠤ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠸᠮ ᠲᠡᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ〉ᠤᠰᠤ ᠵᠠᠰᠠᠬᠤ ᠰᠡᠳᠬᠢᠴᠠ᠎ᠶᠢ ᠡᠷᠡᠰ ᠭᠤᠢᠪᠢᠰᠢ ᠦᠭᠡᠢ ᠲᠤᠭᠤᠰᠢᠯᠠᠭᠤᠯᠵᠤ᠂ ᠤᠰᠤ ᠠᠷᠪᠢᠯᠠᠬᠤ᠎ᠶᠢ ᠤᠰᠤᠨ ᠲᠣᠣᠷ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ᠎ᠶᠢᠨ ᠳᠦᠷᠢᠮ᠎ᠢ ᠨᠠᠢᠳᠠᠪᠤᠷᠢᠵᠢᠭᠤᠯᠬᠤ ᠵᠡᠷᠭᠡ ᠡᠯ᠎ᠡ ᠵᠦᠢᠯ᠎ᠤᠨ ᠠᠵᠢᠯ᠎ᠤᠨ ᠲᠡᠷᠢᠭᠦᠨ ᠪᠠᠢᠷᠢᠨ᠎ᠳᠤ ᠲᠠᠯᠪᠢᠵᠤ᠂ 〈ᠤᠰᠤ ᠪᠡᠷ ᠲᠥᠷᠪᠡ ᠵᠢ ᠲᠣᠭᠲᠠᠭᠠᠬᠤ〉 ᠵᠠᠷᠴᠢᠮ᠎ᠢ ᠪᠠᠷᠢᠮᠲᠠᠯᠠᠨ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠋᠎ᠢ ᠨᠡᠮᠡᠭᠳᠡᠭᠦᠯᠬᠦ᠂ ᠠᠵᠤ ᠦᠢᠯᠡᠳᠪᠦᠷᠢ᠎ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ᠂ ᠬᠣᠲᠠ ᠪᠠᠯᠭᠠᠰᠤ᠎ᠶᠢᠨ ᠤᠰᠤ ᠠᠷᠪᠢᠯᠠᠵᠤ ᠰᠦᠢᠳᠭᠡᠭᠦ ᠬᠡᠮᠵᠢᠶ᠎ᠡ᠎ᠶᠢ ᠪᠠᠭᠠᠰᠬᠠᠬᠤ᠎ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠤᠨ᠎ᠠ᠃ ᠡᠭᠦᠨ᠎ᠦ ᠬᠠᠮᠲᠤ᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠪᠡᠷ ᠬᠥᠳᠡᠯᠭᠡᠬᠦ ᠬᠦᠴᠦᠨ ᠪᠣᠯᠭᠠᠵᠤ᠂ ᠤᠰᠤᠨ ᠠᠰᠢᠭ᠍ᠯᠠᠯᠲᠠ᠎ᠶᠢᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠬᠥᠭᠵᠢᠭᠦᠯᠵᠦ᠂ ᠪᠥᠬᠥ ᠤᠯᠤᠰ᠎ᠲᠤ ᠤᠰᠤ ᠠᠷᠪᠢᠯᠠᠬᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ ᠢ ᠡᠩ ᠲᠡᠷᠢᠭᠦᠨ᠎ᠳᠦ ᠪᠠᠢᠭᠤᠯᠵᠤ᠂ ᠤᠰᠤᠨ᠎ᠤ ᠡᠬᠢ ᠪᠠᠶᠠᠯᠢᠭ᠋᠎ᠢ ᠠᠷᠪᠢᠯᠠᠨ ᠡᠷᠴᠢᠮᠵᠢᠭᠦᠯᠦᠨ ᠠᠰᠢᠭ᠍ᠯᠠᠬᠤ ᠴᠢᠬᠤᠯᠠ ᠶᠡᠬᠡ ᠬᠡᠷᠡᠭᠴᠡᠭᠡ ᠱᠠᠭᠠᠷᠳᠠᠯᠭ᠎ᠠ᠎ᠳᠤ ᠬᠠᠨᠳᠤᠭᠤᠯᠤᠨ᠂ ᠤᠰᠤᠨ᠎ᠤ ᠡᠷᠬᠡ᠎ᠶᠢᠨ ᠠᠷᠠᠯᠵᠢᠶᠠᠨ᠎ᠤ ᠵᠠᠭᠪᠤᠷ᠎ᠢ ᠰᠢᠨ᠎ᠡ᠎ᠪᠡᠷ ᠡᠭᠦᠳᠴᠦ᠂ ᠤᠰᠤ ᠠᠷᠪᠢᠯᠠᠬᠤ ᠦᠢᠯᠡᠳᠬᠦᠨ᠎ᠦ ᠲᠣᠨᠣᠭ ᠲᠥᠬᠦᠭᠡᠷᠦᠮᠵᠢ᠎ᠶᠢᠨ ᠬᠠᠩᠭᠠᠯᠭ᠎ᠠ᠎ᠶᠢ ᠴᠢᠩᠭᠠᠷᠠᠭᠤᠯᠵᠤ᠂ ᠤᠰᠤ ᠠᠷᠪᠢᠯᠠᠬᠤ ᠬᠠᠮᠢᠶᠠᠷᠤᠯᠲᠠ᠎ᠶᠢᠨ ᠦᠢᠯᠡᠴᠢᠯᠡᠭᠡᠨ᠎ᠦ ᠬᠢᠷᠢ ᠬᠡᠮᠵᠢᠶ᠎ᠡ᠎ᠶᠢ ᠳᠡᠭᠡᠭᠰᠢᠯᠡᠭᠦᠯᠵᠦ᠂ ᠤᠰᠤ ᠠᠷᠪᠢᠯᠠᠬᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠤᠰᠤ ᠠᠷᠪᠢᠯᠠᠬᠤ ᠠᠵᠤ ᠦᠢᠯᠡᠰ᠎ᠦᠨ ᠬᠥᠭᠵᠢᠯᠲᠡ᠎ᠶᠢᠨ ᠭᠦᠨᠵᠡᠭᠡᠢ ᠠᠭᠤᠰᠤᠯᠴᠠᠬᠤ᠎ᠶᠢ ᠲᠤᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠎ᠳᠦ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢ ᠬᠠᠩᠭᠠᠨ᠎ᠠ》 ᠭᠡᠵᠤ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠦᠨ ᠳᠡᠳ᠋ ᠳᠠᠷᠤᠭ᠎ᠠ᠂ ᠠᠬᠠᠮᠠᠳ ᠺᠠᠳ᠋ᠷ᠎ᠤᠨ ᠲᠣᠪᠴᠢᠶᠠᠨ᠎ᠤ ᠳᠠᠷᠤᠭ᠎ᠠ ᠱᠢᠨ ᠱᠢᠶᠤᠤ ᠷᠦᠢ᠂ ᠶᠡᠷᠦᠩᠬᠡᠶ ᠱᠦᠵᠢ ᠰᠢ ᠵᠢᠨ ᠫᠢᠩ᠎ᠦᠨ《ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠯᠤᠰ ᠲᠥᠷᠥ᠎ᠶ᠋ᠢᠨ ᠴᠢᠳᠠᠮᠵᠢ ᠪᠠ ᠵᠣᠬᠢᠶᠠᠨ ᠪᠠᠢᠭᠤᠯᠤᠯᠲᠠ᠎ᠶ᠋ᠢᠨ ᠴᠢᠳᠠᠮᠵᠢ ᠪᠠᠨ ᠴᠢᠩᠭᠠᠳᠭᠠᠬᠤ ᠬᠡᠷᠡᠭ᠌ᠲᠡᠶ》 ᠭᠡᠰᠡᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ᠂ ᠪᠢᠳᠡ ᠪᠦᠬᠦ᠌ ᠣᠷᠣᠨ᠎ᠤ ᠠᠵᠢᠯ᠎ᠡᠴᠡ᠎ᠪᠠᠨ ᠳᠠᠷᠬᠠᠯᠠᠭ᠍ᠳᠠᠭ᠍ᠰᠠᠨ ᠠᠵᠢᠯ᠎ᠡᠴᠡ᠎ᠪᠠᠨ ᠠᠮᠠᠷᠠᠭ᠍ᠰᠠᠨ ᠺᠠᠳ᠋ᠷᠴᠤᠳ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠦᠷᠭᠦᠯᠵᠢᠯᠡᠨ ᠴᠢᠩᠭᠠᠳᠭᠠᠵᠤ᠂《ᠠᠵᠢᠯ᠎ᠡᠴᠡ᠎ᠪᠠᠨ ᠳᠠᠷᠬᠠᠯᠠᠭ᠍ᠳᠠᠭ᠍ᠰᠠᠨ ᠠᠵᠢᠯ᠎ᠡᠴᠡ᠎ᠪᠠᠨ ᠠᠮᠠᠷᠠᠭ᠍ᠰᠠᠨ ᠺᠠᠳ᠋ᠷᠴᠤᠳ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌ ᠠᠵᠢᠯᠯᠠᠭ᠎ᠠ》 ᠶ᠋ᠢ ᠭᠦᠨᠵᠡᠭᠡᠶ ᠬᠡᠷᠡᠭ᠌ᠵᠢᠭᠦᠯᠵᠦ᠂ ᠬᠣᠶᠠᠳᠤᠭᠠᠷ ᠪᠦᠯᠦᠭ᠎ᠦᠨ 《ᠵᠢᠷᠭᠤᠭᠠᠨ ᠰᠠᠢᠨ》 ᠪᠠᠷᠢᠮᠵᠢᠶ᠎ᠠ᠎ᠳᠤ 《ᠤᠮᠠᠷᠠᠲᠤ ᠬᠢᠯᠢ᠎ᠶ᠋ᠢᠨ ᠪᠤᠭᠤᠷᠤᠯᠴᠤᠳ᠎ᠤᠨ ᠬᠣᠱᠢᠭᠤᠴᠢ》ᠨᠠᠮ᠎ᠤᠨ ᠡᠭᠦᠷ᠎ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠢᠴᠢᠨ ᠪᠡᠬᠢᠯᠡᠯᠲᠡ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠦ᠂ ᠪᠦᠬᠦ᠌ ᠣᠷᠣᠨ᠎ᠤ 61 ᠲᠦᠮᠡᠨ ᠠᠵᠢᠯ᠎ᠡᠴᠡ᠎ᠪᠠᠨ ᠳᠠᠷᠬᠠᠯᠠᠭ᠍ᠳᠠᠭ᠍ᠰᠠᠨ ᠠᠵᠢᠯ᠎ᠡᠴᠡ᠎ᠪᠠᠨ ᠠᠮᠠᠷᠠᠭ᠍ᠰᠠᠨ ᠺᠠᠳ᠋ᠷᠴᠤᠳ᠎ᠢ ᠪᠦᠯᠬᠦᠮᠳᠡᠭᠦᠯᠦᠨ ᠨᠢᠭ᠍ᠲᠠᠷᠠᠭᠤᠯᠵᠤ ᠳᠠᠪᠠᠭᠤᠯᠢᠭ᠎ᠢ᠋ ᠨᠢ ᠪᠠᠳᠠᠷᠠᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠂ ᠠᠵᠤ ᠦᠢᠯᠡᠰ᠎ᠦᠨ ᠳᠡᠰ ᠳᠠᠪᠱᠢᠭᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠂ ᠦᠨᠳᠦᠰᠦᠨ ᠱᠠᠲᠤᠨ᠎ᠤ ᠵᠠᠰᠠᠯᠲᠠ᠎ᠳᠤ ᠬᠦᠴᠦᠨ ᠨᠡᠮᠡᠷᠢᠯᠡᠬᠦ᠎ᠶ᠋ᠢ ᠠᠬᠢᠭᠤᠯᠬᠤ ᠵᠡᠷᠭᠡ ᠲᠠᠯ᠎ᠠ ᠪᠡᠷ ᠪᠤᠭᠤᠷᠤᠯᠴᠤᠳ ᠤ᠋ᠨ ᠬᠦᠴᠦᠨ ᠴᠢᠳᠠᠯ ᠢ᠋ ᠡᠷᠭᠦᠨ᠎ᠡ ᠭᠡᠵᠦ ᠢᠯᠡᠳᠭᠡᠪᠡ᠃
ᠥᠩᠭᠡᠷᠡᠭ᠌ᠰᠡᠨ ᠨᠢᠭᠡ ᠵᠢᠯ᠎ᠳᠦ᠂ ᠬᠥᠯᠥᠨ ᠪᠤᠢ᠌ᠷ ᠬᠤᠳᠠ᠎ᠶ᠋ᠢᠨ ᠮᠤᠷᠢᠨᠳᠠᠪᠠᠭ᠎ᠠ ᠳᠠᠭᠤᠷ ᠦᠨᠳᠦᠰᠦᠲᠡᠨ ᠦ ᠥᠪᠡᠷᠲᠡᠭᠡᠨ ᠵᠠᠰᠠᠬᠤ ᠬᠣᠱᠢᠭᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠢ ᠴᠢᠩᠭ᠎ᠠ ᠡᠵᠡᠮᠳᠡᠵᠦ᠍᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠰᠡᠳᠭᠢᠬᠦᠢ᠎ᠪᠡᠷ ᠬᠥᠳᠡᠯᠭᠡᠬᠦ᠌ ᠬᠦᠴᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠎ᠶ᠋ᠢ ᠪᠠᠷᠢᠮᠲᠠᠯᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠤ ᠭᠤᠷᠪᠠᠨ ᠱᠢᠨ᠎ᠡ ᠳᠠᠪᠠᠯᠲᠠ᠎ᠶ᠋ᠢ ᠪᠡᠶᠡᠯᠡᠭᠦᠯᠵᠦ᠍᠂ ᠡᠯ᠎ᠡ ᠵᠦᠢᠯ᠎ᠦᠨ ᠠᠵᠢᠯ ᠦᠢᠯᠡᠰ ᠱᠢᠨ᠎ᠡ ᠲᠠᠪᠱᠢᠯᠳᠠ᠎ᠲᠠᠶ ᠪᠤᠯᠵᠤ᠂ ᠱᠢᠨ᠎ᠡ ᠳᠡᠭ᠌ᠲᠡᠷ᠎ᠲᠦ ᠭᠠᠷᠪᠠ᠃
ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠰᠤᠷᠤᠯᠴᠠᠭ᠍ᠰᠠᠨ᠎ᠤ ᠳᠠᠷᠠᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠮᠤᠷᠢᠨᠳᠠᠪᠠᠭ᠎ᠠ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠬᠣᠱᠢᠭᠤᠨ ᠳᠠᠷᠤᠭ᠎ᠠ ᠮᠸᠩ ᠳ᠋ᠠ ᠶᠢᠩ ᠶᠡᠬᠡᠳᠡ ᠵᠣᠷᠢᠭ᠍ᠵᠢᠪᠠ᠃ ᠲᠡᠷᠡ᠂ ᠡᠨᠡ ᠵᠢᠯ ᠪᠥᠬᠥ᠌ ᠬᠣᠱᠢᠭᠤ᠎ᠪᠠᠷ᠎ᠢᠶᠠᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ᠂ ᠢᠲᠡᠭᠡᠯ ᠵᠣᠷᠢᠭ᠎ᠢᠶᠠᠨ ᠪᠠᠲᠤᠳᠭᠠᠵᠤ᠂ ᠪᠣᠳᠠᠲᠠᠶ ᠠᠵᠢᠯᠯᠠᠨ ᠪᠠᠲᠤᠲᠠᠶ ᠦᠶ᠋ᠯᠡᠳᠦᠯᠭᠡᠵᠢᠭᠦᠯᠵᠦ᠍᠂ 《ᠵᠢᠷᠭᠤᠭᠠᠨ ᠢᠨᠵᠧᠨᠧᠷᠢᠩ》 ᠢ᠋ ᠭᠦᠨᠵᠡᠭᠡᠢᠷᠡᠭᠦᠯᠵᠦ᠍᠂ 《ᠵᠢᠷᠭᠤᠭᠠᠨ ᠠᠵᠢᠯᠯᠠᠭ᠎ᠠ》 ᠶ᠋ᠢ ᠪᠣᠳᠠᠲᠠᠶ ᠠᠳᠭᠤᠵᠤ᠂ ᠡᠯ᠎ᠡ ᠵᠦᠶ᠋ᠯ᠎ᠦᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠴᠢᠩᠭᠠᠳᠭᠠᠬᠤ᠎ᠪᠠᠷ ᠭᠠᠷᠳᠠᠴᠠ ᠪᠣᠯᠭᠠᠨ ᠲᠠᠷᠢᠶᠠᠯᠠᠩ ᠮᠠᠯ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦᠯᠬᠦ᠎ᠶ᠋ᠢ ᠠᠬᠢᠭᠤᠯᠵᠤ᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠲᠦᠷᠭᠡᠨ ᠪᠤᠵᠠᠭᠠᠢᠷᠠᠬᠤ᠎ᠶ᠋ᠢ ᠠᠬᠢᠭᠤᠯᠵᠤ᠂ ᠬᠥᠬᠡ ᠣᠭ᠍ᠲᠠᠷᠭᠤᠶ ᠬᠥᠬᠡᠮᠳᠦᠭ ᠤᠰᠤ᠎ᠶ᠋ᠢ ᠪᠥᠬᠥ᠌ ᠬᠦᠴᠦᠨ᠎ᠢᠶᠡᠷ᠎ᠢᠶᠡᠨ ᠰᠠᠬᠢᠨ ᠬᠠᠮᠠᠭᠠᠯᠠᠵᠤ᠂ ᠣᠯᠠᠨ ᠲᠦᠮᠡᠨ᠎ᠦ ᠣᠷᠣᠯᠭ᠎ᠠ᠎ᠶ᠋ᠢᠨ ᠨᠡᠮᠡᠭ᠌ᠳᠡᠯ᠎ᠢ ᠣᠯᠠᠨ ᠠᠷᠭ᠎ᠠ ᠵᠠᠮ᠎ᠢᠶᠠᠷ ᠠᠬᠢᠭᠤᠯᠵᠤ᠂ ᠨᠠᠩ ᠦᠵᠡᠰᠭᠦᠯᠡᠩᠲᠦ ᠰᠠᠢᠬᠠᠨ ᠪᠠᠶᠠᠨ ᠲᠠᠩᠰᠤᠭ ᠡᠶ᠎ᠡ ᠵᠣᠬᠢᠴᠠᠩᠭᠤᠶ ᠠᠮᠤᠷ ᠠᠮᠤᠭᠤᠯᠠᠩ ᠮᠣᠷᠢᠨᠳᠠᠪᠠᠭ᠎ᠠ᠎ᠶ᠋ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠤᠨ᠎ᠠ ᠭᠡᠵᠦ ᠢᠯᠡᠳᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃