2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-09 13:09:18

ᠵᠣᠬᠢᠶᠠᠭ᠍ᠴᠢ᠄ ᠪᠠᠢ ᠳ᠋ᠠᠨ ᠣᠩᠱᠢᠭ᠍ᠰᠠᠨ ᠣᠳᠠᠭ᠎ᠠ᠄ 3

ᠵᠠᠩ ᠶᠠᠨ ᠺᠦᠨ ᠤᠷᠤᠯᠴᠠᠵᠠᠢ


3 ᠰᠠᠷ᠎ᠠ᠎ᠶ᠋ᠢᠨ 8 ᠤ᠋ ᠦᠳᠡ᠎ᠶ᠋ᠢᠨ ᠬᠣᠢᠨ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠭᠤᠷᠪᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠥᠪᠥᠷ ᠮᠣᠩᠭᠣᠯ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠳᠤᠭᠤᠢᠯᠠᠩ ᠬᠤᠪᠢᠶᠠᠵᠤ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠶᠠᠷᠢᠯᠴᠠᠪᠠ᠃ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠶᠠᠷᠢᠯᠴᠠᠭ᠎ᠠ᠎ᠳᠤ ᠣᠷᠣᠯᠴᠠᠪᠠ᠃

ᠭᠡᠱᠢᠭᠦᠳ᠂ ᠠᠷᠠᠳ ᠤ᠋ᠨ ᠳᠡᠭᠡᠳᠤ ᠰᠢᠭᠦᠬᠦ ᠬᠤᠷᠢᠶ᠎ᠠ ᠵᠢᠨ ᠠᠵᠢᠯ ᠤ᠋ᠨ ᠮᠡᠳᠡᠭᠦᠯᠦᠯᠳᠡ ᠪᠤᠯᠤᠨ ᠠᠷᠠᠳ ᠤ᠋ᠨ ᠳᠡᠭᠡᠳᠤ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠠᠷᠠᠳ᠎ᠤᠨ ᠲᠥᠯᠥᠭᠡ ᠬᠠᠤᠯᠢ ᠪᠠᠷᠢᠬᠤ᠂ ᠲᠥᠪ ᠭᠤᠤᠯᠴᠢ᠎ᠪᠠᠷ ᠬᠠᠤᠯᠢ ᠪᠠᠷᠢᠬᠤ ᠠᠵᠢᠯ᠎ᠤᠨ ᠭᠤᠤᠯ ᠱᠢᠵᠢᠮ᠎ᠢ ᠪᠠᠲᠤ ᠡᠵᠡᠮᠳᠡᠵᠦ᠍᠂ ᠠᠮᠤᠭᠤᠯᠠᠩᠳᠤ ᠳᠤᠮᠳᠠᠳᠤ ᠤᠯᠤᠰ᠎ᠤᠨ ᠪᠠᠢᠭᠤᠯᠤᠯᠲᠠ᠎ᠳᠤ ᠱᠢᠨ᠎ᠡ ᠡᠭᠦᠷᠭᠡᠯᠡᠯ᠎ᠢᠶᠡᠨ ᠢᠯᠡᠷᠡᠭᠦᠯᠵᠦ᠍᠂ ᠭᠤᠤᠯᠳᠠᠯᠭ᠎ᠠ᠎ᠶ᠋ᠢᠨ ᠲᠣᠭᠣᠷᠢᠨ᠎ᠳᠤ ᠶᠡᠬᠡ ᠲᠠᠯ᠎ᠠ᠎ᠳᠤ ᠦᠶ᠋ᠯᠡᠴᠢᠯᠡᠬᠦ᠌ ᠳᠤᠮᠳᠠ ᠱᠢᠨ᠎ᠡ ᠵᠢᠳᠬᠦᠯ ᠴᠢᠷᠮᠠᠢᠯᠭ᠎ᠠ᠎ᠪᠠᠨ ᠢᠯᠡᠷᠡᠭᠦᠯᠵᠦ᠍᠂ ᠬᠠᠤᠯᠢ ᠴᠠᠭᠠᠵᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠬᠤ ᠳᠤᠮᠳᠠ ᠱᠢᠨ᠎ᠡ ᠠᠬᠢᠴᠠ᠎ᠲᠠᠶ ᠪᠣᠯᠵᠣ᠂ ᠪᠥᠬᠥ᠌ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠦᠶ᠋ᠯᠡᠳᠦᠯᠭᠡᠵᠢᠭᠦᠯᠬᠦ᠌ ᠳᠤᠮᠳᠠ ᠱᠢᠨ᠎ᠡ ᠳᠦᠷᠰᠦ ᠪᠠᠢᠳᠠᠯ᠎ᠢ ᠢᠯᠡᠷᠡᠭᠦᠯᠵᠡᠢ ᠭᠡᠵᠦ᠍ ᠰᠠᠨᠠᠯ ᠨᠢᠭᠡᠲᠡᠶ ᠦᠵᠡᠵᠡᠭᠡᠪᠡ᠃

ᠡᠸ ᠱᠢᠶᠤᠤ ᠮᠧᠶ ᠭᠡᠱᠢᠭᠦᠨ᠂ ᠠᠷᠠᠳ ᠤ᠋ᠨ ᠳᠡᠭᠡᠳᠤ ᠰᠢᠭᠦᠬᠦ ᠬᠤᠷᠢᠶ᠎ᠠ ᠵᠢᠨ ᠠᠵᠢᠯ ᠤ᠋ᠨ ᠮᠡᠳᠡᠭᠦᠯᠦᠯᠳᠡ ᠪᠤᠯᠤᠨ ᠠᠷᠠᠳ ᠤ᠋ᠨ ᠳᠡᠭᠡᠳᠤ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢ ᠰᠣᠨᠣᠰᠴᠤ᠌ ᠰᠤᠳᠤᠯᠤᠨ ᠤᠩᠱᠢᠭᠠᠳ᠂ ᠥᠩᠭᠡᠷᠡᠭ᠌ᠰᠡᠨ ᠨᠢᠭᠡ ᠵᠢᠯ᠎ᠳᠦ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠤᠯᠤᠰ᠎ᠤᠨ ᠠᠮᠤᠷ ᠲᠦᠪᠱᠢᠨ ᠪᠠ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠬᠤ᠂ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠬᠦ᠌᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠪᠠᠲᠤᠯᠠᠬᠤ ᠵᠡᠷᠭᠡ ᠲᠠᠯ᠎ᠠ᠎ᠪᠠᠷ ᠢᠯᠡᠳᠲᠡ ᠬᠢᠷᠢ ᠪᠦᠲᠦᠮᠵᠢ ᠣᠯᠵᠤ᠂ ᠡᠯ᠎ᠡ ᠵᠦᠶ᠋ᠯ᠎ᠦᠨ ᠠᠵᠢᠯ ᠮᠠᠰᠢ ᠶᠡᠬᠡ ᠦᠷ᠎ᠡ ᠪᠦᠲᠦᠮᠵᠢ ᠣᠯᠤᠭ᠍ᠰᠠᠨ᠎ᠢ ᠣᠯᠵᠤ ᠮᠡᠳᠡᠷᠡᠵᠡᠢ ᠬᠡᠪᠡ᠃ ᠶᠠᠷᠢᠯᠴᠠᠬᠤ ᠳᠤᠮᠳᠠ᠂ ᠭᠡᠱᠢᠭᠦᠳ ᠠᠷᠠᠳ ᠤ᠋ᠨ ᠳᠡᠭᠡᠳᠤ ᠰᠢᠭᠦᠬᠦ ᠬᠤᠷᠢᠶ᠎ᠠ ᠵᠢᠨ ᠠᠵᠢᠯ ᠤ᠋ᠨ ᠮᠡᠳᠡᠭᠦᠯᠦᠯᠳᠡ ᠪᠤᠯᠤᠨ ᠠᠷᠠᠳ ᠤ᠋ᠨ ᠳᠡᠭᠡᠳᠤ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢᠨ ᠲᠣᠭᠣᠷᠢᠨ᠎ᠳᠤ᠂ ᠲᠣᠰ ᠪᠡᠶ᠎ᠡ᠎ᠶ᠋ᠢᠨ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠪᠠ ᠠᠵᠢᠯ᠎ᠤᠨ ᠪᠤᠳᠠᠳᠤ ᠪᠠᠢᠳᠠᠯ ᠲᠠᠢ ᠪᠠᠨ ᠤᠶᠠᠯᠳᠤᠭᠤᠯᠤᠨ᠂ ᠴᠢᠨᠠᠷ ᠰᠠᠢᠲᠠᠶ ᠬᠥᠭ᠌ᠵᠢᠯᠲᠡ᠎ᠶ᠋ᠢ ᠪᠠᠲᠤᠯᠠᠬᠤ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠶ᠋ᠢ ᠳᠡᠮᠵᠢᠬᠦ᠌᠂ ᠭᠠᠳᠠᠭᠠᠳᠤ ᠲᠠᠢ ᠬᠣᠯᠪᠣᠭ᠍ᠳᠠᠬᠤ ᠬᠠᠤᠯᠢ ᠪᠠᠷ ᠵᠠᠰᠠᠬᠤ ᠪᠠᠢᠭᠤᠯᠤᠯᠳᠠ ᠵᠢ ᠠᠬᠢᠭᠤᠯᠬᠤ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠲᠤᠬᠠᠢ ᠬᠠᠤᠯᠢ ᠲᠣᠭ᠍ᠲᠠᠭᠠᠯᠲᠠ᠎ᠶ᠋ᠢ ᠠᠬᠢᠭᠤᠯᠬᠤ᠂ ᠠᠷᠠᠳ ᠣᠯᠠᠨ᠎ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ ᠢ᠋ ᠨᠠᠩ ᠡᠷᠴᠢᠮᠳᠡᠢ ᠱᠢᠶ᠋ᠳᠪᠦᠷᠢᠯᠡᠬᠦ᠌ ᠵᠡᠷᠭᠡ ᠲᠠᠯ᠎ᠠ᠎ᠪᠠᠷ ᠰᠠᠨᠠᠯ ᠰᠠᠨᠠᠭᠤᠯᠭ᠎ᠠ ᠳᠤᠷᠠᠳᠪᠠ᠃

ᠭᠡᠱᠢᠭᠦᠳ᠂ ᠲᠤᠱᠢᠶᠠᠯ ᠬᠠᠷᠢᠭᠤᠴᠠᠯᠭ᠎ᠠ᠎ᠪᠠᠨ ᠤᠯᠠᠮ ᠨᠢᠭᠡ ᠠᠯᠬᠤᠮ ᠰᠠᠢᠲᠤᠷ ᠭᠦᠢᠴᠡᠳᠭᠡᠵᠦ᠍᠂ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠵᠢᠨ ᠲᠤᠭᠤᠷᠢᠨ ᠳ᠋ᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢᠨ ᠭᠠᠷᠳᠠᠬᠤ ᠴᠡᠭ ᠪᠠ ᠬᠦᠴᠦᠯᠡᠬᠦ᠌ ᠴᠡᠭ᠎ᠢ ᠣᠨᠣᠪᠴᠢᠲᠠᠢ ᠣᠯᠵᠤ᠂ ᠰᠠᠨᠠᠭᠤᠯᠭ᠎ᠠ᠎ᠶ᠋ᠢᠨ ᠪᠠᠷᠠᠯᠠᠯᠳᠤ ᠴᠢᠨᠠᠷ ᠪᠠ ᠤᠨᠤᠪᠴᠢᠳᠤ ᠴᠢᠨᠠᠷ᠎ᠢ ᠨᠡᠮᠡᠭ᠌ᠳᠡᠭᠦᠯᠦᠨ᠂ ᠵᠠᠰᠠᠭ᠎ᠤᠨ ᠶᠠᠪᠤᠳᠠᠯ᠎ᠢ ᠵᠥᠪᠯᠡᠨ ᠰᠠᠨᠠᠯ ᠰᠠᠨᠠᠭᠤᠯᠭ᠎ᠠ ᠳᠤᠷᠠᠳᠭᠤ ᠭᠦᠨᠴᠡ᠎ᠶ᠋ᠢ ᠥᠷᠭᠡᠳᠭᠡᠵᠦ᠍᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠬᠠᠤᠯᠢ ᠴᠠᠭᠠᠵᠠ ᠵᠢᠨ ᠠᠵᠢᠯ᠎ᠤᠨ ᠣᠳᠣᠬᠢᠴᠢᠯᠠᠯᠲᠠ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠪᠦᠳᠦᠭᠡᠨ ᠪᠠᠢᠭᠤᠯᠤᠯᠲᠠ᠎ᠶ᠋ᠢ ᠲᠤᠯᠭᠠᠭᠤᠷᠢᠯᠠᠬᠤ ᠪᠠ ᠲᠡᠭᠦᠨ᠎ᠳᠦ ᠦᠢᠯᠡᠴᠢᠯᠡᠬᠦ᠌᠎ᠳᠦ ᠬᠦᠴᠤᠨ ᠨᠡᠮᠡᠷᠢᠯᠡᠨ᠎ᠡ ᠭᠡᠵᠤ ᠰᠠᠨᠠᠯ ᠨᠢᠭᠡᠳᠠᠢ ᠢᠯᠡᠳᠭᠡᠵᠡᠭᠡᠪᠡ᠃

ᠥᠪᠥᠷ ᠮᠣᠩᠭᠣᠯ ᠳ᠋ᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠠᠢ ᠴᠢᠩ ᠶᠤᠸᠠᠨ᠂ ᠬᠦᠦᠳᠠᠭᠤᠯᠠ᠂ ᠰᠦᠨ ᠵᠢᠶᠦ᠋ᠨ ᠴᠢᠩ᠂ ᠠᠨ ᠷᠦᠨ ᠱᠧᠩ ᠲᠤᠰ ᠲᠤᠰ ᠥᠪᠡᠷ᠎ᠦᠨ ᠪᠠᠢᠭ᠎ᠠ ᠳᠤᠭᠤᠢᠯᠠᠩ᠎ᠤᠨ ᠶᠠᠷᠢᠯᠴᠠᠬᠤ᠎ᠳ᠋ᠸ᠋ ᠣᠷᠣᠯᠴᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面