2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-08 10:39:15

ᠵᠣᠬᠢᠶᠠᠭ᠍ᠴᠢ᠄ ​ ᠪᠠᠢ ᠳ᠋ᠠᠨ ᠣᠩᠱᠢᠭ᠍ᠰᠠᠨ ᠣᠳᠠᠭ᠎ᠠ᠄ 3

ᠵᠠᠩ ᠶᠠᠨ ᠺᠦᠨ ᠬᠤᠷᠠᠯ ᠢ᠋ ᠡᠷᠬᠢᠯᠡᠵᠠᠢ

3 ᠰᠠᠷ᠎ᠠ᠎ᠶ᠋ᠢᠨ 6 ᠤ᠋ ᠤᠷᠤᠢ᠂ ᠥᠪᠥᠷ ᠮᠣᠩᠭᠣᠯ᠎ᠳ᠋ᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠠᠮᠲᠤ᠎ᠪᠠᠷ ᠰᠤᠷᠤᠯᠴᠠᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠭᠤᠷᠪᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠳᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠂ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠂ ᠰᠤᠷᠭᠠᠨ ᠬᠥᠮᠦᠵᠢᠯ᠎ᠦᠨ ᠡᠲᠡᠭᠡᠳ᠎ᠦᠨ ᠭᠡᠱᠢᠭᠦᠳ᠎ᠢ ᠡᠷᠬᠢᠨ ᠦᠵᠡᠬᠦ᠌᠎ᠶ᠋ᠢᠨ ᠬᠠᠮᠲᠤ ᠲᠤᠭᠤᠢᠯᠠᠩ ᠬᠠᠮᠳᠤᠷᠠᠬᠰᠡᠨ ᠬᠤᠷᠠᠯ᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠠᠮᠲᠤ᠎ᠪᠠᠷ ᠰᠤᠷᠤᠯᠴᠠᠪᠠ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠢ ᠡᠷᠬᠢᠯᠡᠪᠡ᠃ ᠥᠪᠥᠷ ᠮᠣᠩᠭᠣᠯ᠎ᠳ᠋ᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠠᠢ ᠴᠢᠩ ᠶᠤᠸᠠᠨ᠂ ᠬᠦᠦᠳᠠᠭᠤᠯᠠ ᠲᠤᠰ ᠲᠤᠰ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠰᠦᠨ ᠵᠢᠶᠦ᠋ᠨ ᠴᠢᠩ᠂ ᠠᠨ ᠷᠦᠨ ᠱᠧᠩ ᠬᠤᠷᠠᠯ᠎ᠳᠤ ᠣᠷᠣᠯᠴᠠᠪᠠ᠃

ᠭᠡᠱᠢᠭᠦᠳ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠦᠨᠡᠨ ᠬᠦ᠌ ᠳᠡᠭᠡᠭ᠌ᠰᠢᠯᠡᠭᠦᠯᠵᠦ᠍᠂ 《ᠬᠣᠶᠠᠷ᠎ᠢ ᠲᠣᠭ᠍ᠲᠠᠭᠠᠬᠰᠡᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《 ᠳᠥᠷᠪᠡᠨ ᠤᠬᠠᠮᠰᠠᠷ 》 ᠵᠢᠡᠨ ᠴᠢᠩᠭᠠᠳᠭᠠᠵᠤ᠂ 《 ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠴᠢᠳᠠᠪᠤᠷᠢᠲᠠᠨ᠎ᠤ ᠠᠵᠢᠯ᠎ᠤᠨ ᠲᠤᠬᠠᠶ ᠴᠢᠬᠤᠯᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠦᠨᠡᠨᠴᠢ ᠱᠢᠳᠤᠷᠭᠤ᠎ᠪᠠᠷ ᠭᠦᠶ᠋ᠴᠡᠳᠭᠡᠵᠦ᠍᠂ ᠬᠦᠴᠤᠷᠭᠡᠭ ᠤᠯᠤᠰ ᠤ᠋ᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠳᠤ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌᠎ᠪᠡᠷ ᠴᠢᠷᠮᠠᠢᠨ᠎ᠠ ᠭᠡᠵᠦ᠍ ᠰᠠᠨᠠᠯ ᠨᠢᠭᠡᠲᠡᠶ ᠢᠯᠡᠳᠭᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面