2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-12 20:07:43

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠷᠪᠠᠨ ᠳᠥᠷᠪᠡᠳᠦᠭᠡᠷ ᠬᠤᠭᠤᠴᠠᠭᠠᠨ ᠎ᠤ ᠪᠦᠬᠦ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠡᠴᠡ ᠬᠤᠷᠢᠶᠠᠨ ᠳᠠᠷᠤᠭ᠎ᠠ ᠵᠤᠤ ᠯᠸ ᠵᠶ᠋ᠢ᠎ᠶ᠋ᠢᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠨᠠᠢᠳᠠᠯᠭ᠎ᠠ ᠎ᠪᠠᠷ ᠬᠢᠭ᠌ᠰᠡᠨ ᠠᠵᠢᠯ ᠎ᠤᠨ ᠮᠡᠳᠡᠭᠦᠯᠦᠯᠲᠡ ᠵᠢ ᠰᠣᠨᠣᠰᠴᠤ᠌ ᠬᠢᠨᠠᠨ ᠵᠦᠪᠯᠡᠪᠡ᠃ ᠬᠤᠷᠠᠯ ᠎ᠡᠴᠡ ᠪᠦᠬᠦ᠌ ᠤᠯᠤᠰ ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠮᠡᠳᠡᠭᠦᠯᠦᠯᠲᠡ᠎ᠳᠦ ᠳᠤᠷᠠᠳᠤᠭ᠍ᠰᠠᠨ ᠬᠣᠢᠱᠢᠳᠠ᠎ᠶ᠋ᠢᠨ ᠨᠢᠭᠡ ᠵᠢᠯ᠎ᠦᠨ ᠡᠭᠦᠷᠭᠡ᠎ᠶ᠋ᠢ ᠵᠥᠪᠱᠢᠶᠡᠷᠡᠵᠦ᠍᠂ ᠡᠨᠡ ᠬᠦ᠌ ᠮᠡᠳᠡᠭᠦᠯᠦᠯᠲᠡ᠎ᠵᠢ ᠵᠥᠪᠱᠢᠶᠡᠷᠡᠬᠦ᠌᠎ᠪᠡᠷ ᠲᠣᠭ᠍ᠲᠠᠪᠠ᠃

ᠬᠤᠷᠠᠯ᠎ᠡᠴᠡ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠨᠭᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ ᠎ᠢ ᠬᠠᠮᠠᠭᠠᠯᠠᠬᠤ》 ᠎ᠶ᠋ᠢ ᠪᠡᠶᠡᠯᠡᠭᠦᠯᠵᠤ᠂ ᠨᠠᠮ᠎ᠤᠨ ᠤᠳᠤᠷᠢᠳᠤᠯᠭ᠎ᠠ ᠎ᠶ᠋ᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠵᠦ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ ᠎ᠢ ᠦᠶ᠋ᠯᠡᠳᠦᠯᠭᠡᠵᠢᠭᠦᠯᠵᠦ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠎ᠦᠨ ᠢᠯᠡᠷᠬᠡᠢ ᠳᠠᠪᠠᠭᠤᠯᠢᠭ᠎ᠢ ᠨᠡᠩ ᠭᠦᠢᠴᠡᠳ ᠪᠠᠳᠠᠷᠠᠭᠤᠯᠵᠤ᠂ ᠨᠠᠮ ᠪᠠ ᠤᠯᠤᠰ᠎ᠤᠨ ᠠᠵᠢᠯ ᠎ᠤᠨ ᠶᠡᠬᠡ ᠲᠠᠯ᠎ᠠ᠎ᠲᠠᠶ ᠨᠢᠭ᠍ᠲᠠ ᠤᠶᠠᠯᠳᠤᠭᠤᠯᠤᠨ ᠡᠭᠦᠷᠭᠡ ᠴᠢᠳᠠᠪᠬᠢ᠎ᠶ᠋ᠢᠨ ᠦᠢᠯᠡᠳᠦᠯ᠎ᠢᠶᠡᠨ ᠪᠠᠳᠠᠷᠠᠭᠤᠯᠵᠤ᠂ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ ᠪᠠ ᠬᠢᠨᠠᠯᠲᠠ᠎ᠶ᠋ᠢ ᠴᠢᠩᠭᠠᠳᠭᠠᠵᠤ᠂ ᠴᠢᠨᠠᠷ ᠰᠠᠢᠲᠠᠶ ᠬᠠᠤᠯᠢ ᠲᠣᠭ᠍ᠲᠠᠭᠠᠯᠲᠠ᠎ᠪᠠᠷ ᠥᠭᠡᠷᠡᠴᠢᠯᠡᠯᠲᠡ ᠬᠥᠭ᠌ᠵᠢᠯᠲᠡ᠎ᠶ᠋ᠢ ᠪᠠᠲᠤᠯᠠᠬᠤ ᠪᠠ ᠦᠶ᠋ᠯᠡᠴᠢᠯᠡᠵᠦ᠂ ᠬᠢᠨᠠᠯᠲᠠ ᠲᠠᠯᠪᠢᠬᠤ ᠠᠵᠢᠯ᠎ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠎ᠢ ᠴᠢᠩᠭᠠᠳᠭᠠᠵᠤ᠂ ᠲᠥᠯᠥᠭᠡᠯᠡᠭ᠌ᠴᠢᠳ᠎ᠦᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠎ᠶ᠋ᠢ ᠳᠡᠮᠵᠢᠨ ᠪᠠᠲᠤᠯᠠᠵᠤ᠂ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠠᠳᠠᠭᠠᠳᠤ ᠬᠠᠷᠢᠯᠴᠠᠭ᠎ᠠ᠎ᠶ᠋ᠢ ᠠᠬᠢᠭᠤᠯᠵᠤ᠂ ᠲᠤᠰ ᠪᠡᠶ᠎ᠡ ᠎ᠶ᠋ᠢᠨ ᠪᠠᠢᠭᠤᠯᠤᠯᠲᠠ᠎ᠪᠠᠨ ᠪᠦᠬᠦ᠌ ᠲᠠᠯ᠎ᠠ᠎ᠪᠠᠷ ᠴᠢᠩᠭᠠᠳᠭᠠᠨ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠶᠠᠰᠤ ᠴᠢᠨᠠᠷ ᠪᠠ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面