2025-03-09 12:40:14
— ᠲᠡᠷᠢᠭᠦᠯᠡᠭ᠌ᠴᠢ ᠰᠢ ᠵᠢᠨ ᠫᠢᠩ᠎ᠤᠨ ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠥᠬᠥᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠨᠢ ᠪᠥᠬᠥ᠌ ᠴᠡᠷᠢᠭ᠎ᠦᠨ ᠲᠡᠮᠡᠴᠡᠯ᠎ᠦᠨ ᠵᠣᠷᠢᠭ ᠪᠠᠳᠠᠷᠠᠩᠭᠤᠶ ᠪᠡᠷ ᠡᠷᠡᠯᠬᠡᠭ᠌ᠯᠡᠨ ᠤᠷᠤᠭ᠍ᠰᠢᠯᠠᠬᠤ᠎ᠶ᠋ᠢ ᠵᠣᠷᠢᠭ᠍ᠵᠢᠭᠤᠯᠪᠠ
3 ᠰᠠᠷ᠎ᠠ᠎ᠶ᠋ᠢᠨ 7᠎ᠤ᠋ ᠦᠳᠡ᠎ᠶ᠋ᠢᠨ ᠬᠣᠢᠨ᠎ᠠ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦᠳᠡ ᠬᠤᠷᠠᠯ᠎ᠳᠤ ᠣᠷᠣᠯᠴᠠᠭ᠍ᠰᠠᠨ ᠪᠥᠭᠡᠳ ᠬᠤᠷᠠᠯ ᠲᠡᠬᠡᠷ᠎ᠠ ᠲᠠᠯᠪᠢᠭᠰᠠᠨ ᠴᠢᠬᠤᠯᠠ ᠶᠠᠷᠢᠶ᠎ᠠ ᠨᠢ ᠪᠦᠬᠦ᠌ ᠴᠡᠷᠢᠭ᠎ᠦᠨ ᠳᠠᠷᠤᠭ᠎ᠠ ᠪᠠᠢᠯᠳᠤᠭ᠍ᠴᠢᠳ᠎ᠤᠨ ᠳᠤᠮᠳᠠ ᠴᠢᠩᠭ᠎ᠠ ᠲᠤᠰᠭᠠᠯ ᠭᠠᠷᠪᠠ᠃
ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠪᠠᠢᠭᠤᠯᠭ᠎ᠠ᠎ᠶ᠋ᠢᠨ ᠡᠯ᠎ᠡ ᠬᠡᠯᠲᠡᠰ ᠵᠥᠪᠯᠡᠯ᠎ᠳᠦ᠂ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠡᠯ᠎ᠡ ᠱᠢᠭᠤᠳ ᠬᠠᠷᠢᠶ᠎ᠠ ᠪᠠᠢᠭᠤᠯᠤᠮᠵᠢ᠂ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠬᠣᠯᠪᠣᠭᠠᠲᠤ ᠵᠢᠯᠣᠭᠣᠳᠭᠤ ᠲᠥᠪ ᠲᠤ᠌᠂ ᠡᠯ᠎ᠡ ᠪᠠᠢᠯᠳᠤᠭᠠᠨ᠎ᠤ ᠲᠣᠭᠣᠷᠢᠭ᠂ ᠡᠯ᠎ᠡ ᠴᠡᠷᠢᠭ᠎ᠦᠨ ᠲᠥ᠋ᠷᠥᠯᠮᠡᠷᠭᠡᠵᠢᠯᠤᠨ ᠲᠦᠷᠦᠯ᠎ᠳᠤ᠂ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠡᠯ᠎ᠡ ᠱᠢᠭᠤᠳ ᠬᠠᠷᠢᠶ᠎ᠠ ᠨᠢᠭᠡᠴᠢ᠂ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠳᠤ᠂ ᠪᠦᠬᠦ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠵᠦ ᠪᠠᠢᠭ᠎ᠠ ᠴᠡᠷᠢᠭ ᠠᠩᠭᠢ᠎ᠶ᠋ᠢᠨ ᠲᠥᠯᠥᠭᠡᠯᠡᠭ᠌ᠴᠢ ᠭᠡᠱᠢᠭᠦᠳ᠎ᠦᠨ ᠰᠠᠭᠤᠭ᠎ᠠ ᠭᠠᠵᠠᠷ᠎ᠲᠤ᠌᠂ ᠤᠯᠠᠨᠢᠶᠡᠷᠢᠶᠡᠨᠲᠡᠷᠡ ᠲᠠᠷᠤᠢᠳᠤᠨᠢ ᠰᠤᠷᠤᠯᠴᠠᠨ ᠶᠠᠷᠢᠯᠴᠠᠵᠤ᠂ ᠨᠠᠮ᠎ᠤᠨ ᠲᠥᠪ ᠬᠣᠷᠢᠶ᠎ᠠ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠢ᠎ᠠ ᠪᠣᠯᠤᠨ ᠲᠡᠷᠢᠭᠦᠯᠡᠭ᠌ᠴᠢ ᠰᠢ ᠵᠢᠨ ᠫᠢᠩ᠎ᠦᠨ ᠡᠷᠡᠰ ᠵᠣᠷᠢᠭ ᠵᠤᠷᠢᠯᠭ᠎ᠠ ᠵᠢ ᠭᠦᠨᠵᠡᠭᠡᠢ ᠤᠢᠯᠠᠭᠠᠵᠤ᠂ ᠮᠠᠨ᠎ᠤ ᠴᠡᠷᠢᠭ᠎ᠦᠨ ᠪᠠᠢᠭᠤᠯᠤᠯᠲᠠ᠎ᠶ᠋ᠢᠨ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠲᠡᠭᠦᠰ ᠠᠮᠵᠢᠯᠲᠠ᠎ᠲᠠᠶ ᠰᠡᠬᠦᠯ ᠬᠤᠷᠢᠶᠠᠬᠤ᠎ᠶ᠋ᠢ ᠪᠡᠶᠡᠯᠡᠭᠦᠯᠬᠦ ᠵᠢᠨ ᠴᠢᠬᠤᠯᠠ ᠴᠢᠨᠠᠷ ᠪᠣᠯᠤᠨ ᠲᠤᠯᠭᠠᠮ ᠴᠢᠨᠠᠷ᠎ᠢ ᠭᠦᠢᠴᠡᠳ ᠲᠣᠳᠣᠷᠬᠠᠢ ᠲᠠᠨᠢᠵᠦ᠂ ᠢᠲᠡᠭᠡᠯ ᠵᠣᠷᠢᠭ᠎ᠢᠶᠠᠨ ᠪᠠᠲᠤᠳᠬᠠᠵᠤ᠂ ᠥᠷᠢᠰᠥᠯᠳᠦᠭᠡᠨ᠎ᠳᠦ ᠱᠢᠭᠤᠳ ᠬᠠᠨᠳᠤᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠲᠣᠭ᠍ᠲᠠᠭ᠍ᠰᠠᠨ ᠬᠠᠷᠠᠯᠲᠠ ᠡᠭᠦᠷᠭᠡ ᠪᠡᠨ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠵᠦ᠂ ᠱᠢᠨ᠎ᠡ ᠴᠠᠭ ᠦᠶ᠎ᠡ᠎ᠶ᠋ᠢᠨ ᠴᠡᠷᠢᠭ᠎ᠢ ᠬᠦᠴᠦᠷᠬᠡᠭ᠌ᠵᠢᠭᠦᠯᠬᠦ᠌ ᠦᠢᠯᠡᠰ᠎ᠦᠨ ᠱᠢᠨ᠎ᠡ ᠪᠠᠢᠳᠠᠯ᠎ᠢ ᠴᠢᠷᠮᠠᠢᠨ ᠡᠭᠦᠳᠦᠨ᠎ᠡ ᠭᠡᠵᠦ ᠢᠯᠡᠳᠭᠡᠵᠡᠭᠡᠪᠡ᠃
《ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠲᠥᠯᠥᠪᠵᠢᠭᠦᠯᠭᠡ ᠪᠦᠳᠦᠭᠡᠨ ᠪᠠᠢᠭᠤᠯᠤᠯᠲᠠ᠎ᠳᠤ ᠰᠠᠢᠲᠤᠷ ᠡᠵᠡᠮᠳᠡᠬᠦ᠌ ᠴᠢᠬᠤᠯᠠᠲᠠᠢ ᠴᠢᠬᠤᠯᠠ ᠶᠡᠬᠡ ᠬᠠᠷᠢᠴᠠᠭ᠎ᠠ᠂ ᠦᠢᠯᠡᠳᠦᠯᠭᠡ᠎ᠶ᠋ᠢᠨ ᠠᠷᠭ᠎ᠠ ᠵᠠᠮ ᠪᠣᠯᠤᠨ ᠦᠨᠳᠦᠰᠦᠨ ᠱᠠᠭᠠᠷᠳᠠᠯᠭ᠎ᠠ᠎ᠶ᠋ᠢ ᠲᠣᠳᠣᠷᠬᠠᠢ ᠵᠢᠭᠠᠨ ᠭᠠᠷᠭᠠᠵᠤ᠂ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠴᠢᠬᠤᠯᠠ ᠱᠠᠲᠤᠨ᠎ᠳᠤ ᠪᠦᠬᠦ᠌ ᠴᠡᠷᠢᠭ᠎ᠲᠦ ᠤᠯᠠᠮ ᠨᠢᠭᠡ ᠠᠯᠬᠤᠮ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠬᠢᠵᠡᠢ》᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠱᠸᠨ ᠹᠠᠩ ᠦ᠋ 《ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ᠎ᠶ᠋ᠢᠨ ᠠᠵᠢᠯᠳᠠᠨ ᠪᠣᠯᠤᠭ᠍ᠰᠠᠨ᠎ᠤ ᠬᠤᠪᠢ᠎ᠳᠤ᠂ ᠶᠠᠷᠢᠶ᠎ᠠ ᠵᠢ ᠰᠣᠨᠣᠰᠤᠭᠠᠳ ᠮᠠᠰᠢ ᠶᠡᠬᠡ ᠵᠣᠷᠢᠭ᠍ᠵᠢᠵᠦ᠂ ᠢᠲᠡᠭᠡᠯ ᠲᠡᠭᠦᠯᠳᠡᠷ ᠪᠣᠯᠤᠭ᠍ᠰᠠᠨ ᠪᠥᠭᠡᠳ ᠬᠦᠨᠳᠦ ᠬᠠᠷᠢᠭᠤᠴᠠᠯᠭ᠎ᠠ ᠡᠭᠦᠷᠭᠡ ᠵᠢ ᠭᠦᠨᠵᠡᠭᠡᠢ ᠮᠡᠳᠡᠷᠡᠭᠰᠡᠨ ᠪᠠᠢᠨ᠎ᠠ᠃ ᠲᠠᠷᠠᠭᠠᠴᠢ᠎ᠶ᠋ᠢᠨ ᠠᠯᠬᠤᠮ᠎ᠤᠨ ᠠᠵᠢᠯ᠎ᠳᠤ᠂ ᠪᠢᠳᠡ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌ ᠠᠵᠢᠯ᠎ᠢ ᠪᠦᠬᠦ᠌ ᠲᠠᠯ᠎ᠠ᠎ᠪᠠᠷ ᠨᠢᠭᠡᠳᠦᠯᠲᠡᠢ ᠲᠥᠯᠥᠪᠵᠢᠭᠦᠯᠬᠦ᠌ ᠪᠠ ᠣᠨᠣᠴᠠᠲᠠᠢ ᠲᠤᠬᠢᠷᠠᠭᠤᠯᠤᠨ ᠡᠵᠡᠮᠳᠡᠬᠦ᠌᠎ᠶ᠋ᠢ ᠴᠢᠩᠭᠠᠳᠭᠠᠵᠤ᠂ ᠲᠤᠯᠭᠠᠷᠠᠭ᠍ᠰᠠᠨ ᠡᠯ᠎ᠡ ᠵᠦᠢᠯ᠎ᠦᠨ ᠵᠥᠷᠢᠴᠡᠯ ᠠᠰᠠᠭᠤᠳᠠᠯ᠎ᠢ ᠬᠥᠳᠡᠯᠦᠩᠭᠦᠢ᠎ᠪᠡᠷ ᠰᠠᠢᠲᠤᠷ ᠱᠢᠢᠳᠪᠦᠷᠢᠯᠡᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠠᠭᠠᠷᠳᠠᠯᠭ᠎ᠠ᠎ᠶ᠋ᠢ ᠢᠮᠠᠭ᠍ᠲᠠ ᠲᠤᠭᠤᠱᠢᠯᠠᠭᠤᠯᠵᠤ᠂ ᠴᠡᠷᠢᠭ᠎ᠢ ᠬᠦᠴᠦᠷᠬᠡᠭ᠌ᠵᠢᠭᠦᠯᠬᠦ᠌ ᠲᠠᠢᠨ ᠳᠤ ᠢᠯᠠᠬᠤ ᠬᠠᠲᠠᠭᠤ ᠴᠢᠩᠭ᠎ᠠ ᠲᠠᠢ᠌ᠴᠢᠨ ᠬᠦᠴᠦᠨ᠎ᠢ ᠲᠣᠭ᠍ᠲᠠᠭ᠍ᠰᠠᠨ ᠬᠤᠭᠤᠴᠠᠭᠠᠨ᠎ᠳᠤ ᠪᠦᠷᠢᠯᠳᠦᠬᠦᠯᠬᠦ᠎ᠶᠢ ᠦᠨᠡᠨ ᠬᠦ᠌ ᠪᠠᠲᠤᠯᠠᠬᠤ ᠬᠡᠷᠡᠭ᠌ᠲᠡᠢ》 ᠭᠡᠪᠡ᠃
《ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠳ᠋ᠦ᠍ ᠵᠣᠭ᠍ᠰᠣᠵᠤ᠂ ᠮᠠᠨ᠎ᠤ ᠴᠡᠷᠢᠭ᠎ᠦᠨ ᠪᠦᠲᠦᠭᠡᠨ ᠪᠠᠢᠭᠤᠯᠤᠯᠲᠠ ᠵᠢᠨ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠴᠢᠨᠠᠷ ᠰᠠᠢᠲᠠᠢ ᠪᠡᠶᠡᠯᠡᠭᠦᠯᠬᠦ᠌ ᠲᠣᠭᠣᠷᠢᠨ᠎ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠌᠂ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠪᠢᠳᠡᠨ᠎ᠤ ᠴᠡᠷᠢᠭ ᠪᠠᠢᠭᠤᠯᠤᠭᠳᠠᠭᠰᠠᠨ ᠵᠠᠭᠤᠨ ᠵᠢᠯ ᠤ᠋ᠨ ᠪᠤᠭᠤᠮᠲᠠ ᠰᠢᠪᠲᠤᠯᠤᠯᠲᠠ᠂ ᠬᠦᠴᠦᠷᠬᠡᠭ᠌ ᠤᠯᠤᠰ᠎ᠤᠨ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠲᠤᠯᠭᠠᠭᠤᠷᠢᠯᠠᠬᠤ᠎ᠳᠤ ᠦᠨᠳᠦᠰᠦᠨ ᠵᠢᠷᠤᠮᠯᠠᠯ ᠬᠠᠩᠭᠠᠵᠠᠢ》᠃ ᠬᠠᠭᠤᠷᠠᠢ ᠵᠠᠮ᠎ᠤᠨ ᠴᠡᠷᠢᠭ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠬᠤᠸᠠᠩ ᠹᠦ᠋ ᠬᠠᠢ ᠲᠤᠤ 《ᠨᠢᠭᠡᠳᠭᠡᠯ ᠠᠷᠮᠢ᠎ᠶ᠋ᠢᠨ ᠴᠡᠷᠢᠭ ᠠᠩᠬᠢ᠎ᠳᠤ ᠠᠪᠴᠤ᠌ ᠬᠡᠯᠡᠪᠡᠯ᠂ ᠶᠡᠷᠦᠩᠬᠡᠢ ᠵᠢᠯᠤᠭᠤᠳᠤᠬ᠍ᠴᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠪᠠᠲᠤᠯᠠᠭ᠎ᠠ᠎ᠶ᠋ᠢᠨ ᠪᠢᠴᠢᠭ ᠪᠢᠴᠢᠵᠦ᠍᠂ ᠬᠠᠷᠢᠭᠤᠴᠠᠯᠭ᠎ᠠ᠎ᠶ᠋ᠢᠨ ᠪᠢᠴᠢᠭ᠎ᠲᠦ ᠭᠠᠷᠤᠨ ᠦᠰᠦᠭ ᠵᠢᠷᠤᠵᠤ᠂ ᠵᠠᠮ ᠱᠤᠭᠤᠮ᠎ᠤᠨ ᠵᠢᠷᠤᠭ᠎ᠢ ᠨᠠᠷᠢᠯᠢᠭ᠍ᠵᠢᠭᠤᠯᠵᠤ᠂ ᠪᠣᠭᠣᠮᠲᠠ ᠱᠢᠪᠲᠤᠯᠬᠤ ᠭᠣᠣᠯᠳᠠᠯᠭ᠎ᠠ᠎ᠶ᠋ᠢ ᠠᠳᠭᠤᠵᠤ᠂ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠲᠣᠭ᠍ᠲᠠᠭ᠍ᠰᠠᠨ ᠬᠠᠷᠠᠯᠲᠠ ᠡᠭᠦᠷᠭᠡ᠎ᠪᠡᠨ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠬᠦ᠌ ᠬᠡᠷᠡᠭ᠌ᠲᠡᠢ》 ᠭᠡᠵᠦ᠍ ᠬᠡᠯᠡᠪᠡ᠃
《ᠲᠡᠷᠢᠭᠦᠯᠡᠭ᠌ᠴᠢ ᠰᠢ ᠵᠢᠨ ᠫᠢᠩ᠂ ᠲᠥᠯᠥᠪᠵᠢᠭᠦᠯᠭᠡ ᠪᠦᠳᠦᠭᠡᠨ ᠪᠠᠢᠭᠤᠯᠤᠯᠲᠠ ᠵᠢᠨ ᠳᠤᠮᠳᠠ ᠵᠠᠷᠤᠳᠠᠯ᠎ᠢ ᠬᠡᠷᠡᠭᠯᠡᠬᠦ ᠣᠨᠣᠪᠴᠢ᠎ᠶ᠋ᠢᠨ ᠬᠡᠮᠵᠢᠢ᠎ᠡ ᠪᠤᠯᠤᠨ ᠤᠷᠤᠭᠤᠯᠤᠭᠰᠠᠨ ᠵᠠᠷᠤᠳᠠᠯ ᠪᠠ ᠦᠷ᠎ᠡ ᠪᠦᠲᠦᠮᠵᠢ᠎ᠶ᠋ᠢᠨ ᠬᠠᠷᠢᠴᠠᠯ᠎ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠂ ᠪᠢᠳᠡᠨ᠎ᠳᠦ ᠠᠪᠴᠤ᠌ ᠬᠡᠯᠡᠪᠡᠯ᠂ ᠲᠠᠩᠰᠠ ᠪᠦᠷᠢ᠎ᠶ᠋ᠢ ᠨᠠᠷᠢᠨ ᠨᠢᠮᠪᠠᠢ ᠪᠤᠳᠤᠵᠦ᠍᠂ ᠵᠠᠷᠤᠬᠤ ᠶᠣᠰᠣᠲᠠᠢ ᠵᠣᠭᠣᠰ᠎ᠢ ᠪᠦᠬᠦ᠌ ᠬᠦᠴᠦ᠍᠎ᠪᠡᠷ᠎ᠢᠶᠡᠨ ᠰᠠᠢᠲᠤᠷ ᠪᠠᠲᠤᠯᠠᠵᠤ᠂ ᠵᠠᠷᠤᠬᠤ ᠴᠢᠬᠤᠯᠠ ᠦᠭᠡᠢ ᠵᠣᠭᠣᠰ᠎ᠢ ᠡᠷᠡᠰ ᠲᠠᠰᠤᠷᠬᠠᠢ᠎ᠪᠠᠷ ᠦᠯᠡᠳᠡᠭᠡᠵᠦ᠍᠂ ᠲᠥᠯᠥᠪᠵᠢᠭᠦᠯᠭᠡ ᠪᠦᠳᠦᠭᠡᠨ ᠪᠠᠢᠭᠤᠯᠤᠯᠲᠠ᠎ᠳᠤ 〈ᠢᠲᠡᠭᠡᠮᠵᠢᠳᠡᠢ ᠬᠠᠮᠢᠶᠠᠷᠤᠭ᠍ᠴᠢ〉 ᠪᠠ 〈ᠰᠠᠢᠨ ᠪᠤᠳᠤᠭᠴᠢ〉 ᠪᠤᠯᠵᠤ᠂ ᠵᠣᠭᠣᠰ ᠪᠣᠯᠭᠠᠨ᠎ᠢ ᠬᠡᠷᠡᠭ᠌ᠴᠡᠭᠡ᠎ᠲᠡᠶ ᠭᠠᠵᠠᠷ᠎ᠲᠤᠨᠢ ᠵᠠᠷᠤᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ》 ᠭᠡᠵᠦ᠍ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠠᠷᠤ ᠲᠠᠯ᠎ᠠ᠎ᠶ᠋ᠢᠨ ᠦᠢᠯᠡᠴᠢᠯᠡᠭᠡᠨ᠎ᠦ ᠪᠠᠲᠤᠯᠠᠭ᠎ᠠ᠎ᠶ᠋ᠢᠨ ᠬᠡᠯᠲᠡᠰ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠹᠸᠩ ᠶᠠᠨ ᠬᠡᠯᠡᠪᠡ᠃
《ᠣᠳᠣᠬᠠᠨ᠎ᠳᠤ᠂ ᠳᠠᠯᠠᠢ ᠳᠡᠭᠡᠷᠡᠬᠢ ᠡᠷᠬᠡ᠎ᠪᠡᠨ ᠬᠠᠮᠠᠭᠠᠯᠠᠵᠤ ᠬᠠᠤᠯᠢ ᠬᠡᠷᠡᠭ᠌ᠵᠢᠭᠦᠯᠬᠦ᠌ ᠪᠠᠢᠳᠠᠯ ᠡᠭᠡᠳᠡᠷᠡᠭᠡᠨ ᠪᠤᠳᠤᠯᠢᠶᠠᠨᠲᠠᠢ᠂ ᠪᠣᠳᠠᠲᠤ ᠥᠷᠢᠰᠥᠯᠳᠦᠭᠡᠨ ᠨᠡᠩ ᠬᠦᠨᠳᠦ ᠨᠣᠴᠢᠲᠠᠢ ᠪᠤᠯᠵᠤ᠂ ᠳᠤᠮᠳᠠᠳᠤ ᠤᠯᠤᠰ᠎ᠤᠨ ᠳᠠᠯᠠᠢ᠎ᠶ᠋ᠢᠨ ᠴᠠᠭ᠍ᠳᠠᠭ᠎ᠠ᠎ᠶ᠋ᠢᠨ ᠪᠦᠲᠦᠮᠵᠢᠲᠡᠢ᠎ᠪᠡᠷ ᠡᠭᠦᠷᠭᠡ᠎ᠪᠡᠨ ᠭᠦᠢᠴᠡᠳᠭᠡᠬᠦ᠌᠎ᠳᠦ ᠨᠡᠩ ᠥᠨᠳᠥᠷ ᠱᠠᠭᠠᠷᠳᠠᠯᠭ᠎ᠠ ᠳᠤᠷᠠᠳᠤᠭ᠍ᠰᠠᠨ ᠪᠥᠭᠡᠳ ᠳᠠᠯᠠᠢ᠎ᠶ᠋ᠢᠨ ᠴᠠᠭ᠍ᠳᠠᠭ᠎ᠠ᠎ᠶ᠋ᠢᠨ ᠶᠡᠬᠡ ᠳᠡᠭᠡᠳᠦ ᠰᠤᠷᠭᠠᠭᠤᠯᠢᠡᠷᠬᠡᠪᠰᠢ ᠪᠠᠢᠯᠳᠤᠭᠠᠨ᠎ᠤ ᠰᠤᠷᠭᠠᠨ ᠬᠦᠮᠦᠵᠢᠯ ᠰᠤᠳᠤᠯᠤᠯᠲᠠ᠎ᠶᠢᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠠᠬᠢᠭᠤᠯᠵᠠᠢ》᠃ ᠵᠡᠪᠰᠡᠭ᠌ᠲᠦ ᠴᠠᠭ᠍ᠳᠠᠭᠠᠨ᠎ᠤ ᠴᠡᠷᠢᠭ ᠠᠩᠭᠢ᠎ᠡᠴᠡ ᠢᠷᠡᠭ᠌ᠰᠡᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠳ᠋ᠦ᠋ ᠴᠠᠩ ᠢᠦᠶ 《ᠪᠠᠭ᠍ᠰᠢ᠎ᠶ᠋ᠢᠨ ᠡᠩᠨᠡᠭᠡᠨ᠎ᠦ ᠪᠠᠢᠭᠤᠯᠤᠯᠲᠠ ᠪᠣᠯ ᠪᠠᠢᠯᠳᠤᠭᠠᠨ᠎ᠤ ᠰᠤᠷᠭᠠᠨ ᠬᠦᠮᠦᠵᠢᠯ ᠰᠤᠳᠤᠯᠭᠠᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠵᠠᠩᠭᠢᠯᠠᠭ᠎ᠠ ᠮᠥᠨ᠃ ᠪᠢᠳᠡ ᠰᠣᠯᠢᠯᠴᠠᠨ ᠰᠤᠷᠤᠯᠴᠠᠬᠤ᠂ ᠳᠠᠪᠲᠠᠨ ᠪᠣᠯᠪᠠᠰᠤᠷᠠᠭᠤᠯᠬᠤ᠂ ᠲᠤᠱᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ᠂ ᠰᠣᠷᠢᠯᠲᠠ᠎ᠳᠤ ᠣᠷᠣᠯᠴᠠᠬᠤ ᠡᠷᠴᠢᠮ᠎ᠢᠶᠡᠨ ᠴᠢᠩᠭᠠᠷᠠᠭᠤᠯᠬᠤ᠎ᠪᠠᠷ ᠳᠠᠮᠵᠢᠭᠤᠯᠤᠨ᠂ ᠪᠠᠢᠯᠳᠤᠭᠠᠨ᠎ᠤ ᠰᠤᠷᠭᠠᠨ ᠬᠦᠮᠦᠵᠢᠯ ᠰᠤᠳᠤᠯᠭᠠᠨ᠎ᠤ ᠴᠢᠳᠠᠪᠤᠷᠢ ᠪᠠᠨ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠎ᠡ》 ᠭᠡᠵᠦ ᠦᠵᠡᠪᠡ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠰᠠᠨᠰᠠᠷᠴᠢᠨ᠎ᠤ ᠶᠡᠬᠡ ᠠᠩᠭᠢ᠎ᠶ᠋ᠢᠨ ᠰᠠᠨᠰᠠᠷᠴᠢᠨ ᠯᠢᠦ ᠶᠠᠩ᠂ ᠳᠤᠮᠳᠠᠳᠤ ᠤᠯᠤᠰ᠎ᠤᠨ ᠬᠥᠮᠦᠨ ᠰᠠᠭᠤᠯᠭᠠᠭ᠍ᠰᠠᠨ ᠰᠠᠨᠰᠠᠷ᠎ᠤᠨ ᠠᠶᠠᠯᠠᠯ᠎ᠤᠨ ᠦᠢᠯᠡᠰ ᠲᠠᠪᠠᠯᠳᠠᠳᠤ ᠮᠠᠶᠢᠭ᠎ᠤᠨ ᠬᠥᠭ᠌ᠵᠢᠯᠲᠡ᠎ᠶ᠋ᠢ ᠪᠡᠶᠡᠯᠡᠭᠦᠯᠵᠦ᠍᠂ ᠨᠡᠩ ᠨᠠᠷᠢᠨ ᠪᠤᠳᠤᠯᠢᠶᠠᠨᠲᠠᠢ ᠡᠭᠦᠷᠭᠡ᠎ᠶ᠋ᠢᠨ ᠪᠠᠢᠳᠠᠯ᠂ ᠨᠡᠩ ᠥᠨᠳᠥᠷ ᠡᠭᠦᠷᠭᠡ᠎ᠶ᠋ᠢᠨ ᠬᠦᠴᠢᠷᠳᠡᠯ᠎ᠳᠤ ᠲᠤᠯᠭᠠᠷᠠᠪᠠ᠃ 《ᠣᠷᠳᠣ ᠬᠤᠭᠤᠴᠠᠭ᠎ᠠ᠎ᠪᠠᠷ ᠰᠠᠨᠰᠠᠷ᠎ᠲᠤ ᠰᠠᠭᠠᠲᠠᠬᠤ᠂ ᠪᠠᠢᠩᠭᠤᠵᠢᠭᠰᠠᠨ ᠥᠷᠥᠭᠡ᠎ᠡᠴᠡ ᠭᠠᠷᠬᠤ ᠠᠵᠢᠯᠯᠠᠭ᠎ᠠ ᠵᠢᠴᠢ ᠶᠡᠬᠡ ᠬᠡᠮᠵᠢᠶᠡᠨ᠎ᠦ ᠨᠠᠷᠢᠨ ᠪᠤᠳᠤᠯᠢᠶᠠᠨᠲᠠᠶ ᠱᠢᠨᠵᠢᠯᠡᠬᠦ᠌ ᠤᠬᠠᠭᠠᠨ᠎ᠤ (ᠰᠢᠯᠭᠠᠯᠲᠠ) ᠲᠤᠷᠰᠢᠯᠲᠠ ᠨᠢ ᠰᠠᠨᠰᠠᠷᠴᠢᠨ᠎ᠤ ᠶᠡᠷᠦᠩᠬᠡᠶ ᠬᠡᠪ ᠪᠤᠯᠪᠠᠰᠤᠷᠠᠯ᠎ᠳᠤ ᠴᠥᠮ ᠨᠠᠩ ᠥᠨᠳᠥᠷ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃ ᠯᠢᠦ ᠶᠠᠩ᠂ ᠵᠥᠷᠢᠴᠡᠯ ᠬᠦᠴᠢᠷᠳᠡᠯ᠎ᠳᠦ ᠲᠤᠯᠭᠠᠷᠠᠵᠤ᠂ ᠪᠢ ᠠᠩᠭᠢ᠎ᠶ᠋ᠢᠨ ᠨᠥᠬᠥᠳ᠎ᠲᠡᠶ᠎ᠪᠡᠨ ᠬᠠᠲᠠᠭᠤᠵᠢᠯᠲᠠᠶ ᠪᠣᠯᠪᠠᠰᠤᠷᠠᠵᠤ᠂ ᠳᠠᠬᠢᠨᠲᠠ ᠰᠠᠨᠰᠠᠷ᠎ᠲᠤ ᠭᠠᠷᠬᠤ᠎ᠪᠠᠷ ᠭᠦᠶ᠋ᠴᠡᠳ ᠪᠡᠯᠡᠳᠭᠡᠯ ᠬᠢᠭ᠌ᠰᠡᠭᠡᠷ ᠪᠠᠢᠨ᠎ᠠ》 ᠭᠡᠵᠦ ᠬᠡᠯᠡᠪᠡ᠃
《 ᠤᠢ᠍ᠢᠷ᠎ᠠ᠎ᠶ᠋ᠢᠨ ᠵᠢᠯ᠎ᠡᠴᠡ᠂ ᠮᠠᠰᠢ ᠤᠯᠠᠨ ᠱᠢᠨ᠎ᠡ ᠲᠣᠨᠣᠭ᠍ᠯᠠᠯ ᠱᠢᠨ᠎ᠡ ᠮᠡᠷᠭᠡᠵᠢᠯ ᠱᠢᠨ᠎ᠡ ᠤᠷ᠎ᠠ ᠮᠡᠷᠭᠡᠵᠢᠯ᠎ᠢ ᠲᠠᠢ᠌ᠨ᠎ᠦ ᠪᠡᠯᠡᠳᠭᠡᠯ᠎ᠦᠨ ᠢᠨᠵᠧᠨᠧᠷᠢᠩ᠎ᠦᠨ ᠪᠦᠳᠦᠭᠡᠨ ᠪᠠᠢᠭᠤᠯᠤᠯᠲᠠ᠎ᠳᠤ ᠬᠡᠷᠡᠭ᠌ᠯᠡᠵᠦ᠍᠂ ᠢᠨᠵᠧᠨᠧᠷᠢᠩ᠎ᠦᠨ ᠶᠠᠰᠤ ᠴᠢᠨᠠᠷ ᠪᠣᠯᠤᠨ ᠠᠵᠢᠯ᠎ᠤᠨ ᠦᠷ᠎ᠡ ᠪᠦᠲᠦᠮᠵᠢ᠎ᠶ᠋ᠢ ᠶᠡᠬᠡᠪᠡᠷ ᠳᠡᠭᠡᠭ᠌ᠰᠢᠯᠡᠭᠦᠯᠪᠡ᠂ ᠪᠢ ᠲᠠᠢ᠌ᠴᠢᠨ ᠨᠥᠬᠥᠳ᠎ᠲᠡᠶ᠎ᠪᠡᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢᠨ ᠲᠦᠯᠬᠢᠴᠡ ᠬᠦᠴᠦᠨ᠎ᠢ ᠦᠨᠡᠨ ᠬᠦ᠌ ᠮᠡᠳᠡᠷᠡᠪᠡ》᠃ ᠲᠡᠢ᠌ᠷᠦᠯᠳᠦ ᠰᠤᠮᠤ᠎ᠶ᠋ᠢᠨ ᠴᠡᠷᠢᠭ᠎ᠡᠴᠡ ᠢᠷᠡᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠼᠦᠢ ᠳ᠋ᠤᠤ ᠬ᠍ᠤ 《ᠣᠳᠣᠬᠠᠨ᠎ᠳᠤ ᠲᠥᠯᠥᠪᠵᠢᠭᠦᠯᠭᠡ᠎ᠶ᠋ᠢ ᠬᠠᠮᠤᠭ᠎ᠤᠨ ᠢᠳᠡ ᠠᠪᠬᠤ ᠱᠠᠲᠤᠨ᠎ᠳᠤ ᠬᠦᠷᠲᠡᠯ᠎ᠡ ᠬᠡᠷᠡᠭᠵᠢᠭᠦᠯᠵᠡᠢ᠂ ᠪᠢᠳᠡ ᠮᠡᠳᠡᠭᠡ ᠵᠠᠩᠭᠢᠵᠢᠯᠳᠠ᠎ᠶ᠋ᠢᠨ ᠬᠠᠮᠢᠶᠠᠷᠤᠯᠲᠠ᠂ ᠤᠶᠤᠨᠴᠢᠯᠠᠬ᠍ᠰᠠᠨ ᠪᠠᠢᠭᠤᠯᠤᠯᠲᠠ ᠵᠡᠷᠭᠡ ᠲᠠᠯ᠎ᠠ᠎ᠶ᠋ᠢᠨ ᠮᠡᠷᠭᠡᠵᠢᠯ᠎ᠦᠨ ᠦᠷ᠎ᠡ ᠪᠦᠲᠦᠭᠡᠯ᠎ᠢ ᠢᠳᠡᠪᠬᠢᠲᠡᠢ ᠰᠠᠢᠲᠤᠷ ᠠᠱᠢᠭ᠍ᠯᠠᠵᠤ᠂ ᠪᠣᠭᠣᠮᠲᠠ ᠱᠢᠪᠲᠤᠯᠬᠤ ᠦᠢᠯᠡᠳᠦᠯᠭᠡ᠎ᠶ᠋ᠢᠨ ᠳᠤᠮᠳᠠ ᠲᠠᠢ᠌ᠴᠢᠨ ᠬᠦᠴᠦᠨ᠎ᠦ ᠪᠠᠢᠭᠤᠯᠤᠯᠲᠠ ᠪᠣᠯᠤᠨ ᠬᠡᠷᠡᠭ᠌ᠯᠡᠭᠡᠨ᠎ᠦ ᠵᠠᠭ᠍ᠪᠤᠷ᠎ᠤᠨ ᠬᠤᠪᠢᠷᠠᠯᠲᠠ᠎ᠶ᠋ᠢ ᠲᠦᠷᠭᠡᠳᠭᠡᠬᠦ᠌ ᠬᠡᠷᠡᠭ᠌ᠲᠡᠢ》 ᠭᠡᠪᠡ᠃
ᠵᠢᠶᠠᠩᠰᠢ ᠮᠤᠵᠢ᠎ᠶ᠋ᠢᠨ ᠡᠬᠡ ᠭᠠᠵᠠᠷ ᠳᠡᠭᠡᠷ᠎ᠡ᠂ ᠵᠢᠶᠠᠩᠰᠢ ᠮᠤᠵᠢ᠎ᠶ᠋ᠢᠨ ᠴᠡᠷᠢᠭ᠎ᠦᠨ ᠲᠣᠭᠣᠷᠢᠭ᠎ᠤᠨ ᠥᠷᠭᠡᠨ ᠤᠯᠠᠨ ᠳᠠᠷᠤᠭ᠎ᠠ ᠪᠠᠢᠯᠳᠤᠭ᠍ᠴᠢ ᠪᠣᠯᠤᠨ ᠡᠷᠦᠬᠡ᠎ᠶ᠋ᠢᠨ ᠴᠡᠷᠢᠭ ᠡᠯ᠎ᠡ ᠵᠦᠢᠯ᠎ᠦᠨ ᠬᠡᠯᠪᠡᠷᠢ᠎ᠪᠡᠷ ᠰᠤᠷᠤᠯᠴᠠᠨ ᠶᠠᠷᠢᠯᠴᠠᠪᠠ᠃ 《ᠮᠤᠵᠢ᠎ᠶ᠋ᠢᠨ ᠴᠡᠷᠢᠭ᠎ᠦᠨ ᠲᠣᠭᠣᠷᠢᠭ᠎ᠤᠨ ᠬᠢᠨ ᠴᠡᠷᠢᠭ ᠠᠩᠭᠢ ᠪᠠ ᠣᠷᠣᠨ ᠨᠤᠲᠤᠭ᠎ᠤᠨ ᠬᠥᠭᠥᠷᠭᠡ ᠬᠣᠯᠪᠣᠭᠠᠰᠤ᠎ᠶ᠋ᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠣᠷᠣᠨ ᠨᠤᠲᠤᠭ᠎ᠤᠨ ᠳᠠᠪᠠᠭᠤᠯᠢᠭ ᠬᠦᠴᠦᠨ ᠪᠣᠯᠤᠨ ᠡᠬᠢ ᠪᠠᠶᠠᠯᠢᠭ᠎ᠢ ᠰᠠᠢᠲᠤᠷ ᠠᠱᠢᠭ᠍ᠯᠠᠵᠤ᠂ ᠮᠠᠨ᠎ᠤ ᠴᠡᠷᠢᠭ᠎ᠦᠨ ᠪᠦᠲᠦᠭᠡᠨ ᠪᠠᠢᠭᠤᠯᠤᠯᠲᠠ᠎ᠶ᠋ᠢᠨ ᠶᠠᠰᠤ ᠴᠢᠨᠠᠷ ᠪᠣᠯᠤᠨ ᠦᠷ᠎ᠡ ᠠᠱᠢᠭ᠎ᠢ ᠳᠡᠭᠡᠭ᠌ᠰᠢᠯᠡᠭᠦᠯᠬᠦ᠌ ᠬᠡᠷᠡᠭ᠌ᠲᠡᠢ》᠃ ᠨᠢᠭᠡᠨ ᠲᠣᠪᠴᠢᠶᠠᠨ᠎ᠤ ᠠᠵᠢᠯᠯᠠᠭ᠍ᠴᠢ ᠵᠣᠣ ᠢᠦᠶ ᠵᠤᠸᠠᠩ 《ᠪᠢᠳᠡ ᠴᠡᠷᠢᠭ᠎ᠦᠨ ᠶᠠᠪᠤᠳᠠᠯ᠎ᠤᠨ ᠬᠡᠷᠡᠭ᠌ᠴᠡᠭᠡ᠎ᠪᠡᠷ ᠬᠥᠲᠥᠯᠦᠮᠵᠢ ᠪᠣᠯᠭᠠᠬᠤ᠎ᠶ᠋ᠢ ᠪᠠᠷᠢᠮᠲᠠᠯᠠᠵᠤ᠂ ᠣᠷᠣᠨ ᠨᠤᠲᠤᠭ᠎ᠤᠨ ᠪᠥᠲᠥᠭᠡᠨ ᠪᠠᠢᠭᠤᠯᠤᠯᠲᠠ᠎ᠶ᠋ᠢᠨ ᠬᠦᠷᠢᠶᠡᠨ᠎ᠳᠡᠬᠢ ᠪᠠᠢᠷᠢᠱᠢᠭᠤᠯᠤᠯᠲᠠ ᠶ᠋ᠢ ᠨᠢᠭᠡᠳᠦᠯᠲᠡᠶ ᠲᠥᠯᠥᠪᠵᠢᠭᠦᠯᠬᠦ᠂ ᠲᠥᠷᠥᠯ ᠵᠦᠶ᠋ᠯ᠎ᠢ ᠨᠢᠭᠡᠳᠦᠯᠲᠡᠶ ᠲᠥᠯᠥᠪᠵᠢᠭᠦᠯᠬᠦ᠂ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠬᠦ ᠪᠠ ᠬᠡᠷᠡᠭ᠌ᠵᠢᠭᠦᠯᠦᠯᠲᠡ᠎ᠶ᠋ᠢ ᠨᠢᠭᠡᠳᠦᠯᠲᠡᠶ ᠲᠥᠯᠥᠪᠵᠢᠭᠦᠯᠬᠦ᠎ᠶ᠋ᠢ ᠰᠠᠢᠲᠤᠷ ᠬᠢᠵᠦ᠍᠂ ᠡᠯᠧᠺᠲ᠋ᠷᠣᠨ ᠮᠡᠳᠡᠭᠡ ᠵᠠᠩᠭᠢ᠂ ᠲᠣᠨᠣᠭ᠍ᠯᠠᠯ ᠦᠶ᠋ᠯᠡᠳᠬᠦ᠌ ᠵᠡᠷᠭᠡ ᠠᠵᠤ ᠦᠶ᠋ᠯᠡᠰ᠎ᠦᠨ ᠨᠡᠢᠳᠡᠮ ᠬᠡᠷᠡᠭ᠌ᠯᠡᠬᠦ᠌ ᠡᠬᠢ ᠪᠠᠶᠠᠯᠢᠭ᠎ᠢ ᠪᠠᠢᠯᠳᠤᠭᠠᠨ᠎ᠳᠤ ᠲᠤᠰᠠᠯᠠᠬᠤ ᠪᠣᠳᠠᠲᠤ ᠬᠦᠴᠦᠨ ᠪᠣᠯᠭᠠᠨ ᠬᠤᠪᠢᠷᠠᠭᠤᠯᠬᠤ᠎ᠶ᠋ᠢ ᠲᠦᠷᠭᠡᠳᠭᠡᠨ ᠠᠬᠢᠭᠤᠯᠤᠨ᠎ᠠ》 ᠭᠡᠪᠡ᠃
《ᠪᠢ ᠬᠥᠯᠭᠡ ᠣᠩᠭᠣᠴᠠ᠎ᠶ᠋ᠢ ᠢᠳᠡᠭ᠌ᠳᠡᠯ ᠡᠴᠡ ᠰᠡᠷᠭᠡᠢᠯᠡᠨ ᠬᠠᠮᠠᠭᠠᠯᠠᠬᠤ ᠪᠠ ᠱᠢᠨ᠎ᠡ ᠮᠠᠲ᠋ᠧᠷᠢᠶᠠᠯ᠎ᠢ ᠬᠡᠷᠡᠭ᠌ᠯᠡᠬᠦ᠌ ᠲᠠᠯ᠎ᠠ᠎ᠪᠠᠷ ᠬᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯ ᠬᠢᠵᠦ᠍᠂ 〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠬᠤᠭᠤᠴᠠᠭᠠᠨ᠎ᠳᠤ ᠣᠯᠠᠨ ᠬᠡᠯᠪᠡᠷᠢ᠎ᠶ᠋ᠢᠨ ᠭᠤᠤᠯ ᠬᠥᠯᠭᠡ ᠣᠩᠭᠣᠴᠠ᠎ᠶ᠋ᠢᠨ ᠮᠠᠲ᠋ᠧᠷᠢᠶᠠᠯ᠎ᠤᠨ ᠱᠢᠰᠲ᠋ᠧᠮ᠎ᠦᠨ ᠵᠢᠷᠤᠭ ᠲᠥᠯᠥᠪᠯᠡᠭᠡ᠎ᠳᠦ ᠣᠷᠣᠯᠴᠠᠪᠠ》᠃ ᠲᠡᠯᠡᠶ᠎ᠶ᠋ᠢᠨ ᠴᠡᠷᠢᠭ᠎ᠡᠴᠡ ᠢᠷᠡᠭ᠌ᠰᠡᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠼᠤᠤ ᠵᠢᠩ ᠢ 《2022 ᠣᠨ᠎ᠳᠤ᠂ ᠪᠢᠳᠡ ᠶᠠᠮᠠᠷ ᠨᠢᠭᠡᠨ ᠱᠢᠨ᠎ᠡ ᠬᠡᠯᠪᠡᠷᠢ᠎ᠶ᠋ᠢᠨ ᠰᠡᠷᠭᠡᠢᠯᠡᠨ ᠬᠠᠮᠠᠭᠠᠯᠠᠬᠤ ᠮᠠᠲ᠋ᠧᠷᠢᠶᠠᠯ᠎ᠢ ᠰᠤᠳᠤᠯᠤᠨ ᠦᠶ᠋ᠯᠡᠳᠬᠦ᠌ ᠶᠠᠪᠤᠴᠠ᠎ᠳᠤ ᠵᠠᠩᠭᠢᠯᠠᠭ᠎ᠠ᠎ᠶ᠋ᠢᠨ ᠮᠡᠷᠭᠡᠵᠢᠯ᠎ᠦᠨ ᠳᠡᠮᠵᠢᠯᠭᠡ᠎ᠶ᠋ᠢ ᠣᠷᠣᠭᠤᠯᠤᠨ ᠠᠪᠴᠢᠷᠠᠵᠤ᠂ ᠣᠷᠳᠣ ᠬᠤᠭᠤᠴᠠᠭᠠᠨ᠎ᠤ ᠪᠦᠲᠦᠮᠵᠢᠲᠡᠶ ᠰᠡᠷᠭᠡᠢᠯᠡᠨ ᠬᠠᠮᠠᠭᠠᠯᠠᠬᠤ ᠪᠠ ᠣᠷᠴᠢᠨ ᠲᠤᠭᠤᠷᠢᠨ᠎ᠤ ᠬᠠᠮᠠᠭᠠᠯᠠᠯᠲᠠ᠎ᠶ᠋ᠢᠨ ᠬᠤᠤᠷ ᠬᠥᠨᠥᠭᠡᠯ᠎ᠢ ᠪᠠᠭᠤᠷᠠᠭᠤᠯᠬᠤ᠎ᠶ᠋ᠢ ᠬᠠᠮᠲᠤᠳᠤᠨᠢ ᠬᠠᠷᠠᠭᠠᠯᠵᠠᠬᠤ ᠪᠣᠭᠣᠮᠢ ᠠᠰᠠᠭᠤᠳᠠᠯ᠎ᠢ ᠱᠢᠶ᠋ᠳᠪᠦᠷᠢᠯᠡᠪᠡ᠃ ᠮᠡᠷᠭᠡᠵᠢᠯ᠎ᠦᠨ ᠴᠤᠤᠷᠢᠶᠠᠲᠤᠯ ᠬᠡᠳᠦᠶ ᠬᠤᠷᠴᠠ ᠱᠠᠯᠠᠮᠠᠭᠠᠶ ᠪᠣᠯ ᠤᠨᠳᠤᠤᠰᠢᠭᠤᠯᠤᠯᠲᠠ ᠶ᠋ᠢᠨ ᠬᠡᠯᠬᠢᠶ᠎ᠡ᠎ᠶᠢᠨ ᠵᠠᠮ ᠲᠡᠳᠦᠶ ᠰᠠᠭᠠᠳ ᠥᠬᠡᠶ᠂ ᠱᠢᠨ᠎ᠡ ᠴᠢᠨᠠᠷ᠎ᠤᠨ ᠳᠠᠢᠴᠢᠨ ᠬᠦᠴᠦᠨ᠎ᠦ ᠪᠣᠶ ᠪᠣᠯᠬᠤ ᠦᠷ᠎ᠡ ᠪᠦᠲᠦᠮᠵᠢ ᠲᠡᠳᠦᠶ ᠥᠨᠳᠥᠷ ᠪᠣᠯᠬᠤ᠎ᠶ᠋ᠢ ᠦᠶ᠋ᠯᠡᠳᠦᠯᠭᠡ ᠭᠡᠷᠡᠴᠢᠯᠡᠵᠡᠶ》 ᠭᠡᠪᠡ᠃
ᠣᠳᠣᠬᠠᠨ᠎ᠳᠤ᠂ ᠵᠣᠬᠢᠶᠠᠮᠠᠯ ᠣᠶᠤᠨ ᠴᠢᠳᠠᠪᠤᠷᠢ᠎ᠪᠠᠷ ᠲᠥᠯᠥᠭᠡᠯᠡᠭᠦᠯᠦᠭ᠌ᠰᠡᠨ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠭᠠᠯ ᠲᠦᠷᠭᠡᠰᠦᠨ ᠬᠥᠭ᠌ᠵᠢᠵᠦ᠍᠂ ᠮᠠᠨ᠎ᠤ ᠤᠯᠤᠰ᠎ᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ ᠥᠷᠨᠢᠨ ᠬᠥᠭ᠌ᠵᠢᠭ᠌ᠰᠡᠨ ᠰᠠᠢᠨ ᠰᠠᠢᠬᠠᠨ ᠬᠠᠨᠳᠤᠰᠢ ᠢᠯᠡᠷᠡᠪᠡ᠃ ᠠᠭᠠᠷ᠎ᠤᠨ ᠴᠡᠷᠢᠭ᠎ᠡᠴᠡ ᠢᠷᠡᠭ᠌ᠰᠡᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠸᠸᠨ ᠱᠢᠶᠤᠤ ᠯᠢᠶᠠᠩ᠎ᠤᠨ ᠦᠵᠡᠬᠦ᠌ ᠪᠡᠷ᠂ ᠠᠵᠠ ᠲᠣᠬᠢᠶᠠᠯ᠎ᠢ ᠠᠮᠵᠢᠨ᠂ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ᠂ ᠪᠠᠷᠢᠮᠵᠢᠶ᠎ᠠ ᠨᠡᠢᠳᠡᠮ ᠬᠡᠷᠡᠭ᠌ᠯᠡᠬᠦ᠌ ᠵᠠᠮ᠎ᠢᠶᠠᠷ ᠰᠠᠢᠲᠤᠷ ᠵᠠᠮᠨᠠᠵᠤ᠂ ᠳᠠᠢᠴᠢᠨ ᠬᠦᠴᠦᠨ᠎ᠦ ᠪᠠᠢᠭᠤᠯᠤᠯᠲᠠ ᠪᠠ ᠬᠡᠷᠡᠭ᠌ᠯᠡᠭᠡᠨ᠎ᠦ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠲᠡᠷᠢᠭᠦᠨ᠎ᠦ ᠮᠡᠷᠭᠡᠵᠢᠯ᠎ᠢ ᠪᠤᠱᠢᠭᠤ ᠱᠠᠯᠠᠮᠠᠭᠠᠶ᠎ᠪᠠᠷ ᠳᠠᠭᠠᠬᠤ ᠪᠠ ᠲᠦᠷᠭᠡᠨ ᠬᠤᠪᠢᠷᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠱᠢᠨ᠎ᠡ ᠴᠢᠨᠠᠷ ᠤ᠋ᠨ ᠳᠠᠢᠴᠢᠨ ᠬᠦᠴᠦᠨ᠎ᠢ ᠲᠦᠷᠭᠡᠨ ᠬᠥᠭ᠌ᠵᠢᠭᠦᠯᠬᠦ᠌ ᠬᠡᠷᠡᠭ᠌ᠲᠡᠶ ᠭᠡᠪᠡ᠃
ᠪᠠᠷᠠᠭᠤᠨ ᠣᠷᠣᠨ᠎ᠤ ᠪᠠᠢᠯᠳᠤᠭᠠᠨ᠎ᠤ ᠲᠣᠭᠣᠷᠢᠭ᠎ᠡᠴᠡ ᠢᠷᠡᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠶᠠᠩ ᠭᠤᠸᠠᠩ ᠬᠤᠢ᠎ᠶ᠋ᠢᠨ ᠦᠵᠡᠬᠦ᠌᠎ᠪᠡᠷ᠂ ᠲᠥᠯᠥᠪᠵᠢᠭᠦᠯᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠢ ᠦᠨᠡᠯᠡᠬᠦ᠌ ᠠᠵᠢᠯ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ ᠨᠢ ᠪᠣᠳᠠᠲᠤ ᠪᠠᠢᠯᠳᠤᠭᠠᠨ᠎ᠤ ᠴᠢᠳᠠᠪᠤᠷᠢ᠎ᠶ᠋ᠢ ᠱᠢᠯᠭᠠᠬᠤ ᠭᠣᠭ᠍ᠴᠣᠭ᠎ᠠ᠎ᠶ᠋ᠢ ᠯᠠᠪᠳᠠᠭᠤᠨ ᠪᠠᠲᠤᠲᠠᠢ ᠬᠢᠬᠦ᠌᠎ᠳᠦ ᠪᠠᠢᠨ᠎ᠠ᠃ 《ᠪᠠᠢᠯᠳᠤᠭᠠᠨ᠎ᠤ ᠲᠣᠭᠣᠷᠢᠭᠡᠳᠡᠭᠡᠷ ᠵᠢᠯ ᠤ᠋ᠳ ᠲᠤ᠌ ᠬᠠᠮᠲᠤᠷᠠᠭ᠍ᠰᠠᠨ ᠰᠣᠷᠢᠯᠲᠠ ᠪᠣᠯᠪᠠᠰᠤᠷᠠᠯ᠎ᠢ ᠵᠣᠬᠢᠶᠠᠨ ᠪᠠᠢᠭᠤᠯᠵᠤ᠂ ᠤᠯᠠᠨ᠎ᠳ᠋ᠤ ᠨᠡᠯᠢᠶᠡᠳ ᠭᠦᠨᠵᠡᠭᠡᠢ ᠲᠦᠷᠦᠭ᠌ᠳᠡᠯ᠎ᠲᠡᠶ ᠨᠢ ᠵᠡᠪᠰᠡᠭ ᠲᠣᠨᠣᠭ᠍ᠯᠠᠯ ᠤ᠋ᠨ ᠬᠠᠲᠠᠭᠤ ᠴᠢᠩᠭ᠎ᠠ ᠪᠠᠢᠬᠤ ᠡᠰᠡᠬᠦ᠌ ᠵᠢ ᠰᠣᠷᠢᠯᠲᠠ ᠪᠣᠯᠪᠠᠰᠤᠷᠠᠯ᠎ᠤᠨ ᠲᠠᠯᠠᠪᠠᠢ᠎ᠳᠤ ᠴᠢᠷᠴᠦ᠍ ᠠᠪᠠᠴᠢᠵᠤ ᠰᠢᠯᠭᠠᠬᠤ ᠬᠡᠷᠡᠭᠳᠡᠢ᠂ ᠢᠯᠠᠩᠭᠤᠶ᠎ᠠ ᠥᠨᠳᠥᠷᠯᠢᠭ ᠵᠡᠷᠭᠡ ᠨᠠᠷᠢᠨ ᠪᠤᠳᠤᠯᠢᠶᠠᠨᠲᠠᠢ ᠤᠨᠴᠠᠭᠠᠢ ᠣᠷᠴᠢᠨ᠎ᠳᠤ ᠠᠪᠠᠴᠢᠵᠤ ᠪᠠᠢᠮᠠᠨᠵᠢᠨ ᠰᠠᠶᠢ ᠰᠢᠯᠭᠠᠵᠤ ᠴᠢᠳᠠᠨ᠎ᠠ᠂ ᠬᠡᠷᠡᠭ᠌ᠯᠡᠬᠦ᠌᠎ᠳᠦ ᠰᠠᠢ᠌ᠨ ᠡᠰᠡᠬᠦ ᠳ᠋ᠤ ᠳᠠᠷᠤᠭ᠎ᠠ ᠪᠠᠢᠯᠳᠤᠭ᠍ᠴᠢᠳ ᠬᠠᠮᠤᠭ᠎ᠡᠴᠡ ᠦᠭᠡ ᠬᠡᠯᠡᠬᠦ᠌ ᠡᠷᠬᠡ᠎ᠲᠡᠶ᠃ ᠲᠡᠷᠢᠭᠦᠯᠡᠭ᠌ᠴᠢ ᠰᠢ ᠵᠢᠨ ᠫᠢᠩ᠎ᠦᠨ ᠵᠢᠭᠠᠪᠤᠷᠢ᠎ᠶ᠋ᠢᠨ ᠱᠠᠭᠠᠷᠳᠠᠯᠭ᠎ᠠ᠎ᠶ᠋ᠢ ᠲᠤᠭᠤᠱᠢᠯᠠᠭᠤᠯᠬᠤ᠎ᠳᠤ᠂ ᠪᠢᠳᠠ ᠱᠢᠰᠲᠸᠮ᠎ᠤᠨ ᠠᠭᠤᠰᠤᠯᠴᠠᠯ᠎ᠤᠨ ᠬᠡᠮᠵᠢᠶ᠎ᠡ᠂ ᠴᠢᠳᠠᠪᠤᠷᠢ᠎ᠶ᠋ᠢᠨ ᠬᠤᠪᠢ ᠨᠡᠮᠡᠷᠢ᠎ᠶ᠋ᠢᠨ ᠨᠤᠷᠮ᠎ᠠ᠎ᠶ᠋ᠢ ᠨᠡᠩ ᠳᠤᠪᠤᠢ᠌ᠯᠭᠠᠵᠤ᠂ ᠪᠣᠳᠠᠲᠤ ᠪᠠᠢ᠌ᠯᠳᠤᠭᠠᠨᠴᠢᠯᠠᠬ᠍ᠰᠠᠨ᠂ ᠲᠤᠰᠭᠠᠢᠵᠢᠭ᠍ᠰᠠᠨ ᠦᠨᠡᠯᠡᠯᠲᠡ᠎ᠶ᠋ᠢ ᠰᠠᠢᠲᠤᠷ ᠬᠢᠵᠦ᠍᠂ ᠪᠠᠢᠯᠳᠤᠭᠠᠨ᠎ᠢᠶᠠᠷ ᠪᠠᠢᠭᠤᠯᠤᠯᠳᠠ ᠵᠢ ᠳᠠᠭᠠᠭᠤᠯᠬᠤ᠂ ᠦᠨᠡᠯᠡᠯᠲᠡ᠎ᠪᠡᠷ ᠪᠡᠯᠡᠳᠭᠡᠯ᠎ᠢ ᠠᠬᠢᠭᠤᠯᠬᠤ᠎ᠶ᠋ᠢ ᠪᠠᠲᠤ ᠪᠡᠬᠢ ᠪᠣᠯᠭᠠᠵᠤ᠂ ᠯᠠᠪᠳᠠᠭᠤᠨ ᠪᠠᠲᠤᠲᠠᠢ ᠨᠠᠢᠳᠠᠪᠤᠷᠢᠵᠢᠭᠤᠯᠤᠨ᠎ᠠ》 ᠭᠡᠪᠡ᠃
ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠣᠭᠣᠷᠢᠨ ᠪᠠᠢᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠬᠡᠷ᠎ᠡᠴᠡ ᠢᠷᠡᠭ᠌ᠰᠡᠨ ᠸᠠᠩ ᠰᠧ ᠸᠧᠶ᠎ᠶ᠋ᠢᠨ ᠦᠵᠡᠬᠦ᠌᠎ᠪᠡᠷ᠂ ᠡᠨᠡ ᠵᠢᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠰᠡᠭᠦᠯ ᠬᠤᠷᠢᠶᠠᠵᠤ᠂ ᠪᠡᠶᠡᠯᠡᠭᠦᠯᠬᠦ᠌ ᠲᠥᠷᠥᠯ ᠵᠦᠶ᠋ᠯ ᠣᠯᠠᠨ᠂ ᠪᠠᠷᠢᠯᠭ᠎ᠠ᠎ᠶ᠋ᠢᠨ ᠬᠤᠭᠤᠴᠠᠭ᠎ᠠ ᠪᠠᠴᠢᠮ ᠪᠠᠢᠵᠤ᠂ ᠬᠣᠩᠬᠣ ᠳᠤᠤᠭᠠᠷᠴᠤ᠌ ᠱᠢᠯᠭᠠᠯᠲᠠ ᠵᠢᠨ ᠬᠠᠭᠤᠳᠠᠰᠤ᠎ᠪᠠᠨ ᠲᠤᠱᠢᠶᠠᠬᠤ ᠳᠠᠷᠤᠯᠲᠠ ᠮᠠᠰᠢ ᠶᠡᠬᠡ ᠪᠠᠢᠨ᠎ᠠ᠂ ᠡᠢᠮᠦ᠍ ᠪᠠᠢᠳᠠᠯ ᠳᠤᠤᠷ᠎ᠠ᠂ ᠤᠯᠠᠮ ᠢᠯᠡᠭᠦᠦ 《ᠲᠦᠷᠭᠡᠨ ᠪᠦᠲᠦᠭᠡᠬᠦ ᠵᠢ ᠯᠡ ᠪᠤᠳᠤᠬᠤ》 ᠪᠣᠯᠵᠣ᠂ ᠴᠢᠨᠠᠭ᠍ᠰᠢᠯᠠᠪᠠᠯ ᠢᠯᠵᠢᠷᠠᠯ᠎ᠤᠨ ᠠᠰᠠᠭᠤᠳᠠᠯ ᠭᠠᠷᠴᠤ ᠮᠡᠳᠡᠬᠦ ᠲᠤᠯᠠ ᠰᠡᠷᠭᠡᠢᠯᠡᠬᠦ᠌ ᠬᠡᠷᠡᠭ᠌ᠲᠡᠶ᠃ 《ᠪᠢᠳᠡ ᠪᠥᠬᠥ᠌ ᠶᠠᠪᠤᠴᠠ᠎ᠳᠤ ᠴᠢᠩᠭ᠎ᠠ ᠠᠩᠬᠠᠷᠴᠤ᠌᠂ ᠪᠤᠰᠤᠳ ᠬᠢᠨᠠᠯᠲᠠ ᠲᠠᠯᠪᠢᠬᠤ ᠬᠦᠴᠦᠨ᠎ᠲᠡᠶ ᠬᠠᠮᠵᠢᠯᠴᠠᠨ᠂ ᠠᠭᠤᠰᠤᠯᠴᠠᠭ᠍ᠰᠠᠨ ᠬᠢᠨᠠᠯᠲᠠ᠂ ᠬᠠᠮᠲᠤᠷᠠᠭ᠍ᠰᠠᠨ ᠬᠢᠨᠠᠨ ᠪᠤᠳᠤᠯᠲᠠ᠎ᠶ᠋ᠢ ᠭᠦᠨᠵᠡᠭᠡᠢᠷᠡᠭᠦᠯᠦᠨ ᠥᠷᠭᠡᠳᠭᠡᠵᠦ᠍᠂ ᠬᠢᠨᠠᠯᠲᠠ ᠬᠠᠮᠢᠶᠠᠷᠤᠯᠲᠠ᠎ᠶ᠋ᠢᠨ ᠲᠥᠯᠥᠪᠵᠢᠭᠦᠯᠭᠡ᠎ᠶ᠋ᠢᠨ ᠬᠡᠷᠡᠭ᠌ᠵᠢᠭᠦᠯᠦᠯᠲᠡ᠎ᠳᠡᠬᠢ ᠦᠶ᠋ᠯᠡᠴᠢᠯᠡᠭᠡ ᠪᠠ ᠠᠬᠢᠭᠤᠯᠬᠤ ᠴᠢᠳᠠᠮᠵᠢ᠎ᠶ᠋ᠢ ᠰᠠᠢᠲᠤᠷ ᠪᠠᠳᠠᠷᠠᠭᠤᠯᠤᠨ᠎ᠠ》 ᠭᠡᠪᠡ᠃
ᠵᠢᠶᠠᠩᠰᠦ᠎ᠶ᠋ᠢᠨ ᠬᠣᠢᠲᠤ ᠬᠡᠰᠡᠭ᠎ᠦᠨ ᠡᠬᠡ ᠭᠠᠵᠠᠷ᠎ᠲᠤ᠂ 71 ᠳ᠋ᠤᠭᠡᠷ ᠨᠢᠭᠡᠳᠭᠡᠯ ᠠᠷᠮᠢ᠎ᠶ᠋ᠢᠨ ᠨᠢᠭᠡᠨ ᠪᠠᠷᠢᠭᠠᠳᠠ᠎ᠶ᠋ᠢᠨ 《ᠳᠡᠯᠪᠡᠴᠢᠬᠦ᠌ ᠪᠠᠭᠠᠲᠤᠷᠯᠢᠭ ᠰᠤᠮᠤ》 ᠵᠢᠨ ᠳᠠᠷᠤᠭ᠎ᠠ ᠪᠠᠢᠯᠳᠤᠭ᠍ᠴᠢᠳ ᠲᠡᠷᠡ ᠳᠠᠷᠤᠢᠳᠤᠨᠢ ᠲᠧᠯᠸᠢᠰ᠂ ᠷᠠᠳᠢᠣ᠋᠂ ᠱᠢᠨ᠎ᠡ ᠵᠠᠭᠤᠴᠢᠯᠠᠭᠤᠷ ᠵᠡᠷᠭᠡ ᠲᠠᠪᠴᠠᠩ᠎ᠢ ᠠᠱᠢᠭ᠍ᠯᠠᠨ ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠨᠠᠷᠢᠨ ᠬᠢᠨᠠᠮᠠᠭᠠᠢ ᠰᠤᠷᠤᠯᠴᠠᠭ᠍ᠰᠠᠨ ᠪᠥᠭᠡᠳ 《ᠤᠯᠤᠰ ᠲᠦᠷᠦ᠍᠎ᠶ᠋ᠢᠨ ᠦᠨᠡᠨᠴᠢ ᠱᠢᠳᠤᠷᠭᠤ᠎ᠶ᠋ᠢ ᠪᠠᠲᠤ ᠴᠣᠭ᠍ᠴᠠᠯᠠᠵᠤ᠂ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌》 ᠵᠢᠨ ᠲᠣᠭᠣᠷᠢᠨ᠎ᠳᠤ ᠶᠠᠷᠢᠯᠴᠠᠭ᠎ᠠ ᠥᠷᠨᠢᠭᠦᠯᠪᠡ᠃ ᠲᠠᠯᠠᠢ᠎ᠶ᠋ᠢᠨ ᠲᠦᠪᠱᠢᠨ᠎ᠡᠴᠡ 5400 ᠭᠠᠷᠤᠢ ᠮᠸᠲᠷ ᠡᠷᠭᠦᠭ᠌ᠳᠡᠭ᠌ᠰᠡᠨ ᠬᠠᠷ᠎ᠠ ᠺᠦᠨᠯᠦ᠋ᠨ ᠥᠨᠳᠥᠷᠯᠢᠭ᠎ᠲᠦ ᠰᠠᠭᠤᠵᠤ ᠪᠣᠯᠪᠠᠰᠤᠷᠠᠯ ᠬᠢᠵᠦ᠍ ᠪᠠᠢᠭ᠎ᠠ ᠬᠠᠭᠤᠷᠠᠢ ᠵᠠᠮ᠎ᠤᠨ ᠴᠡᠷᠢᠭ᠎ᠦᠨ ᠨᠢᠭᠡᠨ ᠴᠡᠷᠢᠭ ᠠᠩᠬᠢ᠎ᠶ᠋ᠢᠨ 《ᠨᠢᠭᠡᠳᠦᠭᠡᠷ ᠳᠡᠰ᠎ᠤᠨ ᠭᠠᠪᠢᠶᠠᠲᠤ ᠪᠠᠲ᠋ᠯᠢᠶᠣᠨ》 ᠪᠠᠲ᠋ᠯᠢᠶᠣᠨ᠎ᠤ ᠰᠤᠮᠤᠨ᠎ᠤ ᠭᠣᠣᠯ ᠣᠹᠢᠼᠧᠷ᠎ᠢᠶᠡᠷ ᠪᠦᠷᠢᠯᠳᠦᠭ᠌ᠰᠡᠨ ᠤᠨᠤᠯ᠎ᠤᠨ ᠤᠬᠠᠭᠤᠯᠤᠨ ᠲᠠᠢᠯᠪᠤᠷᠢᠯᠠᠬᠤ ᠠᠩᠬᠢ᠎ᠶ᠋ᠢ ᠵᠣᠬᠢᠶᠠᠨ ᠪᠠᠢᠭᠤᠯᠵᠤ᠂ ᠪᠣᠯᠪᠠᠰᠤᠷᠠᠯ᠎ᠤᠨ ᠲᠠᠯᠠᠪᠠᠢ᠂ ᠵᠢᠵᠢᠭᠦᠷᠯᠡᠬᠦ᠌ ᠴᠡᠭ᠂ ᠲᠠᠰᠤᠭ ᠪᠠᠢᠷᠢ᠎ᠳᠤ ᠤᠨᠤᠯ᠎ᠤᠨ ᠬᠢᠴᠢᠶᠡᠯ᠎ᠦᠨ ᠲᠠᠩᠬᠢᠮ ᠨᠡᠭᠡᠭᠡᠵᠦ᠍᠂ ᠪᠠᠢᠳᠠᠯ ᠡᠭᠦᠷᠭᠡ᠂ ᠠᠵᠢᠯ᠎ᠤᠨ ᠬᠠᠷᠠᠯᠲᠠ᠂ ᠪᠣᠳᠠᠲᠤ ᠪᠠᠢᠯᠳᠤᠭᠠᠨ᠎ᠤ ᠪᠣᠯᠪᠠᠰᠤᠷᠠᠯ ᠵᠡᠷᠭᠡ ᠪᠣᠳᠠᠲᠤ ᠪᠠᠢᠳᠠᠯ᠎ᠲᠠᠶ ᠤᠶᠠᠯᠳᠤᠭᠤᠯᠵᠤ᠂ ᠳᠠᠷᠤᠭ᠎ᠠ ᠪᠠᠢᠯᠳᠤᠭ᠍ᠴᠢᠳ᠎ᠤᠨ ᠦᠵᠡᠯ ᠰᠠᠨᠠᠭᠠᠨ᠎ᠤ ᠲᠠᠨᠢᠯᠲᠠ᠎ᠶ᠋ᠢ ᠴᠢᠩᠭᠠᠳᠭᠠᠵᠤ᠂ ᠢᠲᠡᠭᠡᠯ ᠬᠥᠳᠡᠯᠭᠡᠬᠦ᠌ ᠬᠦᠴᠦᠨ᠎ᠢ ᠬᠥᠭ᠌ᠵᠢᠭᠡᠪᠡ᠃
ᠵᠠᠷᠯᠢᠭ᠎ᠢ ᠡᠷᠡᠰ ᠰᠤᠨᠤᠰᠴᠤ᠂ ᠡᠭᠦᠷᠭᠡ ᠬᠠᠷᠢᠭᠤᠴᠠᠯᠭ᠎ᠠ ᠪᠡᠨ ᠡᠭᠦᠷᠭᠡᠯᠡᠨ ᠭᠠᠪᠰᠢᠭᠠᠢᠯᠠᠨᠠ᠃ ᠪᠦᠬᠦ᠌ ᠴᠡᠷᠢᠭ᠎ᠦᠨ ᠳᠠᠷᠤᠭ᠎ᠠ ᠪᠠᠢᠯᠳᠤᠭ᠍ᠴᠢᠳ᠂ ᠶᠡᠷᠦᠩᠬᠡᠢ ᠵᠢᠯᠤᠭᠤᠳᠤᠬ᠍ᠴᠢ᠎ᠶ᠋ᠢᠨ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠡᠷᠡᠰ ᠲᠤᠭᠤᠱᠢᠯᠠᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠦᠢᠯᠡᠳᠦᠯᠭᠡ᠎ᠶ᠋ᠢᠨ ᠤᠳᠤᠷᠢᠳᠤᠮᠵᠢ᠎ᠶ᠋ᠢ ᠪᠠᠲᠤ ᠡᠵᠡᠮᠳᠡᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠴᠢᠩᠭ᠎ᠠ ᠠᠳᠭᠤᠵᠤ᠂ ᠬᠦᠴᠦ ᠪᠡᠨ ᠬᠠᠮᠳᠤᠳᠬᠠᠨ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠮᠠᠨ᠎ᠤ ᠴᠡᠷᠢᠭ᠎ᠦᠨ ᠪᠠᠢᠭᠤᠯᠤᠯᠲᠠ᠎ᠶ᠋ᠢᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠲᠡᠭᠦᠰ ᠠᠮᠵᠢᠯᠲᠠ᠎ᠲᠠᠶ ᠰᠡᠭᠦᠯ ᠬᠤᠷᠢᠶᠠᠬᠤ᠎ᠶ᠋ᠢ ᠠᠬᠢᠭᠤᠯᠤᠨ᠎ᠠ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 8᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃