2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-09 12:25:39

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢ ᠵᠢᠨ ᠫᠢᠩ ᠯᠢ ᠴᠢᠶᠠᠩ ᠸᠠᠩ ᠬᠣ᠌ ᠨᠢᠩ ᠼᠠᠢ ᠴᠢ ᠳ᠋ᠢᠩ ᠱᠢᠤᠸᠠᠢ ᠱᠢᠶᠠᠩ ᠯᠢ ᠰᠢ ᠬᠠᠨ ᠵᠧᠩ᠎ᠨᠡᠷ ᠣᠷᠣᠯᠴᠠᠵᠠᠢ

ᠵᠤᠤ ᠯᠸ ᠵᠶ᠋ᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠬᠢᠪᠡ

ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠤᠯᠤᠨ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢ ᠰᠣᠨᠣᠰᠤᠭᠰᠠᠨ ᠪᠠ ᠬᠢᠨᠠᠨ ᠵᠦᠪᠯᠡᠵᠡᠢ


ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ 8 ᠎ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠪᠥᠬᠥᠳᠡ ᠬᠤᠷᠠᠯ ᠬᠢᠵᠦ᠍᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠰᠣᠨᠣᠰᠤᠭᠰᠠᠨ ᠪᠠ ᠬᠢᠨᠠᠨ ᠵᠥᠪᠯᠡᠪᠡ᠃


QQ截图20250224163902.png


3 ᠰᠠᠷ᠎ᠠ᠎ᠶ᠋ᠢᠨ 8᠎ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠪᠥᠬᠥᠳᠡ ᠬᠤᠷᠠᠯ ᠬᠢᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠨᠠᠢᠳᠠᠯᠭ᠎ᠠ᠎ᠪᠠᠷ᠂ ᠬᠤᠷᠢᠶᠠᠨ ᠳᠠᠷᠤᠭ᠎ᠠ ᠵᠤᠤ ᠯᠸ ᠵᠶ᠋ᠢ ᠶᠡᠬᠡ ᠬᠤᠷᠠᠯ᠎ᠲᠡᠭᠡᠷ᠎ᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠬᠢᠪᠡ᠃

ᠱᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠳ᠋ᠢᠩ ᠬᠠᠢ ᠲᠤᠤ ᠰᠡᠬᠦᠳᠡᠷᠯᠡᠪᠡ


ᠰᠢ ᠵᠢᠨ ᠫᠢᠩ᠂ ᠯᠢ ᠴᠢᠶᠠᠩ᠂ ᠸᠠᠩ ᠬᠣ᠌ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ᠎ᠨᠡᠷ ᠬᠤᠷᠠᠯ᠎ᠳᠤ ᠣᠷᠣᠯᠴᠠᠵᠠᠢ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠨᠠᠢᠳᠠᠯᠭ᠎ᠠ᠎ᠪᠠᠷ᠂ ᠬᠤᠷᠢᠶᠠᠨ ᠳᠠᠷᠤᠭ᠎ᠠ ᠵᠤᠤ ᠯᠸ ᠵᠶ᠋ᠢ ᠶᠡᠬᠡ ᠬᠤᠷᠠᠯ᠎ᠲᠡᠭᠡᠷ᠎ᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠬᠢᠪᠡ᠃ ᠵᠤᠤ ᠯᠸ ᠵᠶ᠋ᠢ ᠮᠡᠳᠡᠭᠦᠯᠦᠯᠲᠡ᠎ᠳᠡᠭᠡᠨ᠂ 2024 ᠣᠨ ᠪᠣᠯ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠤᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠᠢᠭᠤᠯᠤᠭ᠍ᠳᠠᠭ᠍ᠰᠠᠨ 70 ᠵᠢᠯ᠎ᠦᠨ ᠤᠢ ᠪᠣᠯᠤᠨ᠎ᠠ᠃ ᠶᠡᠷᠦᠩᠬᠡᠶ ᠱᠦᠵᠢ ᠰᠢ ᠵᠢᠨ ᠫᠢᠩ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠᠢᠭᠤᠯᠤᠭ᠍ᠳᠠᠭ᠍ᠰᠠᠨ 70 ᠵᠢᠯ᠎ᠦᠨ ᠣᠶ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠦᠨ ᠬᠡᠷᠡᠯ ᠰᠠᠴᠤᠷᠠᠩᠭᠤᠶ ᠥᠩᠭᠡᠷᠡᠯᠲᠡ᠂ ᠢᠯᠡᠳᠲᠡ ᠳᠠᠪᠠᠭᠤᠯᠢᠭ᠂ ᠡᠷᠬᠢᠮ ᠨᠠᠨᠳᠢᠨ ᠲᠤᠷᠱᠢᠯᠭ᠎ᠠ ᠪᠣᠯᠤᠨ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠲᠣᠳᠣᠷᠬᠠᠢᠯᠠᠨ ᠥᠭᠦᠯᠡᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠬᠤ᠂ ᠰᠠᠢᠲᠤᠷ ᠲᠡᠭᠦᠯᠳᠡᠷᠵᠢᠭᠦᠯᠬᠦ᠌᠂ ᠰᠠᠢᠲᠤᠷ ᠠᠵᠢᠯᠯᠠᠭᠤᠯᠬᠤ᠎ᠳᠤ ᠦᠨᠳᠦᠰᠦᠨ ᠵᠢᠷᠤᠮᠯᠠᠯ ᠬᠠᠩᠭᠠᠵᠠᠢ ᠭᠡᠵᠦ ᠵᠢᠭᠠᠵᠤ ᠭᠠᠷᠭᠠᠪᠠ᠃

ᠵᠤᠤ ᠯᠸ ᠵᠶ᠋ᠢ ᠮᠡᠳᠡᠭᠦᠯᠦᠯᠲᠡ᠎ᠳᠡᠭᠡᠨ᠂ ᠨᠢᠭᠡ ᠵᠢᠯ᠎ᠦᠨ ᠲᠤᠷᠰᠢ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠤᠳᠤᠷᠢᠳᠤᠯᠭ᠎ᠠ ᠶ᠋ᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ ᠵᠢ ᠪᠠᠷᠢᠮᠳᠠᠯᠠᠵᠤ᠂ ᠪᠦᠬᠦ᠌ ᠶᠠᠪᠤᠴᠠ ᠶ᠋ᠢᠨ ᠠᠷᠠᠳ᠎ᠤᠨ ᠠᠷᠠᠳᠴᠢᠯᠠᠯ᠎ᠢ ᠦᠶ᠋ᠯᠡᠳᠦᠯᠭᠡᠵᠢᠭᠦᠯᠵᠦ᠂ ᠬᠠᠤᠯᠢ ᠶᠣᠰᠣᠭᠠᠷ ᠲᠤᠱᠢᠶᠠᠯ᠎ᠬᠠᠷᠢᠭᠤᠴᠠᠯᠭ᠎ᠠ᠎ᠪᠠᠨ ᠭᠦᠢᠴᠡᠳᠭᠡᠵᠦ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠂ ᠡᠯ᠎ᠡ ᠵᠦᠢᠯ᠎ᠦᠨ ᠠᠵᠢᠯ ᠱᠢᠨ᠎ᠡ ᠠᠬᠢᠯᠳᠠ ᠪᠠ ᠱᠢᠨ᠎ᠡ ᠦᠷ᠎ᠡ ᠪᠦᠲᠦᠮᠵᠢ ᠤᠯᠪᠠ᠃ ᠨᠢᠭᠡ᠎ᠳᠦ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ ᠪᠠ ᠬᠢᠨᠠᠯᠲᠠ᠎ᠶ᠋ᠢ ᠴᠢᠩᠭᠠᠳᠭᠠᠵᠤ᠂ ᠦᠨᠳᠦᠰᠦᠨ ᠬᠠᠤᠯᠢ᠎ᠶ᠋ᠢᠨ ᠡᠷᠬᠡ ᠰᠦᠷ ᠪᠠ ᠨᠡᠷ᠎ᠡ ᠬᠦᠨᠳᠦ᠍᠎ᠶ᠋ᠢ ᠬᠠᠮᠠᠭᠠᠯᠠᠪᠠ᠃ ᠦᠨᠳᠦᠰᠦᠨ ᠬᠠᠤᠯᠢ᠎ᠶ᠋ᠢᠨ ᠬᠣᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠲᠦᠷᠢᠮ᠎ᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠬᠠᠤᠯᠢ᠂ ᠬᠢᠨᠠᠨ ᠪᠠᠢᠴᠠᠭᠠᠬᠤ ᠬᠠᠤᠯᠢ᠎ᠳᠤ ᠵᠠᠰᠠᠪᠤᠷᠢ ᠣᠷᠣᠭᠤᠯᠵᠤ᠂ ᠲᠥᠯᠥᠭᠡᠯᠡᠭ᠌ᠴᠢᠳ᠎ᠦᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠬᠣᠶᠠᠷ ᠤᠳᠠᠭ᠎ᠠ ᠬᠢᠨᠠᠨ ᠵᠦᠪᠯᠡᠭᠰᠡᠨ ᠪᠥᠭᠡᠳ ᠲᠤᠰ ᠤᠳᠠᠭᠠᠨ᠎ᠤ ᠶᠡᠬᠡ ᠬᠤᠷᠠᠯ᠎ᠳᠤ ᠳᠡᠪᠱᠢᠭᠦᠯᠵᠦ᠍ ᠬᠢᠨᠠᠨ ᠵᠦᠪᠯᠡᠭᠦᠯᠬᠦ᠎ᠪᠠᠷ ᠲᠣᠭ᠍ᠲᠠᠪᠠ᠃ ᠦᠨᠳᠦᠰᠦᠨ ᠬᠠᠤᠯᠢ᠎ᠳᠤ ᠨᠡᠢᠴᠡᠬᠦ᠌ ᠡᠰᠡᠬᠦ᠌᠎ᠶ᠋ᠢ ᠬᠢᠨᠠᠨ ᠪᠠᠢᠴᠠᠭᠠᠬᠤ᠂ ᠳᠠᠩᠰᠠᠯᠠᠵᠤ ᠬᠢᠨᠠᠨ ᠪᠠᠢᠴᠠᠭᠠᠬᠤ ᠠᠵᠢᠯ᠎ᠢ ᠠᠬᠢᠭᠤᠯᠵᠤ᠂ ᠦᠨᠳᠦᠰᠦᠨ ᠬᠠᠤᠯᠢ ᠵᠢᠨ ᠣᠨᠣᠯ᠎ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠦᠨᠳᠦᠰᠦᠨ ᠬᠠᠤᠯᠢ ᠬᠠᠤᠯᠢ ᠴᠠᠭᠠᠵᠠ᠎ᠡᠴᠡ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠤ ᠣᠯᠭᠣᠭ᠍ᠰᠠᠨ ᠲᠣᠮᠢᠯᠠᠵᠤ ᠪᠠᠭᠤᠯᠭᠠᠬᠤ ᠡᠷᠬᠡ᠎ᠶ᠋ᠢ ᠬᠡᠷᠡᠭ᠌ᠵᠢᠭᠦᠯᠪᠡ᠃ ᠬᠣᠶᠠᠷ᠎ᠲᠤ ᠬᠠᠤᠯᠢ ᠲᠣᠭ᠍ᠲᠠᠭᠠᠬᠤ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ ᠴᠠᠭᠠᠵᠠ᠎ᠶ᠋ᠢᠨ ᠱᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠨᠢᠭᠡ ᠵᠢᠯ᠎ᠦᠨ ᠲᠤᠷᠰᠢ᠂ ᠨᠡᠢᠲᠡ 39 ᠬᠤᠪᠢ ᠬᠠᠤᠯᠢ ᠴᠠᠭᠠᠵᠠ᠎ᠶ᠋ᠢᠨ ᠬᠡᠷᠡᠭ᠎ᠢ ᠬᠢᠨᠠᠨ ᠵᠥᠪᠯᠡᠵᠦ᠍᠂ ᠲᠡᠭᠦᠨ᠎ᠦ ᠳᠣᠲᠣᠷᠠᠬᠢ 24 ᠬᠤᠪᠢ᠎ᠶ᠋ᠢ ᠨᠢ ᠪᠠᠲᠤᠯᠠᠪᠠ᠂ ᠡᠭᠦᠨ᠎ᠳᠦ 6 ᠬᠤᠪᠢ ᠬᠠᠤᠯᠢ ᠴᠠᠭᠠᠵᠠ ᠵᠢ ᠲᠣᠭ᠍ᠲᠠᠭᠠᠵᠤ᠂ 14 ᠬᠤᠪᠢ ᠬᠠᠤᠯᠢ ᠴᠠᠭᠠᠵᠠ᠎ᠳᠤ ᠵᠠᠰᠠᠪᠤᠷᠢ ᠣᠷᠣᠭᠤᠯᠵᠦ᠂ ᠬᠣᠯᠪᠣᠭ᠍ᠳᠠᠯ ᠪᠥᠬᠥᠶ ᠬᠠᠤᠯᠢ ᠴᠠᠭᠠᠵᠠ᠎ᠶ᠋ᠢᠨ ᠠᠰᠠᠭᠤᠳᠠᠯ ᠪᠠ ᠴᠢᠬᠤᠯᠠ ᠶᠡᠬᠡ ᠠᠰᠠᠭᠤᠳᠠᠯ᠎ᠤᠨ ᠲᠤᠬᠠᠶ 4 ᠬᠤᠪᠢ ᠲᠣᠭ᠍ᠲᠠᠭᠠᠯ᠎ᠢ ᠭᠠᠷᠭᠠᠬᠤ ᠪᠤᠯᠤᠨ᠎ᠠ᠃ ᠭᠤᠷᠪᠠ᠎ᠳᠤ ᠬᠢᠨᠠᠯᠲᠠ ᠲᠠᠯᠪᠢᠬᠤ ᠡᠷᠬᠡ ᠲᠤᠱᠢᠶᠠᠯ᠎ᠢᠶᠠᠨ ᠬᠠᠤᠯᠢ ᠶᠣᠰᠣᠭᠠᠷ ᠬᠡᠷᠡᠭ᠌ᠵᠢᠭᠦᠯᠵᠦ᠍᠂ ᠨᠠᠮ ᠪᠠ ᠤᠯᠤᠰ᠎ᠤᠨ ᠬᠢᠨᠠᠯᠲᠠ ᠲᠠᠯᠪᠢᠬᠤ ᠱᠢᠰᠲ᠋ᠧᠮ᠎ᠳᠦ ᠦᠵᠡᠭᠦᠯᠬᠦ᠌ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠢᠨᠠᠯᠲᠠ᠎ᠶ᠋ᠢᠨ ᠴᠢᠬᠤᠯᠠ ᠦᠢᠯᠡᠳᠦᠯ᠎ᠢ ᠪᠠᠳᠠᠷᠠᠭᠤᠯᠪᠠ᠃ ᠨᠡᠢ᠌ᠳᠡ 《ᠨᠢᠭᠡ ᠵᠠᠰᠠᠭ᠎ᠤᠨ ᠣᠷᠳᠣᠨ ᠨᠢᠭᠡ ᠵᠥᠪᠯᠡᠯ ᠬᠣᠶᠠᠷ ᠬᠣᠷᠢᠶ᠎ᠠ》 ᠶ᠋ᠢᠨ 21 ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠦᠪᠯᠡᠵᠦ᠂ 5 ᠬᠠᠤᠯᠢ ᠴᠠᠭᠠᠵᠠ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠢ ᠪᠠᠢᠴᠠᠭᠠᠵᠤ᠂ 2 ᠤᠳᠠᠭᠠᠨ᠎ᠤ ᠲᠤᠰᠭᠠᠢ ᠰᠡᠳᠦᠪᠲᠦ ᠯᠠᠪᠯᠠᠨ ᠠᠰᠠᠭᠤᠬᠤ ᠠᠵᠢᠯ᠂ 9 ᠵᠦᠢᠯ᠎ᠦᠨ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ 2 ᠵᠦᠢᠯ᠎ᠦᠨ ᠱᠢᠢᠳᠪᠦᠷᠢ ᠭᠠᠷᠭᠠᠪᠠ᠃ ᠲᠦᠷᠪᠡ᠎ᠳᠦ ᠲᠥᠯᠥᠭᠡᠯᠡᠭ᠌ᠴᠢᠳ᠎ᠦᠨ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠲᠥᠯᠥᠭᠡᠯᠡᠭ᠌ᠴᠢᠳ᠎ᠦᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠲᠡᠮᠵᠢᠨ ᠪᠠᠲᠤᠯᠠᠪᠠ᠃ ᠲᠥᠯᠥᠭᠡᠯᠡᠭ᠌ᠴᠢᠳ᠎ᠦᠨ ᠵᠥᠪᠯᠡᠯᠭᠡ ᠰᠠᠨᠠᠭᠤᠯᠭ᠎ᠠ᠎ᠶ᠋ᠢᠨ ᠠᠵᠢᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠵᠦ᠍᠂ ᠪᠠᠢᠩᠭᠤ᠎ᠶ᠋ᠢᠨ ᠬᠣᠷᠢᠶ᠎ᠠ ᠪᠣᠯᠤᠨ ᠲᠥᠯᠥᠭᠡᠯᠡᠭ᠌ᠴᠢᠳ᠎ᠦᠨ ᠬᠠᠷᠢᠯᠴᠠᠭ᠎ᠠ᠎ᠶ᠋ᠢ ᠨᠢᠭ᠍ᠲᠠᠷᠠᠭᠤᠯᠵᠤ᠂ ᠲᠥᠯᠥᠭᠡᠯᠡᠭ᠌ᠴᠢᠳ ᠪᠣᠯᠤᠨ ᠠᠷᠠᠳ ᠤᠯᠠᠨ᠎ᠤ ᠬᠠᠷᠢᠯᠴᠠᠭ᠎ᠠ᠎ᠶ᠋ᠢ ᠨᠢᠭ᠍ᠲᠠᠷᠠᠭᠤᠯᠵᠤ᠂ ᠲᠥᠯᠥᠭᠡᠯᠡᠭ᠌ᠴᠢᠳ᠎ᠦᠨ ᠦᠢᠯᠡᠴᠢᠯᠡᠭᠡ ᠪᠠᠲᠤᠯᠠᠭ᠎ᠠ᠎ᠶ᠋ᠢᠨ ᠠᠵᠢᠯ᠎ᠤᠨ ᠲᠦᠪᠱᠢᠨ᠎ᠢ ᠳᠡᠭᠡᠭ᠌ᠰᠢᠯᠡᠭᠦᠯᠪᠡ᠃ ᠲᠠᠪᠤ᠎ᠳᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠠᠳᠠᠭᠠᠳᠤ ᠬᠠᠷᠢᠯᠴᠠᠭ᠎ᠠ᠎ᠶ᠋ᠢ ᠢᠳᠡᠪᠬᠢᠲᠡᠢ ᠪᠥᠭᠡᠳ ᠪᠦᠲᠦᠮᠵᠢᠲᠡᠢ ᠥᠷᠨᠢᠭᠦᠯᠵᠦ᠍᠂ ᠤᠯᠤᠰ᠎ᠤᠨ ᠭᠠᠳᠠᠭᠠᠳᠤ ᠬᠠᠷᠢᠯᠴᠠᠭᠠᠨ᠎ᠤ ᠶᠡᠬᠡ ᠲᠠᠯ᠎ᠠ᠎ᠳᠤ ᠰᠠᠨᠠᠭᠠᠴᠢᠯᠠᠭ᠎ᠠ᠎ᠡᠴᠡ᠎ᠪᠠᠨ ᠦᠢᠯᠡᠴᠢᠯᠡᠪᠡ᠃ ᠵᠢᠷᠭᠤᠭ᠎ᠠ᠎ᠳᠤ ᠪᠠᠢᠩᠭᠤ᠎ᠶ᠋ᠢᠨ ᠬᠤᠷᠢᠶ᠎ᠠ ᠵᠢᠨ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ ᠪᠠᠷ ᠴᠢᠩᠭᠠᠳᠭᠠᠵᠤ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ ᠪᠠ ᠲᠦᠪᠱᠢᠨ᠎ᠢᠶᠡᠨ ᠳᠡᠭᠡᠭ᠌ᠰᠢᠯᠡᠭᠦᠯᠵᠠᠢ ᠭᠡᠵᠦ ᠵᠢᠭᠠᠵᠤ ᠭᠠᠷᠭᠠᠪᠠ᠃

ᠮᠡᠳᠡᠭᠦᠯᠦᠯᠲᠡ᠎ᠳᠦ ᠵᠣᠣ ᠯᠸ ᠵᠢᠶ᠂ ᠠᠵᠢᠯ᠎ᠤᠨ ᠳᠤᠮᠳᠠ ᠪᠠᠰᠠ ᠡᠳᠦᠶ ᠲᠡᠳᠦᠶ ᠵᠥᠷᠢᠶ᠎ᠡ ᠪᠠ ᠬᠦᠷᠦᠯᠴᠡᠬᠦ᠌ ᠥᠬᠡᠶ ᠲᠠᠯ᠎ᠠ ᠣᠷᠣᠱᠢᠵᠤ ᠪᠠᠢᠬᠤ᠎ᠶ᠋ᠢ ᠪᠢᠳᠡ ᠰᠡᠷᠭᠡᠭ᠎ᠢᠶᠡᠷ ᠲᠠᠨᠢᠵᠤ ᠤᠯᠪᠠ᠃ ᠠᠷᠠᠳ ᠲᠦᠮᠡᠨ᠎ᠦ ᠬᠢᠨᠠᠯᠲᠠ᠎ᠶ᠋ᠢ ᠤᠬᠠᠮᠰᠠᠷ᠎ᠡᠴᠡ᠎ᠪᠠᠨ ᠬᠦᠯᠢᠶᠡᠵᠦ᠍᠂ ᠲᠥᠯᠥᠭᠡᠯᠡᠭ᠌ᠴᠢᠳ ᠪᠠ ᠡᠯ᠎ᠡ ᠲᠠᠯ᠎ᠠ᠎ᠶ᠋ᠢᠨ ᠬᠢᠨ᠎ᠦ ᠰᠠᠨᠠᠯ ᠰᠠᠨᠠᠭᠤᠯᠭ᠎ᠠ᠎ᠶ᠋ᠢ ᠳᠠᠷᠤᠤ ᠬᠢᠴᠢᠶᠡᠩᠭᠦᠢ᠎ᠪᠡᠷ ᠰᠣᠨᠣᠰᠴᠤ᠌᠂ ᠠᠵᠢᠯ᠎ᠢᠶᠠᠨ ᠲᠠᠰᠤᠷᠠᠯᠲᠠ ᠦᠭᠡᠢ ᠴᠢᠩᠭᠠᠳᠭᠠᠨ ᠰᠠᠢᠵᠢᠷᠠᠭᠤᠯᠤᠨ᠎ᠠ ᠭᠡᠵᠦ ᠵᠢᠭᠠᠵᠤ ᠭᠠᠷᠭᠠᠪᠠ᠃

ᠮᠡᠳᠡᠭᠦᠯᠦᠯᠲᠡ᠎ᠳᠦ᠂ ᠵᠤᠤ ᠯᠸ ᠵᠶ᠋ᠢ᠂ 2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ ᠪᠣᠯᠤᠨ᠎ᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ 《ᠬᠣᠶᠠᠷ᠎ᠢ ᠲᠣᠭ᠍ᠲᠠᠭᠠᠬᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠢ᠋ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠂ ᠦᠨᠳᠦᠰᠦᠨ ᠬᠠᠤᠯᠢ ᠬᠠᠤᠯᠢ ᠴᠠᠭᠠᠵᠠ᠎ᠡᠴᠡ ᠣᠯᠭᠣᠭ᠍ᠰᠠᠨ ᠬᠠᠤᠯᠢ ᠲᠣᠭ᠍ᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭ᠍ᠲᠠᠭᠠᠬᠤ ᠡᠷᠬᠡ᠂ ᠲᠣᠮᠢᠯᠠᠵᠤ ᠪᠠᠭᠤᠯᠭᠠᠬᠤ ᠡᠷᠬᠡ᠎ᠶ᠋ᠢ ᠬᠢᠨᠠᠮᠠᠭᠠᠶ ᠬᠡᠷᠡᠭ᠌ᠵᠢᠭᠦᠯᠵᠦ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠵᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ ᠲᠤ᠌ ᠱᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠦ ᠵᠢᠭᠠᠵᠤ ᠭᠠᠷᠭᠠᠪᠠ᠃

ᠵᠤᠤ ᠯᠸ ᠵᠶ᠋ᠢ ᠮᠡᠳᠡᠭᠦᠯᠦᠯᠲᠡ᠎ᠳᠡᠭᠡᠨ ᠬᠣᠢᠱᠢᠳᠠ᠎ᠶ᠋ᠢᠨ ᠨᠢᠭᠡ ᠵᠢᠯ᠎ᠦᠨ ᠡᠭᠦᠷᠭᠡ᠎ᠶ᠋ᠢᠨ ᠲᠤᠬᠠᠢ ᠪᠠᠢᠷᠢᠯᠠᠭᠤᠯᠤᠯᠲᠠ ᠬᠢᠵᠡᠢ᠄ ᠦᠨᠳᠦᠰᠦᠨ ᠬᠠᠤᠯᠢ᠎ᠶ᠋ᠢ ᠬᠡᠷᠡᠭ᠌ᠵᠢᠭᠦᠯᠬᠦ᠌ ᠪᠠ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠶ᠋ᠢ ᠭᠦᠢᠴᠡᠳᠭᠡᠨ᠎ᠡ; ᠬᠠᠤᠯᠢ ᠲᠣᠭ᠍ᠲᠠᠭᠠᠬᠤ ᠠᠵᠢᠯ᠎ᠢ ᠴᠢᠨᠠᠷ ᠰᠠᠢᠲᠠᠢ ᠠᠬᠢᠭᠤᠯᠤᠨ᠎ᠠ; ᠶᠡᠬᠡ ᠲᠠᠯ᠎ᠠ᠎ᠶ᠋ᠢᠨ ᠲᠣᠭᠣᠷᠢᠨ᠎ᠳᠤ ᠬᠢᠨᠠᠯᠲᠠ ᠲᠠᠯᠪᠢᠬᠤ ᠠᠵᠢᠯ᠎ᠢ ᠰᠠᠢᠲᠤᠷ ᠬᠢᠨ᠎ᠡ; ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠤᠨ᠎ᠠ; ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠠᠳᠠᠭᠠᠳᠤ ᠬᠠᠷᠢᠯᠴᠠᠭ᠎ᠠ᠎ᠶ᠋ᠢ ᠴᠢᠩᠭᠠᠳᠭᠠᠨ᠎ᠠ; 《ᠳᠥᠷᠪᠡᠨ ᠪᠠᠢᠭᠤᠯᠭ᠎ᠠ》 ᠶ᠋ᠢᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ᠃

ᠠᠷᠠᠳ᠎ᠤᠨ ᠳᠡᠭᠡᠳᠦ ᠰᠢᠭᠦᠬᠦ ᠬᠤᠷᠢᠶ᠎ᠠ᠎ᠵᠢᠨ ᠳᠠᠷᠤᠭ᠎ᠠ ᠵᠠᠩ ᠵᠢᠶᠦ᠋ᠨ ᠠᠷᠠᠳ᠎ᠤᠨ ᠳᠡᠭᠡᠳᠦ ᠰᠢᠭᠦᠬᠦ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠳᠡᠭᠡᠨ᠂ 2024 ᠣᠨ᠎ᠳᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ᠎ᠤᠨ ᠳᠡᠭᠡᠳᠦ ᠰᠢᠭᠦᠬᠦ ᠬᠣᠷᠢᠶ᠎ᠠ ᠦᠨᠳᠦᠰᠦᠨ ᠬᠠᠤᠯᠢ ᠬᠠᠤᠯᠢ ᠴᠠᠭᠠᠵᠠ᠎ᠡᠴᠡ ᠣᠯᠭᠣᠭᠰᠠᠨ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠬᠡᠵᠦ᠂ ᠡᠯ᠎ᠡ ᠵᠦᠢᠯ᠎ᠦᠨ ᠠᠵᠢᠯ ᠰᠢᠨ᠎ᠡ ᠠᠬᠢᠴᠠ᠎ᠲᠠᠢ ᠪᠣᠯᠪᠠ᠃ ᠠᠷᠠᠳ᠎ᠤᠨ ᠳᠡᠭᠡᠳᠦ ᠰᠢᠭᠦᠬᠦ ᠬᠣᠷᠢᠶ᠎ᠠ 34898 ᠬᠡᠷᠡᠭ᠎ᠢ ᠭᠥᠯᠢᠶᠡᠨ ᠠᠪᠴᠤ᠂ 32539 ᠬᠡᠷᠡᠭ᠎ᠢ ᠰᠢᠭᠦᠨ ᠳᠠᠭᠤᠰᠬᠠᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ ᠲᠤᠰ ᠲᠤᠰ 65.5%᠂ 82.2%᠎ᠵᠢᠡᠷ ᠨᠡᠮᠡᠭᠳᠡᠪᠡ᠃ ᠪᠦᠬᠦ ᠤᠯᠤᠰ᠎ᠤᠨ ᠡᠯ᠎ᠡ ᠱᠠᠲᠤᠨ᠎ᠤ ᠰᠢᠭᠦᠬᠦ ᠬᠣᠷᠢᠶ᠎ᠠ 4601.8 ᠲᠦᠮᠡᠨ ᠬᠡᠷᠡᠭ᠎ᠢ ᠭᠥᠯᠢᠶᠡᠨ ᠠᠪᠴᠤ᠂ 4541.9 ᠲᠦᠮᠡᠨ ᠬᠡᠷᠡᠭ᠎ᠢ ᠰᠢᠭᠦᠨ ᠳᠠᠭᠤᠰᠬᠠᠵᠠᠢ ᠭᠡᠵᠦ ᠵᠢᠭᠠᠵᠤ ᠭᠠᠷᠭᠠᠪᠠ᠃

ᠮᠡᠳᠡᠭᠦᠯᠦᠯᠲᠡ᠎ᠳᠡᠭᠡᠨ ᠵᠠᠩ ᠵᠢᠶᠦ᠋ᠨ 2024 ᠣᠨ᠎ᠤ ᠠᠵᠢᠯ᠎ᠢ ᠲᠠᠪᠤᠨ ᠲᠠᠯ᠎ᠠ᠎ᠪᠠᠷ ᠡᠷᠭᠢᠴᠡᠭᠦᠯᠪᠡ᠄ ᠨᠢᠭᠡ᠎ᠳᠦ᠂ ᠲᠥᠪ ᠴᠢᠩᠭ᠎ᠠ ᠲᠥᠪ ᠭᠤᠤᠯᠴᠢ ᠪᠡᠷ ᠬᠠᠤᠯᠢ ᠪᠠᠷᠢᠵᠤ ᠤᠯᠤᠰ᠎ᠤᠨ ᠠᠮᠤᠷ ᠲᠦᠪᠰᠢᠨ ᠪᠠ ᠨᠡᠢᠭᠡᠮ᠎ᠦᠨ ᠲᠣᠭᠲᠠᠭᠤᠨ᠎ᠢ ᠬᠠᠮᠠᠭᠠᠯᠠᠪᠠ; ᠬᠣᠶᠠᠷ᠎ᠲᠤ᠂ ᠲᠥᠪ ᠴᠢᠩᠭ᠎ᠠ ᠲᠥᠪ ᠭᠤᠤᠯᠴᠢ ᠪᠡᠷ ᠬᠠᠤᠯᠢ ᠪᠠᠷᠢᠬᠤ ᠦᠢᠯᠡᠴᠢᠯᠡᠭᠡ᠎ᠪᠡᠷ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠪᠡ; ᠭᠤᠷᠪᠠ᠎ᠳᠤ᠂ ᠲᠥᠪ ᠴᠢᠩᠭ᠎ᠠ ᠲᠥᠪ ᠭᠣᠣᠯᠴᠢ᠎ᠪᠠᠷ ᠬᠠᠤᠯᠢ ᠪᠠᠷᠢᠵᠤ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠪᠠᠲᠤᠯᠠᠪᠠ; ᠳᠥᠷᠪᠡ᠎ᠳᠦ᠂ ᠥᠭᠡᠷᠡᠴᠢᠯᠡᠯᠲᠡ᠎ᠶᠢ ᠠᠳᠬᠤᠵᠤ ᠬᠠᠮᠢᠶᠠᠷᠤᠯᠲᠠ᠎ᠶᠢ ᠠᠬᠢᠭᠤᠯᠵᠤ ᠡᠩᠨᠡᠭᠡ᠎ᠪᠡᠨ ᠬᠦᠴᠦᠷᠬᠡᠭᠵᠢᠭᠦᠯᠬᠦ᠎ᠪᠡᠷ ᠲᠥᠪ ᠴᠢᠩᠭ᠎ᠠ ᠲᠥᠪ ᠭᠤᠤᠯᠴᠢ ᠪᠡᠷ ᠬᠠᠤᠯᠢ ᠪᠠᠷᠢᠬᠤ᠎ᠶᠢ ᠪᠠᠲᠤᠯᠠᠪᠠ; ᠲᠠᠪᠤ᠎ᠳᠤ᠂ ᠬᠢᠨᠠᠯᠲᠠ᠎ᠶᠢ ᠤᠬᠠᠮᠰᠠᠷ᠎ᠡᠴᠡ᠎ᠪᠠᠨ ᠬᠦᠯᠢᠶᠡᠪᠡ᠃

ᠵᠠᠩ ᠵᠢᠶᠦ᠋ᠨ ᠮᠡᠳᠡᠭᠦᠯᠦᠯᠲᠡ᠎ᠳᠡᠭᠡᠨ᠂ 2025 ᠣᠨ᠎ᠳᠤ᠂ ᠠᠷᠠᠳ᠎ᠤᠨ ᠰᠢᠭᠦᠬᠦ ᠬᠣᠷᠢᠶ᠎ᠠ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ ᠪᠣᠯᠣᠨ ᠤᠯᠤᠰ᠎ᠤᠨ ᠶᠡᠷᠦᠩᠬᠡᠢ ᠠᠮᠤᠷ ᠲᠦᠪᠰᠢᠨ᠎ᠦ ᠦᠵᠡᠯᠲᠡ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠲᠥᠪ ᠬᠤᠷᠢᠶ᠎ᠠ᠎ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠭᠡᠬᠦ ᠡᠨᠡ ᠬᠦ᠌ ᠬᠠᠮᠤᠭ᠎ᠤᠨ ᠳᠡᠭᠡᠳᠦ ᠤᠯᠤᠰ ᠲᠥᠷᠥ᠎ᠶᠢᠨ ᠵᠠᠷᠴᠢᠮ᠎ᠢ ᠪᠠᠷᠢᠮᠲᠠᠯᠠᠵᠤ᠂ ᠰᠢᠨ᠎ᠡ ᠴᠠᠭ ᠦᠶ᠎ᠡ᠎ᠶᠢᠨ ᠰᠢᠭᠦᠨ ᠲᠠᠰᠤᠯᠬᠤ ᠠᠵᠢᠯ᠎ᠢ ᠲᠠᠰᠤᠷᠠᠯᠲᠠ ᠦᠭᠡᠢ ᠴᠢᠩᠭᠠᠳᠬᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠠᠷᠠᠯᠲᠠ ᠡᠭᠦᠷᠭᠡ᠎ᠶᠢ ᠴᠢᠨᠠᠷ ᠰᠠᠢᠲᠠᠢ ᠪᠡᠶᠡᠯᠡᠭᠦᠯᠬᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠰᠠᠢᠨ ᠰᠠᠢᠬᠠᠨ ᠡᠬᠢᠯᠡᠯᠲᠡ᠎ᠶᠢ ᠪᠡᠶᠡᠯᠡᠭᠦᠯᠬᠦ᠎ᠳᠦ ᠪᠠᠲᠤ ᠪᠡᠬᠢ ᠰᠠᠭᠤᠷᠢ ᠲᠠᠯᠪᠢᠬᠤ ᠳ᠋ᠦ ᠬᠦᠴᠦᠲᠤ ᠬᠠᠤᠯᠢ ᠴᠠᠭᠠᠵᠠ᠎ᠵᠢᠨ ᠦᠢᠯᠡᠴᠢᠯᠡᠭᠡ ᠬᠠᠨᠭᠭᠠᠨ᠎ᠠ᠃ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶᠢ ᠠᠬᠢᠭᠤᠯᠬᠤ᠎ᠪᠠᠷ ᠭᠣᠣᠯᠳᠠᠭᠤᠯᠵᠤ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠨ᠎ᠡ; ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠴᠦ᠂ ᠲᠥᠪ ᠭᠣᠣᠯᠴᠢ᠎ᠪᠠᠷ ᠬᠠᠤᠯᠢ ᠪᠠᠷᠢᠬᠤ ᠪᠠᠢᠭᠤᠯᠤᠯ ᠲᠣᠭᠲᠡᠴᠡ᠎ᠶᠢ ᠪᠦᠷᠢᠨᠰᠢᠭᠦᠯᠦᠨ᠎ᠡ; ᠴᠢᠩᠭ᠎ᠠ ᠬᠠᠮᠢᠶᠠᠷᠤᠨ ᠢᠯᠡᠬᠦᠭᠡᠨ ᠬᠠᠯᠠᠮᠵᠢᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠨ᠎ᠡ ᠴᠠᠭ ᠦᠶ᠎ᠡ᠎ᠶᠢᠨ ᠰᠢᠭᠦᠬᠦ ᠬᠤᠷᠢᠶ᠎ᠠ᠎ᠵᠢᠨ ᠲᠡᠮᠦᠷ ᠴᠡᠷᠢᠭ᠎ᠢ ᠳᠠᠪᠲᠠᠨ ᠪᠣᠯᠪᠠᠰᠤᠷᠠᠭᠤᠯᠦᠨ᠎ᠡ᠃ ᠢᠲᠡᠭᠡᠯ ᠵᠣᠷᠢᠭ᠋᠎ᠢᠶᠠᠨ ᠪᠠᠲᠤᠳᠬᠠᠨ᠂ ᠠᠵᠢᠯ ᠬᠢᠬᠦ᠎ᠶᠢ ᠲᠡᠷᠢᠭᠦᠨ᠎ᠳᠦ ᠲᠠᠯᠪᠢᠵᠤ᠂ ᠰᠢᠭᠦᠨ ᠲᠠᠰᠤᠯᠬᠤ ᠡᠭᠦᠷᠭᠡ ᠴᠢᠳᠠᠪᠬᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠪᠦᠬᠦ ᠲᠠᠯ᠎ᠠ᠎ᠪᠠᠷ ᠬᠠᠤᠯᠢ ᠪᠡᠷ ᠤᠯᠤᠰ᠎ᠢᠶᠠᠨ ᠵᠠᠰᠠᠬᠤ᠎ᠶᠢ ᠠᠬᠢᠭᠤᠯᠬᠤ᠂ ᠨᠡᠩ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠯᠤᠰ᠎ᠢ ᠪᠦᠲᠦᠭᠡᠨ ᠪᠠᠶ᠋ᠢᠭᠤᠯᠬᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠪᠡ᠃

ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠵᠢᠨ ᠪᠠᠢᠴᠠᠭᠠᠬᠤ ᠳᠠᠷᠤᠭ᠎ᠠ ᠶᠢᠩ ᠶᠦᠩ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠳᠡᠭᠡᠨ᠂ 2024 ᠣᠨ᠎ᠳᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶᠢᠨ ᠬᠤᠷᠢᠶ᠎ᠠ᠎ᠵᠢᠨ ᠬᠦᠴᠦᠲᠡᠢ ᠬᠢᠨᠠᠯᠲᠠ ᠳᠣᠣᠷ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠶᠡᠬᠡ ᠲᠠᠯ᠎ᠠ᠎ᠳᠤ ᠦᠢᠯᠡᠴᠢᠯᠡᠵᠦ᠂ ᠠᠷᠠᠳ ᠲᠦᠮᠡᠨ᠎ᠦ ᠲᠥᠯᠥᠭᠡ ᠬᠠᠤᠯᠢ ᠪᠠᠷᠢᠵᠤ᠂ ᠬᠠᠤᠯᠢ ᠪᠡᠷ ᠵᠠᠰᠠᠬᠤ᠎ᠵᠢᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ᠂ ᠡᠯ᠎ᠡ ᠵᠦᠢᠯ᠎ᠦᠨ ᠪᠠᠢᠴᠠᠭᠠᠬᠤ ᠠᠵᠢᠯ ᠰᠢᠨ᠎ᠡ ᠦᠷ᠎ᠡ ᠪᠦᠲᠦᠮᠵᠢ ᠣᠯᠪᠠ᠃ ᠪᠦᠬᠦ ᠤᠯᠤᠰ᠎ᠤᠨ ᠪᠠᠢᠴᠠᠭᠠᠬᠤ ᠪᠠᠢᠭᠤᠯᠭ᠎ᠠ᠎ᠨᠤᠭᠤᠳ ᠡᠯ᠎ᠡ ᠲᠦᠷᠦᠯ᠎ᠦᠨ ᠬᠡᠷᠡᠭ᠎ᠢ ᠨᠡᠢ᠍ᠢᠳᠠ 409.96 ᠲᠦᠮᠡᠨ ᠬᠤᠪᠢ ᠰᠢᠢᠳᠪᠦᠷᠢᠯᠡᠵᠦ᠂ ᠡᠭᠦᠨ᠎ᠳ᠋ᠤ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ 8980 ᠬᠤᠪᠢ᠎ᠶᠢ ᠨᠢ ᠰᠢᠢᠳᠪᠦᠷᠢᠯᠡᠵᠠᠢ ᠭᠡᠵᠦ ᠵᠢᠭᠠᠵᠤ ᠭᠠᠷᠭᠠᠪᠠ᠃

ᠮᠡᠳᠡᠭᠦᠯᠦᠯᠲᠡ᠎ᠳᠡᠭᠡᠨ᠂ ᠶᠢᠩ ᠶᠦᠩ 2024 ᠣᠨ᠎ᠤ ᠠᠵᠢᠯ᠎ᠢ ᠡᠷᠭᠢᠴᠡᠭᠦᠯᠪᠡ᠄ ᠨᠢᠭᠡ᠎ᠳᠦ ᠪᠠᠢᠴᠠᠭᠠᠬᠤ ᠠᠵᠢᠯ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠴᠢᠩᠭᠠᠳᠭᠠᠵᠤ᠂ ᠨᠡᠩ ᠥᠨᠳᠥᠷ ᠲᠦᠪᠱᠢᠨ ᠪᠦᠬᠦᠢ ᠠᠮᠤᠭᠤᠯᠠᠩᠳᠤ ᠳᠤᠮᠳᠠᠳᠤ ᠤᠯᠤᠰ᠎ᠤᠨ ᠪᠠᠢᠭᠤᠯᠤᠯᠲᠠ ᠶ᠋ᠢ ᠠᠬᠢᠭᠤᠯᠪᠠ; ᠬᠣᠶᠠᠷ᠎ᠲᠤ ᠪᠠᠢᠴᠠᠭᠠᠬᠤ ᠡᠭᠦᠷᠭᠡ ᠴᠢᠳᠠᠪᠬᠢ᠎ᠪᠠᠨ ᠪᠠᠳᠠᠷᠠᠭᠤᠯᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠦᠢᠯᠡᠴᠢᠯᠡᠪᠡ; ᠭᠤᠷᠪᠠ᠎ᠳᠤ ᠠᠷᠠᠳ᠎ᠤᠨ ᠲᠥᠯᠥᠭᠡ ᠪᠠᠢᠴᠠᠭᠠᠬᠤ ᠠᠵᠢᠯ᠎ᠢ ᠪᠣᠳᠠᠲᠠᠢ ᠬᠢᠵᠦ᠍᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠪᠠᠲᠤᠯᠠᠪᠠ; ᠲᠦᠷᠪᠡ᠎ᠳᠦ ᠪᠠᠢᠴᠠᠭᠠᠬᠤ ᠬᠢᠨᠠᠯᠲᠠ᠎ᠶ᠋ᠢ ᠴᠢᠩᠭᠠᠳᠭᠠᠵᠤ᠂ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ᠎ᠶ᠋ᠢᠨ ᠲᠥᠪ ᠭᠣᠣᠯᠴᠢ ᠪᠠᠢᠬᠤ᠎ᠶ᠋ᠢ ᠬᠠᠮᠠᠭᠠᠯᠠᠪᠠ; ᠲᠠᠪᠤ᠎ᠳᠤ ᠤᠬᠠᠮᠰᠠᠷ᠎ᠡᠴᠡ᠎ᠪᠠᠨ ᠬᠢᠨᠠᠯᠲᠠ ᠬᠦᠯᠢᠶᠡᠵᠦ᠍᠂ ᠪᠠᠢᠴᠠᠭᠠᠬᠤ ᠡᠷᠬᠡ᠎ᠶ᠋ᠢᠨ ᠬᠠᠤᠯᠢ ᠶᠣᠰᠣᠭᠠᠷ ᠲᠥᠪ ᠭᠣᠣᠯᠴᠢ ᠥᠨᠳᠥᠷ ᠪᠦᠲᠦᠮᠵᠢᠲᠡᠢ ᠠᠷᠢᠭᠤᠨ ᠴᠢᠬᠡᠴᠢ᠎ᠪᠡᠷ ᠬᠡᠷᠡᠭ᠌ᠵᠢᠭᠦᠯᠦᠭ᠌ᠳᠡᠬᠦ᠌᠎ᠶ᠋ᠢ ᠦᠨᠡᠨ ᠬᠦ᠌ ᠪᠠᠲᠤᠯᠠᠪᠠ; ᠵᠢᠷᠭᠤᠭ᠎ᠠ᠎ᠳᠤ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠵᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌ ᠱᠢᠯᠭᠠᠷᠠᠭ᠍ᠰᠠᠨ ᠪᠠᠢᠴᠠᠭᠠᠬᠤ ᠡᠩᠨᠡᠭᠡ᠎ᠶ᠋ᠢ ᠳᠠᠪᠲᠠᠨ ᠪᠣᠯᠪᠠᠰᠤᠷᠠᠭᠤᠯᠪᠠ᠃

ᠶᠢᠩ ᠶᠦᠩ ᠮᠡᠳᠡᠭᠦᠯᠦᠯᠲᠡ᠎ᠳᠡᠭᠡᠨ᠂ 2025 ᠣᠨ᠎ᠳᠤ᠂ ᠪᠦᠬᠦ᠌ ᠤᠯᠤᠰ᠎ᠤᠨ ᠪᠠᠢᠴᠠᠭᠠᠬᠤ ᠪᠠᠢᠭᠤᠯᠭ᠎ᠠ᠎ᠨᠤᠭᠤᠳ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠵᠢ ᠠᠬᠢᠭᠤᠯᠬᠤ ᠠᠬᠢᠴᠠ᠎ᠲᠠᠢ ᠢᠳᠡᠪᠬᠢᠲᠡᠢ ᠠᠭᠤᠰᠤᠯᠴᠠᠵᠤ᠂ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠭᠦᠢᠴᠡᠳᠭᠡᠵᠤ᠂ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭᠠᠨ᠎ᠤ ᠪᠠᠢᠴᠠᠭᠠᠬᠤ ᠦᠢᠯᠡᠳᠦᠯᠭᠡ᠎ᠶ᠋ᠢ ᠦᠷᠭᠦᠯᠵᠢᠯᠡᠨ ᠠᠬᠢᠭᠤᠯᠬᠤ ᠬᠡᠷᠡᠭ᠌ᠲᠡᠢ᠃ ᠪᠠᠢᠴᠠᠭᠠᠬᠤ ᠠᠵᠢᠯ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠵᠤ᠂ ᠤᠯᠤᠰ᠎ᠤᠨ ᠠᠮᠤᠷ ᠲᠦᠪᠱᠢᠨ ᠪᠠ ᠨᠡᠢᠭᠡᠮ᠎ᠦᠨ ᠲᠣᠭ᠍ᠲᠠᠭᠤᠨ ᠪᠠᠢᠳᠠᠯ᠎ᠢ ᠡᠷᠡᠰ ᠬᠠᠮᠠᠭᠠᠯᠠᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠪᠦᠬᠦ᠌ ᠬᠦᠴᠦᠨ᠎ᠢᠶᠡᠷ᠎ᠢᠶᠡᠨ ᠦᠢᠯᠡᠴᠢᠯᠡᠵᠦ᠍᠂ ᠠᠷᠠᠳ᠎ᠤᠨ ᠲᠥᠯᠥᠭᠡ ᠪᠠᠢᠴᠠᠭᠠᠬᠤ ᠠᠵᠢᠯ᠎ᠢ ᠦᠷᠭᠦᠯᠵᠢᠯᠡᠨ ᠪᠣᠳᠠᠲᠠᠢᠵᠢᠭᠤᠯᠵᠤ᠂ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠪᠠᠢᠴᠠᠭᠠᠬᠤ ᠠᠵᠢᠯ᠎ᠤᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠥᠬᠥᠷᠡᠰᠢ ᠦᠭᠡᠢ ᠴᠢᠩᠭᠠᠳᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠷᠠᠯ᠎ᠳᠤ ᠣᠷᠣᠯᠴᠠᠬᠤ ᠶᠣᠰᠣᠲᠠᠢ ᠲᠥᠯᠥᠭᠡᠯᠡᠭ᠌ᠴᠢ 2929 ᠬᠥᠮᠦᠨ ᠪᠠᠢᠵᠦ᠂ 2869 ᠬᠥᠮᠦᠨ ᠣᠷᠣᠯᠴᠠᠵᠤ᠂ 60 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠨ᠎ᠡ᠃

ᠬᠤᠷᠠᠯ᠎ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠶ᠋ᠴᠡᠳᠭᠡᠬᠦ᠌ ᠲᠡᠷᠢᠭᠦᠯᠡᠭ᠌ᠴᠢ ᠯᠢ ᠬᠣᠩ ᠵᠥᠩ ᠡᠷᠭᠢᠯᠡᠪᠡ᠃

ᠡᠨᠡ ᠡᠳᠦᠷ ᠪᠣᠯ 《3·8》 ᠤ᠋ ᠳᠡᠯᠡᠬᠡᠢ᠎ᠶ᠋ᠢᠨ ᠬᠥᠳᠡᠯᠮᠦᠷᠢᠴᠢᠨ ᠡᠮᠡᠭ᠌ᠲᠡᠢᠴᠦᠳ᠎ᠦᠨ ᠪᠠᠶᠠᠷ᠎ᠤᠨ ᠡᠳᠦᠷ ᠪᠤᠯᠤᠨ᠎ᠠ᠂ ᠬᠤᠷᠠᠯ᠎ᠨᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠡᠮᠦᠨ᠎ᠡ᠎ᠡᠴᠡ ᠡᠮᠡᠭ᠌ᠲᠡᠢ ᠲᠥᠯᠥᠭᠡᠯᠡᠭ᠌ᠴᠢᠳ᠂ ᠡᠮᠡᠭ᠌ᠲᠡᠢ ᠭᠡᠱᠢᠭᠦᠳ᠂ ᠡᠮᠡᠭ᠌ᠲᠡᠢ ᠠᠵᠢᠯᠲᠠᠳ᠂ ᠪᠦᠬᠦ᠌ ᠤᠯᠤᠰ᠎ᠤᠨ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠡᠮᠡᠭ᠌ᠲᠡᠢᠴᠦᠳ᠂ ᠱᠢᠶᠠᠩᠭᠠᠩ᠎ᠣᠨᠴᠠᠭᠠᠢ ᠵᠠᠰᠠᠭ ᠵᠠᠬᠢᠷᠭᠠᠨ᠎ᠤ ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠂ ᠲᠠᠢᠸᠠᠨ ᠣᠷᠣᠨ᠎ᠤ ᠡᠮᠡᠭ᠌ᠲᠡᠢ ᠡᠭᠡᠴᠢ ᠳᠡᠭᠦᠦ᠍᠎ᠨᠡᠷ ᠪᠠ ᠭᠠᠳᠠᠭᠠᠳᠤ᠎ᠳᠤ ᠰᠠᠭᠤᠭ᠎ᠠ ᠡᠮᠡᠭ᠌ᠲᠡᠢ ᠬᠠᠷᠢᠶᠠᠲᠤ ᠡᠭᠡᠴᠢ ᠳᠡᠭᠦᠦ᠍᠎ᠨᠡᠷ᠎ᠲᠦ᠂ ᠳᠡᠯᠡᠬᠡᠢ᠎ᠶ᠋ᠢᠨ ᠡᠯ᠎ᠡ ᠤᠯᠤᠰ᠎ᠤᠨ ᠡᠮᠡᠭ᠌ᠲᠡᠢᠴᠦᠳ᠎ᠲᠦ ᠪᠠᠶᠠᠷ᠎ᠤᠨ ᠡᠳᠦᠷ᠎ᠦᠨ ᠮᠡᠨᠳᠦᠴᠢᠯᠡᠯ ᠪᠠ ᠰᠠᠢ᠌ᠨ ᠰᠠᠢᠬᠠᠨ ᠵᠥᠩᠨᠡᠯ ᠳᠡᠪᠱᠢᠭᠦᠯᠵᠡᠢ᠃

ᠶᠡᠬᠡ ᠬᠤᠷᠠᠯ᠎ᠤᠨ ᠭᠦᠢᠴᠡᠳᠭᠡᠭ᠌ᠴᠢ ᠲᠡᠷᠢᠭᠦᠯᠡᠭ᠌ᠴᠢ ᠮᠠ ᠹᠧᠩ ᠭᠦᠸᠧ᠂ ᠸᠠᠩ ᠵᠢᠶᠦ᠋ᠨ ᠵᠧᠩ᠂ ᠸᠠᠩ ᠵᠢᠶᠦ᠋ᠩ᠂ ᠶᠢᠨ ᠬᠣᠩ᠂ ᠯᠢᠦ ᠨᠢᠩ᠂ ᠱᠢᠤᠢ ᠴᠢᠨ᠂ ᠯᠢ ᠢ ᠹᠸᠢ᠂ ᠶᠠᠩ ᠵᠧᠨ ᠡᠸ᠋᠂ ᠱᠸᠨ ᠱᠢᠶᠤᠤ ᠮᠢᠩ᠂ ᠴᠧᠨ ᠭᠠᠩ᠂ ᠵᠧᠩ ᠵᠢᠶᠠᠨ ᠮᠢᠨ᠂ ᠬᠤᠤ ᠫᠸᠩ᠂ ᠬ᠍ᠤ ᠴᠠᠩ ᠱᠧᠩ᠂ ᠵᠦᠩ ᠱᠠᠨ᠂ ᠱᠢᠨ ᠴᠠᠩ ᠱᠢᠩ᠂ ᠱᠢᠨ ᠴᠦᠨ ᠶᠢᠩ᠂ ᠯᠧᠦ ᠴᠢᠨ ᠵᠢᠶᠠᠨ᠂ ᠱᠢᠤᠢ ᠯᠢᠨ᠂ ᠲᠠᠩ ᠳ᠋ᠧᠩ ᠵᠢᠶ᠍ᠸ᠂ ᠯᠦ᠍ ᠱᠢᠨ ᠱᠧ᠂ ᠯᠢᠶᠠᠩ ᠶᠠᠨ ᠱᠦᠨ᠂ ᠢᠦᠢ ᠶᠦᠨ ᠯᠢᠨ ᠲᠡᠷᠢᠭᠦᠯᠡᠭ᠌ᠴᠢᠳ᠎ᠦᠨ ᠲᠠᠢᠰᠠᠨ᠎ᠤ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠰᠠᠭᠤᠳᠠᠯ᠎ᠳᠤ ᠰᠠᠭᠠᠲᠠᠪᠠ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 8᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面