2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-08 10:57:28

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠸᠠᠩ ᠬᠤ᠌ ᠨᠢᠩ ᠬᠤᠷᠠᠯ᠎ᠳᠤ ᠣᠷᠣᠯᠴᠠᠪᠠ ᠤᠯᠤᠰ ᠲᠦᠷᠦ᠍᠎ᠶ᠋ᠢᠨ ᠵᠥᠪᠯᠡᠯᠭᠡᠨ᠎ᠦ 14 ᠭᠡᠱᠢᠭᠦᠨ ᠶᠡᠬᠡ ᠬᠤᠷᠠᠯ ᠳᠡᠭᠡᠷ᠎ᠡ ᠦᠭᠡ ᠬᠡᠯᠡᠪᠡ

ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠭᠤᠷᠪᠠᠳᠤᠭᠠᠷ ᠬᠤᠷᠠᠯ 7 ᠤ᠋ ᠦᠳᠡ᠎ᠶ᠋ᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠪᠥᠬᠥᠳᠡ ᠬᠤᠷᠠᠯ ᠬᠢᠪᠠ᠃ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠤ᠌ ᠨᠢᠩ ᠬᠤᠷᠠᠯ᠎ᠳᠤ ᠣᠷᠣᠯᠴᠠᠪᠠ᠃ ᠤᠯᠤᠰ ᠲᠦᠷᠦ᠍᠎ᠶ᠋ᠢᠨ ᠵᠥᠪᠯᠡᠯᠭᠡᠨ᠎ᠦ 14 ᠭᠡᠱᠢᠭᠦᠨ ᠶᠡᠬᠡ ᠬᠤᠷᠠᠯ ᠳᠡᠭᠡᠷ᠎ᠡ ᠦᠭᠡ ᠬᠡᠯᠡᠪᠡ᠃

ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢᠳ ᠯᠢᠦ ᠭᠦᠸᠧ ᠵᠦᠩ ᠵᠢᠴᠢ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠤᠷᠢᠯᠭ᠎ᠠ᠎ᠪᠠᠷ ᠬᠤᠷᠠᠯ᠎ᠳᠤ ᠣᠷᠣᠯᠴᠠᠵᠤ ᠦᠭᠡ ᠬᠡᠯᠡᠬᠦ᠎ᠶ᠋ᠢ ᠰᠣᠨᠣᠰᠴᠠᠢ᠃

ᠸᠠᠩ ᠭᠦᠸᠧ ᠱᠧᠩ ᠭᠡᠱᠢᠭᠦᠨ ᠦᠭᠡ ᠬᠡᠯᠡᠬᠦ ᠳ᠋ᠡᠭᠡᠨ᠂ 《ᠲᠠᠪᠤ᠎ᠶ᠋ᠢ ᠡᠷᠬᠡᠪᠰᠢ ᠨᠢᠭᠡᠳᠦᠯᠲᠡᠢ ᠲᠥᠯᠥᠪᠵᠢᠭᠦᠯᠬᠦ᠌》 ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠡᠴᠡ ᠠᠵᠤ ᠠᠬᠤᠢ᠎ᠶ᠋ᠢᠨ ᠠᠵᠢᠯ᠎ᠤᠨ ᠦᠢᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠦᠷᠭᠦᠯᠵᠢᠯᠡᠨ ᠠᠬᠢᠭᠤᠯᠤᠭᠠᠳ ᠤᠯᠤᠭᠰᠠᠨ ᠡᠷᠬᠢᠮ ᠨᠠᠨᠳᠢᠨ ᠲᠤᠷᠱᠢᠯᠭ᠎ᠠ᠎ᠶ᠋ᠢ ᠲᠥᠪᠯᠡᠷᠡᠩᠭᠦᠢ ᠲᠤᠰᠬᠠᠵᠤ᠂ ᠰᠢ ᠵᠢᠨ ᠫᠢᠩ᠎ᠦᠨ ᠠᠵᠤ ᠠᠬᠤᠢ᠎ᠶ᠋ᠢᠨ ᠦᠵᠡᠯ ᠰᠠᠨᠠᠭ᠎ᠠ ᠵᠢ ᠪᠠᠶᠠᠯᠢᠭᠵᠢᠭᠤᠯᠤᠭᠰᠠᠨ ᠪᠠ ᠬᠦᠭᠵᠢᠭᠦᠯᠦᠭᠰᠡᠨ ᠪᠠᠰᠠ ᠨᠢᠭᠡᠨ ᠴᠢᠬᠤᠯᠠ ᠦᠷ᠎ᠡ ᠪᠦᠲᠦᠭᠡᠯ ᠪᠤᠯᠵᠠᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠨ᠂ 《ᠲᠠᠪᠤ ᠵᠢ ᠡᠷᠬᠡᠪᠰᠢ ᠨᠢᠭᠡᠳᠦᠯᠲᠡᠢ ᠲᠥᠯᠥᠪᠵᠢᠭᠦᠯᠬᠦ 》 ᠎ᠶ᠋ᠢ ᠭᠦᠨᠵᠡᠭᠡᠢ ᠤᠢ᠍ᠢᠯᠠᠭᠠᠨ ᠬᠡᠷᠡᠭ᠌ᠯᠡᠵᠦ᠍᠂ ᠨᠡᠩ ᠢᠳᠡᠪᠬᠢᠲᠡᠢ ᠪᠥᠭᠡᠳ ᠪᠦᠲᠦᠮᠵᠢᠲᠡᠢ ᠬᠣᠷᠸ᠎ᠠ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠦᠨ᠂ ᠤᠯᠤᠰ᠎ᠤᠨ ᠳᠣᠲᠣᠭᠠᠳᠤ᠎ᠶ᠋ᠢᠨ ᠬᠡᠷᠡᠭ᠌ᠴᠡᠭᠡ᠎ᠶ᠋ᠢ ᠪᠦᠬᠦ᠌ ᠲᠠᠯ᠎ᠠ᠎ᠪᠠᠷ ᠥᠷᠭᠡᠳᠭᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠬᠦᠲᠦᠯᠦᠨ ᠳᠠᠭᠠᠭᠤᠯᠵᠤ᠂ ᠡᠬᠢ ᠪᠠᠶᠠᠯᠢᠭ᠎ᠢ ᠥᠨᠳᠥᠷ ᠪᠦᠲᠦᠮᠵᠢᠲᠡᠢ᠎ᠪᠡᠷ ᠠᠱᠢᠭ᠍ᠯᠠᠨ ᠵᠦᠢ ᠵᠣᠬᠢᠰᠲᠠᠢ ᠲᠤᠬᠢᠷᠠᠭᠤᠯᠬᠤ ᠵᠢ ᠬᠦᠲᠦᠯᠦᠨ ᠵᠢᠯᠣᠭᠣᠳᠴᠤ᠌᠂ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ᠎ᠢ ᠪᠠᠢᠭᠤᠯᠵᠤ᠂ ᠠᠵᠤ ᠠᠬᠤᠢ᠎ᠶ᠋ᠢᠨ ᠦᠷᠭᠦᠯᠵᠢᠯᠡᠨ ᠰᠠᠢᠵᠢᠷᠠᠬᠤ᠎ᠶ᠋ᠢ ᠠᠬᠢᠭᠤᠯᠪᠠᠯ ᠵᠤᠬᠢᠨ᠎ᠠ ᠭᠡᠪᠡ᠃

ᠰᠦᠨ ᠳ᠋ᠦᠩ ᠱᠧᠩ ᠭᠡᠱᠢᠭᠦᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠲᠥᠪ ᠬᠤᠷᠢᠶ᠎ᠠ ᠵᠢ ᠲᠦᠯᠦᠭᠡᠯᠡᠨ ᠦᠭᠡ ᠬᠡᠯᠡᠬᠦ ᠳ᠋ᠡᠭᠡᠨ᠂ ᠵᠣᠬᠢᠶᠠᠮᠠᠯ ᠤᠶᠤᠨ ᠴᠢᠳᠠᠪᠤᠷᠢ ᠪᠣᠯᠤᠨ ᠠᠵᠤ ᠦᠢᠯᠡᠰ᠎ᠦᠨ ᠭᠦᠨᠵᠡᠭᠡᠢ ᠠᠭᠤᠰᠤᠯᠴᠠᠯ᠎ᠢ ᠴᠢᠩᠭᠠᠳᠭᠠᠵᠤ ᠂ ᠠᠵᠤ ᠦᠢᠯᠡᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠵᠣᠬᠢᠶᠠᠮᠠᠯ ᠤᠶᠤᠨ ᠴᠢᠳᠠᠪᠤᠷᠢ᠎ᠶ᠋ᠢᠨ ᠬᠥᠭ᠌ᠵᠢᠯᠲᠡ᠎ᠳᠦ ᠵᠣᠬᠢᠴᠠᠭ᠍ᠰᠠᠨ ᠴᠢᠨᠠᠷ ᠰᠠᠢᠲᠠᠢ ᠴᠢᠳᠠᠪᠤᠷᠢᠲᠠᠨ᠎ᠢ ᠬᠥᠮᠦᠵᠢᠭᠦᠯᠬᠦ᠌ ᠱᠢᠰᠲ᠋ᠧᠮ᠎ᠢ ᠪᠠᠢᠭᠤᠯᠵᠤ ᠂ 《 ᠵᠣᠬᠢᠶᠠᠮᠠᠯ ᠤᠶᠤᠨ ᠴᠢᠳᠠᠪᠤᠷᠢ + 》 ᠠᠵᠤ ᠦᠢᠯᠡᠰ᠎ᠦᠨ ᠠᠮᠢ ᠠᠬᠤᠢ᠎ᠶ᠋ᠢ ᠱᠢᠯᠢᠳᠡᠭ᠌ᠵᠢᠭᠦᠯᠵᠦ᠍᠂ ᠵᠠᠬ᠎ᠠ ᠳᠡᠯᠭᠡᠭᠦᠷ᠎ᠦᠨ ᠲᠣᠭ᠍ᠲᠠᠴᠠ᠎ᠶ᠋ᠢ ᠪᠦᠷᠢᠨᠱᠢᠬᠦᠯᠵᠤ᠂ ᠤᠯᠠᠨ ᠲᠠᠯ᠎ᠠ ᠪᠡᠷ ᠵᠢᠡᠨ ᠠᠱᠢᠭ ᠬᠦᠷᠳᠡᠬᠦ᠌ 《 ᠵᠣᠬᠢᠶᠠᠮᠠᠯ ᠤᠶᠤᠨ ᠴᠢᠳᠠᠪᠤᠷᠢ + 》 ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠡᠭᠦᠳᠪᠡᠯ ᠵᠤᠭᠢᠨ᠎ᠠ ᠭᠡᠵᠤ ᠰᠠᠨᠠᠭᠤᠯᠪᠠ᠃

ᠲᠸᠩ ᠵᠢᠶᠠ ᠼᠠᠢ ᠭᠡᠱᠢᠭᠦᠨ ᠦᠭᠡ ᠬᠡᠯᠡᠬᠦ᠌᠎ᠳᠡᠭᠡᠨ᠂ ᠲᠡᠯᠡᠶ ᠲᠠᠩᠭᠢᠰ᠎ᠤᠨ ᠠᠵᠤ ᠠᠬᠤᠶ᠎ᠶ᠋ᠢ ᠬᠥᠭ᠌ᠵᠢᠭᠦᠯᠬᠦ᠌ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠶ᠋ᠢᠨ ᠴᠢᠬᠤᠯᠠ ᠡᠭᠦᠷᠭᠡ ᠮᠥᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠬᠠᠮᠤᠭ᠎ᠤᠨ ᠵᠠᠩᠭᠢᠯᠠᠭ᠎ᠠ᠂ ᠬᠠᠮᠤᠭ᠎ᠤᠨ ᠲᠤᠯᠭᠠᠮ ᠶᠠᠪᠤᠳᠠᠯ ᠮᠥᠨ᠃ ᠲᠥᠯᠥᠪᠵᠢᠭᠦᠯᠭᠡ᠎ᠪᠡᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠥᠨᠳᠥᠷ ᠲᠦᠪᠱᠢᠨ ᠪᠥᠬᠥᠶ ᠲᠥᠯᠥᠪᠵᠢᠭᠦᠯᠭᠡ᠎ᠪᠡᠷ ᠲᠡᠯᠡᠶ ᠲᠠᠩᠭᠢᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ; ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠳᠠᠯᠠᠢ ᠲᠠᠩᠭᠢᠰ᠎ᠢ ᠮᠠᠨᠳᠤᠭᠤᠯᠬᠤ᠎ᠶ᠋ᠢ ᠠᠬᠢᠭᠤᠯᠵᠤ ᠂ ᠤᠯᠠᠨ ᠳᠡᠰ ᠳᠠᠪᠬᠤᠷᠭ᠎ᠠ᠎ᠶ᠋ᠢᠨ ᠳᠠᠯᠠᠢ ᠲᠠᠩᠭᠢᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠲᠡᠭᠦᠯᠳᠡᠷᠵᠢᠭᠦᠯᠬᠦ; ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠵᠤ᠂ ᠤᠳᠤ ᠦᠶ᠎ᠡ᠎ᠶ᠋ᠢᠨ ᠲᠠᠯᠠᠢ ᠲᠠᠩᠭᠢᠰ᠎ᠤᠨ ᠠᠵᠤ ᠦᠢᠯᠡᠰ᠎ᠦᠨ ᠱᠢᠰᠲ᠋ᠧᠮ᠎ᠢ ᠬᠦᠴᠦᠯᠡᠨ ᠪᠠᠢᠭᠤᠯᠬᠤ ; ᠲᠠᠪᠴᠠᠩ᠂ ᠴᠢᠳᠠᠪᠤᠷᠢᠲᠠᠨ᠂ ᠮᠥᠩᠭᠥᠨ ᠭᠦᠶ᠋ᠯᠭᠡᠭᠡᠨ ᠵᠡᠷᠭᠡ᠎ᠶ᠋ᠢᠨ ᠰᠢᠨ᠎ᠠ ᠵᠢ ᠡᠭᠦᠳᠬᠦ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠲᠡᠯᠡᠶ ᠲᠠᠩᠭᠢᠰ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠪᠡᠯ ᠵᠤᠬᠢᠨ᠎ᠠ ᠭᠡᠪᠡ᠃

ᠯᠦ᠍ ᠭᠦᠸᠧ ᠢ ᠭᠡᠱᠢᠭᠦᠨ ᡁᠢᠬᠦ᠋ᠩᠳ᠋ᠠᠩ ᠨᠠᠮ᠎ᠤᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠢ ᠲᠦᠷᠭᠡᠳᠭᠡᠨ ᠪᠠᠢᠭᠤᠯᠬᠤ ᠪᠣᠯ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢ ᠱᠢᠯᠤᠭᠤᠳᠭᠠᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠶ᠋ᠢ ᠠᠬᠢᠭᠤᠯᠬᠤ ᠵᠠᠢᠯᠠᠰᠢ ᠦᠭᠡᠢ ᠱᠠᠭᠠᠷᠳᠠᠯᠭ᠎ᠠ ᠪᠣᠯᠤᠨ᠎ᠠ᠃ ᠵᠠᠬ᠎ᠠ ᠳᠡᠯᠭᠡᠭᠦᠷ᠎ᠦᠨ ᠰᠠᠭᠤᠷᠢ ᠲᠦᠷᠢᠮ ᠪᠣᠯᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠵᠠᠰᠠᠭ᠎ᠤᠨ ᠠᠵᠢᠯ᠎ᠤᠨ ᠠᠮᠵᠢᠯᠲᠠ᠎ᠶ᠋ᠢ ᠬᠢᠨᠠᠨ ᠱᠢᠯᠭᠠᠬᠤ᠂ ᠪᠦᠷᠢᠳᠭᠡᠬᠦ᠌᠂ ᠡᠳ᠋᠎ᠦᠨ ᠵᠠᠰᠠᠭ ᠭᠠᠢᠯᠢ᠎ᠶ᠋ᠢᠨ ᠲᠦᠷᠢᠮ᠎ᠳᠦ ᠥᠭᠡᠷᠡᠴᠢᠯᠡᠯᠲᠡ ᠬᠢᠵᠦ᠍᠂ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠬᠣᠯᠪᠣᠭ᠍ᠳᠠᠯ ᠪᠦᠬᠦᠢ ᠲᠦᠷᠢᠮ᠎ᠢ ᠭᠦᠨᠵᠡᠭᠡᠢᠷᠡᠭᠦᠯᠵᠦ᠍᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠯᠠᠪᠳᠠᠭᠤᠨ ᠡᠮᠬᠢ ᠳᠢᠭ᠌ᠯᠢᠮ᠎ᠲᠡᠶ ᠠᠬᠢᠭᠤᠯᠪᠡᠯ ᠵᠤᠭᠢᠨ᠎ᠠ ᠭᠡᠵᠤ ᠰᠠᠨᠠᠭᠤᠯᠪᠠ᠃

ᠯᠢ ᠱᠢᠶᠤᠤ ᠫᠧᠩ ᠭᠡᠱᠢᠭᠦᠨ ᠦᠭᠡ ᠬᠡᠯᠡᠬᠦ ᠳ᠋ᠡᠭᠡᠨ᠂ ᠬᠡᠷᠡᠭ᠌ᠯᠡᠭᠡ᠎ᠶ᠋ᠢ ᠬᠥᠭ᠌ᠵᠢᠭᠡᠬᠦ᠌ ᠪᠣᠯ ᠠᠵᠤ ᠠᠬᠤᠢ᠎ᠶ᠋ᠢᠨ ᠦᠷᠭᠦᠯᠵᠢᠯᠡᠨ ᠰᠠᠢᠵᠢᠷᠠᠬᠤ᠎ᠶ᠋ᠢ ᠠᠬᠢᠭᠤᠯᠬᠤ᠂ ᠠᠷᠠᠳ᠎ᠤᠨ ᠠᠮᠢᠳᠤᠷᠠᠯ᠎ᠤᠨ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠬᠡᠷᠡᠭ᠌ᠯᠡᠭᠡ᠎ᠶ᠋ᠢ ᠬᠥᠭ᠌ᠵᠢᠭᠡᠬᠦ᠌ ᠲᠤᠰᠭᠠᠢ ᠠᠵᠢᠯᠯᠠᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠨᠡᠩ ᠰᠠᠢᠲᠤᠷ ᠠᠬᠢᠭᠤᠯᠵᠤ᠂ ᠬᠡᠷᠡᠭ᠌ᠯᠡᠭᠡ᠎ᠶ᠋ᠢ ᠥᠷᠭᠡᠳᠭᠡᠬᠦ᠌ ᠤᠷᠳᠤ ᠬᠤᠭᠤᠴᠠᠭᠠᠨ᠎ᠤ ᠲᠣᠭ᠍ᠲᠠᠴᠠ ᠪᠠ ᠪᠦᠲᠦᠮᠵᠢᠲᠡᠢ ᠲᠦᠷᠢᠮ᠎ᠦᠨ ᠲᠤᠬᠢᠷᠠᠭᠤᠯᠤᠯᠳᠠ᠎ᠶ᠋ᠢ ᠪᠠᠢᠭᠤᠯᠵᠤ᠂ ᠬᠡᠷᠡᠭ᠌ᠯᠡᠭᠡ᠎ᠶ᠋ᠢ ᠬᠥᠭ᠌ᠵᠢᠭᠡᠬᠦ᠌ ᠠᠵᠢᠯ᠎ᠢ ᠬᠦᠴᠦᠲᠡᠢ ᠡᠮᠬᠢ ᠵᠢᠷᠤᠮ᠎ᠲᠠᠶ ᠪᠦᠲᠦᠮᠵᠢᠲᠡᠢ ᠰᠠᠢᠲᠤᠷ ᠬᠢᠪᠡᠯ ᠵᠤᠬᠢᠨ᠎ᠠ ᠭᠡᠪᠡ᠃

ᠯᠢ ᠱᠤ᠌ ᠹᠦ᠋ ᠭᠡᠱᠢᠭᠦᠨ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢ ᠲᠥᠯᠥᠭᠡᠯᠡᠨ ᠦᠭᠡ ᠬᠡᠯᠡᠬᠦ ᠳ᠋ᠡᠭᠡᠨ᠂ ᠱᠢᠨ᠎ᠡ ᠬᠠᠭᠤᠴᠢᠨ ᠬᠥᠳᠡᠯᠭᠡᠬᠦ᠌ ᠡᠨ᠋ᠸᠷᠬᠢ᠎ᠶ᠋ᠢᠨ ᠰᠣᠯᠢᠭ᠍ᠳᠠᠯ᠎ᠤᠨ ᠶᠠᠪᠤᠴᠠ᠎ᠳᠤ᠂ ᠠᠷᠠᠳ᠎ᠤᠨ ᠡᠵᠡᠩᠨᠡᠯᠲᠡ᠎ᠶ᠋ᠢᠨ ᠦᠢᠯᠡᠳᠬᠦ᠌ ᠦᠢᠯᠡᠰ᠎ᠦᠨ ᠠᠵᠤ ᠠᠬᠤᠢᠯᠠᠯ᠎ᠤᠨ ᠲᠣᠭᠠᠴᠢᠯᠠᠭ᠍ᠰᠠᠨ᠂ ᠪᠣᠬᠢᠷᠲᠤᠯ ᠦᠭᠡᠢ ᠳᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠡᠮᠵᠢᠪᠡᠯ ᠵᠤᠬᠢᠨ᠎ᠠ᠃ ᠤᠯᠠᠮᠵᠢᠯᠠᠯᠲᠤ ᠦᠶ᠋ᠯᠡᠳᠬᠦ᠌ ᠦᠶ᠋ᠯᠡᠰ᠎ᠢ ᠲᠣᠭ᠍ᠲᠠᠪᠤᠷᠢᠵᠢᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠤᠯᠠᠮ ᠨᠢᠭᠡ ᠠᠯᠬᠤᠮ ᠨᠠᠷᠢᠯᠢᠭ᠍ᠵᠢᠭᠤᠯᠤᠨ ᠪᠡᠬᠢᠵᠢᠭᠦᠯᠵᠦ᠍᠂ 0 ᠡᠴᠡ 1 ᠬᠦᠷᠲᠡᠯᠡᠬᠢ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠵᠣᠷᠢᠭ᠍ᠵᠢᠭᠤᠯᠤᠨ᠂ ᠠᠵᠤ ᠠᠬᠤᠢᠯᠠᠯ᠎ᠤᠨ ᠲᠣᠭᠠᠴᠢᠯᠠᠭ᠍ᠰᠠᠨ ᠳᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠳᠡᠮᠵᠢᠵᠦ᠍᠂ ᠪᠣᠬᠢᠷᠲᠤᠯ ᠥᠬᠡᠶ ᠠᠵᠤ ᠦᠶ᠋ᠯᠡᠰ᠎ᠦᠨ ᠬᠡᠯᠬᠢᠶ᠎ᠡ᠎ᠶ᠋ᠢ ᠥᠷᠭᠡᠳᠭᠡᠨ᠂ ᠦᠶ᠋ᠯᠡᠳᠬᠦ᠌ ᠦᠶ᠋ᠯᠡᠰ᠎ᠤᠨ ᠳᠡᠭᠡᠳᠦ ᠳᠡᠰᠵᠢᠬᠦᠯᠬᠦ᠂ ᠤᠶᠤᠨᠴᠢᠯᠠᠬᠤ ᠂ ᠪᠣᠬᠢᠷᠲᠤᠯ ᠥᠬᠡᠢᠵᠢᠬᠦᠯᠬᠦ ᠬᠦᠭᠵᠢᠯᠳᠡ᠎ᠶ᠋ᠢ ᠪᠥᠬᠥ᠌ ᠬᠦᠴᠦᠨ᠎ᠢᠶᠡᠷ ᠠᠬᠢᠭᠤᠯᠪᠡᠯ ᠵᠤᠬᠢᠨ᠎ᠠ ᠭᠡᠵᠦ ᠰᠠᠨᠠᠭᠤᠯᠪᠠ᠃

ᠸᠠᠩ ᠱᠢᠶᠤᠤ ᠳ᠋ᠦᠩ ᠭᠡᠱᠢᠭᠦᠨ ᠦᠭᠡ ᠬᠡᠯᠡᠬᠦ ᠳ᠋ᠡᠭᠡᠨ᠂ ᠱᠢᠶᠠᠨ ᠤ᠋ ᠪᠦᠰᠡ ᠨᠢ ᠬᠤᠲᠠ᠎ᠶ᠋ᠢ ᠬᠣᠯᠪᠣᠬᠤ᠂ ᠬᠥᠳᠡᠭᠡ ᠲᠣᠰᠭᠣᠨ᠎ᠢ ᠳᠠᠢᠴᠢᠯᠠᠬᠤ ᠴᠢᠬᠤᠯᠠ ᠦᠢᠯᠡᠳᠦᠯ᠎ᠢ ᠪᠠᠳᠠᠷᠠᠭᠤᠯᠵᠤ ᠪᠠᠢᠨ᠎ᠠ᠃ ᠱᠢᠶᠠᠨ᠎ᠤ ᠪᠦᠰᠡ᠎ᠶᠢᠨ ᠬᠣᠲᠠ ᠬᠥᠳᠡᠭᠡ᠎ᠶ᠋ᠢᠨ ᠲᠥᠯᠥᠪᠵᠢᠭᠦᠯᠭᠡ᠎ᠶ᠋ᠢᠨ ᠥᠨᠳᠥᠷ ᠬᠢᠷᠢ ᠲᠦᠪᠱᠢᠨ᠎ᠦ ᠠᠭᠤᠰᠤᠯᠴᠠᠯ᠂ ᠬᠣᠲᠠ ᠬᠥᠳᠡᠭᠡ᠎ᠶ᠋ᠢᠨ ᠡᠯᠸᠮᠧᠨ᠋ᠲ᠎ᠦᠨ ᠡᠷᠬᠡ ᠲᠡᠭ᠌ᠰᠢ᠎ᠪᠡᠷ ᠰᠣᠯᠢᠯᠴᠠᠬᠤ ᠪᠠ ᠣᠯᠠᠨ ᠨᠡᠢᠲᠡ᠎ᠶ᠋ᠢᠨ ᠡᠬᠢ ᠪᠠᠶᠠᠯᠢᠭ᠎ᠢ ᠲᠡᠩᠴᠡᠭᠦᠷᠢᠲᠡᠶ ᠲᠣᠬᠢᠷᠠᠭᠤᠯᠬᠤ᠂ ᠬᠣᠲᠠ ᠬᠥᠳᠡᠭᠡ᠎ᠶ᠋ᠢᠨ ᠰᠠᠭᠤᠷᠢ ᠲᠦᠬᠦᠭᠡᠷᠦᠮᠵᠢ᠎ᠶ᠋ᠢ ᠨᠢᠭᠡ ᠴᠣᠭ᠍ᠴᠠᠵᠢᠭᠤᠯᠬᠤ ᠪᠠ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ᠂ ᠬᠣᠲᠠ ᠬᠥᠳᠡᠭᠡ᠎ᠶ᠋ᠢᠨ ᠠᠵᠤ ᠦᠢᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠬᠦ᠌ ᠪᠠ ᠵᠣᠬᠢᠴᠠᠭᠤᠯᠤᠨ ᠬᠥᠭ᠌ᠵᠢᠭᠦᠯᠬᠦ᠌᠂ ᠬᠣᠲᠠ ᠬᠥᠳᠡᠭᠡ᠎ᠶ᠋ᠢᠨ ᠰᠣᠶᠣᠯ᠎ᠤᠨ ᠰᠣᠯᠢᠯᠴᠠᠭ᠎ᠠ᠎ᠶ᠋ᠢ ᠠᠭᠤᠰᠤᠯᠴᠠᠭᠤᠯᠬᠤ ᠪᠠ ᠤᠯᠠᠮᠵᠢᠯᠠᠬᠤ᠎ᠶ᠋ᠢ ᠠᠬᠢᠭᠤᠯᠵᠤ᠂ ᠱᠢᠶᠠᠨ᠎ᠤ ᠪᠦᠰᠡ ᠵᠢ ᠴᠢᠬᠤᠯᠠ ᠭᠠᠷᠳᠠᠬᠤ ᠴᠡᠭ ᠪᠣᠯᠭᠠᠵᠤ᠂ ᠬᠣᠲᠠ ᠬᠥᠳᠡᠭᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠪᠡᠯ ᠵᠤᠬᠢᠨ᠎ᠠ ᠭᠡᠵᠦ ᠰᠠᠨᠠᠭᠤᠯᠪᠠ᠃

ᠵᠠᠩ ᠴᠦᠨ ᠱᠧᠩ ᠭᠡᠱᠢᠭᠦᠨ ᠦᠭᠡ ᠬᠡᠯᠡᠵᠦ᠂ ᠪᠤᠭᠤᠷᠤᠯᠴᠤᠳ᠎ᠤᠨ ᠠᠵᠤ ᠠᠬᠤᠢ᠎ᠶ᠋ᠢ ᠬᠥᠭ᠌ᠵᠢᠭᠦᠯᠬᠦ᠌ ᠪᠣᠯ ᠬᠥᠮᠦᠨ ᠠᠮᠠ᠎ᠶ᠋ᠢᠨ ᠨᠠᠰᠤᠵᠢᠯ᠎ᠢ ᠢᠳᠡᠪᠬᠢᠲᠡᠢ ᠠᠷᠭᠠᠴᠠᠭᠠᠬᠤ ᠤᠯᠤᠰ᠎ᠤᠨ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠪᠣᠯᠤᠨ᠎ᠠ᠃ ᠨᠠᠰᠤᠳᠠᠢᠴᠤᠳ᠎ᠲᠤ ᠦᠶ᠋ᠯᠡᠴᠢᠯᠡᠬᠦ᠌ ᠦᠶ᠋ᠯᠡᠳᠬᠦᠨ᠎ᠢ ᠳᠤᠬᠢᠷᠠᠭᠤᠯᠤᠨ ᠡᠭᠦᠳᠴᠦ᠍᠂ ᠨᠠᠰᠤᠲᠠᠢᠴᠤᠳ᠎ᠲᠤ ᠦᠶ᠋ᠯᠡᠴᠢᠯᠡᠬᠦ᠌ ᠪᠡᠶᠡᠴᠢ ᠣᠢᠯᠠᠭᠠᠯᠳᠠ᠎ᠶ᠋ᠢ ᠰᠠᠢᠵᠢᠷᠠᠭᠤᠯᠵᠤ᠂ ᠪᠤᠭᠤᠷᠤᠯᠴᠤᠳ᠎ᠤᠨ ᠬᠡᠷᠡᠭ᠌ᠯᠡᠭᠡᠨ᠎ᠦ ᠳᠣᠲᠣᠭᠠᠳᠤ ᠬᠥᠳᠡᠯᠭᠡᠬᠦ᠌ ᠴᠢᠳᠠᠪᠤᠷᠢ᠎ᠶ᠋ᠢ ᠬᠥᠭ᠌ᠵᠢᠭᠡᠵᠦ᠍᠂ ᠢᠳᠡᠪᠬᠢᠲᠡᠶ ᠨᠠᠰᠤᠵᠢᠯ᠎ᠤᠨ ᠦᠵᠡᠯᠲᠡ᠎ᠶ᠋ᠢ ᠶᠡᠬᠡ᠎ᠪᠡᠷ ᠰᠠᠨᠠᠭᠠᠴᠢᠯᠠᠵᠤ᠂ ᠪᠤᠭᠤᠷᠤᠯᠴᠤᠳ᠎ᠤᠨ ᠠᠵᠤ ᠠᠬᠤᠶ᠎ᠶ᠋ᠢᠨ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠴᠢᠩᠭᠠᠷᠠᠭᠤᠯᠵᠤ᠂ ᠨᠠᠰᠤᠲᠠᠢᠴᠤᠳ᠎ᠤᠨ ᠬᠡᠷᠡᠭ᠌ᠯᠡᠭᠡᠨ᠎ᠦ ᠰᠠᠢᠨ ᠰᠠᠢᠬᠠᠨ ᠣᠷᠴᠢᠨ ᠨᠥᠬᠥᠴᠡᠯ᠎ᠢ ᠪᠣᠶ ᠪᠣᠯᠭᠠᠵᠤ᠂ ᠨᠠᠰᠤᠲᠠᠢᠴᠤᠳ᠎ᠤᠨ ᠠᠵᠠ ᠵᠢᠷᠭᠠᠯ᠎ᠢ ᠪᠥᠬᠥ᠌ ᠬᠦᠴᠦᠨ᠎ᠢᠶᠡᠷ᠎ᠢᠶᠡᠨ ᠨᠡᠮᠡᠭᠳᠡᠭᠦᠯᠪᠡᠯ ᠵᠤᠬᠢᠨ᠎ᠠ ᠭᠡᠵᠦ᠍ ᠰᠠᠨᠠᠭᠤᠯᠪᠠ᠃

ᠪᠠᠶᠠᠨᠬᠡᠰᠢᠭ ᠭᠡᠱᠢᠭᠦᠨ ᠦᠭᠡ ᠬᠡᠯᠡᠬᠦ᠎ᠳᠡᠭᠡᠨ᠂ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠪᠣᠯᠤᠨ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠴᠦᠲᠡᠢ ᠳᠡᠮᠵᠢᠯᠭᠡ ᠳᠣᠣᠷ᠎ᠠ᠂ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠭᠦᠨᠵᠡᠭᠡᠢ ᠠᠬᠢᠭᠤᠯᠤᠭ᠍ᠰᠠᠨ ᠨᠢ ᠱᠢᠨᠵᠢᠶᠠᠩ᠎ᠳᠤ ᠱᠢᠨ᠎ᠡ ᠬᠥᠭ᠌ᠵᠢᠯᠲᠡ᠎ᠶ᠋ᠢᠨ ᠠᠵᠠ ᠲᠣᠬᠢᠶᠠᠯ ᠣᠯᠭᠣᠪᠠ᠃ ᠱᠢᠨᠵᠢᠶᠠᠩ᠎ᠤᠨ ᠣᠨᠴᠠᠯᠢᠭ᠍ᠲᠤ ᠲᠠᠷᠢᠶᠠᠯᠠᠩ᠎ᠤᠨ ᠠᠵᠤ ᠦᠶ᠋ᠯᠡᠰ᠎ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠴᠠᠬᠢᠯᠭᠠᠨ ᠬᠦᠴᠦᠨ᠎ᠢ ᠭᠠᠳᠠᠭ᠍ᠰᠢ ᠬᠦᠷᠭᠡᠬᠦ᠌ ᠵᠠᠮ ᠪᠠ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ᠌ ᠵᠠᠮ᠎ᠤᠨ ᠪᠥᠲᠥᠭᠡᠨ ᠪᠠᠢᠭᠤᠯᠤᠯᠲᠠ᠎ᠶ᠋ᠢ ᠢᠳᠡᠪᠬᠢᠲᠡᠶ ᠠᠬᠢᠭᠤᠯᠵᠤ᠂ ᠳᠣᠲᠣᠭᠠᠳᠤ ᠬᠠᠭᠤᠷᠠᠶ ᠵᠢᠴᠢ ᠲᠡᠯᠡᠶ ᠳᠠᠭᠠᠤ ᠭᠠᠵᠠᠷ ᠣᠷᠣᠨ᠎ᠯᠤᠭ᠎ᠠ᠎ᠶ᠋ᠢᠨ ᠬᠣᠯᠪᠣᠯᠳᠤᠨ ᠨᠡᠪᠲᠡᠷᠡᠯᠴᠡᠬᠦ᠌᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠱᠢᠨᠵᠢᠶᠠᠩ᠎ᠤᠨ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠳᠤ ᠠᠭᠤᠰᠤᠯᠴᠠᠬᠤ᠂ ᠦᠨᠳᠦᠰᠦᠲᠡᠨ᠎ᠦ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠲᠠᠰᠤᠷᠠᠯᠲᠠ ᠥᠬᠡᠶ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡᠯ ᠵᠤᠭᠢᠨ᠎ᠠ ᠭᠡᠵᠤ ᠰᠠᠨᠠᠭᠤᠯᠪᠠ᠃

ᠾᠧ ᡁᠢ ᠮᠢᠨ ᠭᠡᠱᠢᠭᠦᠨ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ ᠂ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠂ ᠰᠤᠷᠭᠠᠨ ᠬᠥᠮᠦᠵᠢᠯ᠎ᠦᠨ ᠡᠲᠡᠭᠡᠳ᠎ᠦᠨ ᠭᠡᠱᠢᠭᠦᠳ᠎ᠢ ᠡᠷᠬᠢᠨ ᠦᠵᠡᠬᠦ᠌᠎ᠳᠡᠭᠡᠨ᠂ ᠰᠤᠷᠭᠠᠨ ᠬᠥᠮᠦᠵᠢᠯ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯᠤᠨ ᠴᠢᠳᠠᠪᠤᠷᠢᠲᠠᠨ᠎ᠳᠤ ᠦᠵᠡᠭᠦᠯᠬᠦ᠌ ᠲᠤᠯᠭᠠᠭᠤᠷᠢᠯᠠᠬᠤ ᠦᠢᠯᠡᠳᠦᠯ᠎ᠢ ᠴᠢᠩᠭᠠᠳᠭᠠᠵᠤ᠂ ᠴᠢᠳᠠᠪᠤᠷᠢᠲᠠᠨ ᠴᠣᠯᠭᠣᠷᠠᠨ ᠭᠠᠷᠬᠤ ᠂ ᠬᠥᠮᠦᠨ ᠪᠦᠬᠦᠨ᠎ᠦ ᠴᠢᠳᠠᠪᠤᠷᠢ᠎ᠶ᠋ᠢ᠎ᠨᠢ ᠭᠦᠢᠴᠡᠳ ᠪᠠᠳᠠᠷᠠᠭᠤᠯᠬᠤ᠂ ᠴᠢᠳᠠᠪᠤᠷᠢ᠎ᠵᠢ ᠨᠢ ᠭᠦᠢᠴᠡᠳ ᠠᠰᠢᠭᠯᠠᠬᠤ ᠠᠮᠢᠳᠤᠯᠢᠭ ᠪᠠᠢᠳᠠᠯ᠎ᠢ ᠤᠯᠠᠮ ᠨᠢᠭᠡ ᠠᠯᠬᠤᠮ ᠪᠦᠷᠢᠯᠳᠦᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠪᠢᠳᠡ ᠮᠠᠰᠢ ᠤᠷᠮᠠᠰᠢᠨ ᠵᠣᠷᠢᠭ᠍ᠵᠢᠵᠤ᠂ ᠤᠷᠮ᠎ᠠ ᠵᠤᠷᠢᠭ ᠰᠡᠷᠭᠦᠵᠦ ᠪᠠᠢᠨ᠎ᠠ᠃ ᠥᠨᠳᠥᠷ ᠲᠦᠪᠱᠢᠨ ᠪᠦᠬᠦᠢ ᠪᠠᠭ᠍ᠰᠢ᠎ᠶ᠋ᠢᠨ ᠡᠩᠨᠡᠭᠡᠨ᠎ᠦ ᠪᠠᠢᠭᠤᠯᠤᠯᠲᠠ᠎ᠶ᠋ᠢᠨ ᠪᠠᠢᠭᠤᠯᠤᠯ᠎ᠦᠨ ᠵᠢᠷᠤᠭ ᠲᠥᠯᠥᠪᠯᠡᠭᠡ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍ ᠂ ᠮᠡᠳᠡᠯᠭᠡ᠎ᠶ᠋ᠢ ᠬᠦᠨᠳᠦᠳᠭᠡᠬᠦ᠌᠂ ᠰᠤᠷᠭᠠᠨ ᠬᠥᠮᠦᠵᠢᠯ᠎ᠢ ᠴᠢᠬᠤᠯᠠᠴᠢᠯᠠᠬᠤ᠂ ᠪᠠᠭ᠍ᠰᠢ᠎ᠶ᠋ᠢ ᠬᠦᠨᠳᠦᠳᠭᠡᠬᠦ᠌ ᠨᠡᠢᠭᠡᠮ᠎ᠦᠨ ᠠᠭᠤᠷ ᠠᠮᠢᠰᠭᠤᠯ᠎ᠢ ᠨᠡᠩ ᠬᠦᠴᠦᠲᠡᠢ ᠪᠤᠢ ᠪᠣᠯᠭᠠᠵᠤ᠂ ᠱᠢᠨ᠎ᠡ ᠴᠠᠭ ᠦᠶ᠎ᠡ᠎ᠶ᠋ᠢᠨ ᠥᠨᠳᠥᠷ ᠬᠡᠪ ᠪᠣᠯᠪᠠᠰᠤᠷᠠᠯ᠎ᠲᠠᠶ ᠲᠤᠰᠭᠠᠢᠵᠢᠭ᠍ᠰᠠᠨ ᠪᠠᠭ᠍ᠰᠢ᠎ᠶ᠋ᠢᠨ ᠡᠩᠨᠡᠭᠡ᠎ᠶ᠋ᠢ ᠪᠠᠢᠭᠤᠯᠤᠨ ᠬᠦᠴᠦᠷᠬᠡᠭ᠌ᠵᠢᠭᠦᠯᠪᠡᠯ ᠵᠤᠭᠢᠨ᠎ᠠ ᠭᠡᠵᠤ ᠰᠠᠨᠠᠭᠤᠯᠪᠠ᠃

ᠸᠠᠩ ᠵᠢᠶᠦ᠋ᠨ ᠭᠡᠱᠢᠭᠦᠨ ᠦᠭᠡ ᠬᠡᠯᠡᠬᠦ᠎ᠳᠡᠭᠡᠨ ᠂ ᠤᠯᠤᠰ᠎ᠤᠨ ᠠᠨᠠᠭᠠᠬᠤ ᠤᠬᠠᠭᠠᠨ᠎ᠤ ᠲᠥᠪ ᠪᠣᠯᠤᠨ ᠤᠯᠤᠰ᠎ᠤᠨ ᠣᠷᠣᠨ ᠪᠦᠰᠡ᠎ᠶ᠋ᠢᠨ ᠡᠮᠴᠢᠯᠡᠭᠡᠨ᠎ᠦ ᠲᠥᠪ᠎ᠦᠨ ᠪᠦᠲᠦᠭᠡᠨ ᠪᠠᠢᠭᠤᠯᠤᠯᠲᠠ ᠪᠣᠯ ᠴᠢᠨᠠᠷ ᠰᠠᠢᠲᠠᠢ ᠡᠮᠴᠢᠯᠡᠭᠡᠨ᠎ᠦ ᠡᠬᠢ ᠪᠠᠶᠠᠯᠢᠭ᠎ᠤᠨ ᠪᠦᠷᠬᠦᠴᠡ᠎ᠶ᠋ᠢ ᠦᠨᠳᠦᠰᠦᠨ ᠱᠠᠲᠤᠨ᠎ᠳᠤ ᠲᠠᠯᠪᠢᠬᠤ ᠪᠠ ᠣᠷᠣᠨ ᠪᠦᠰᠡ᠎ᠶ᠋ᠢᠨ ᠲᠡᠩᠴᠡᠭᠦᠷᠢᠲᠡᠢ ᠪᠠᠢᠷᠢᠱᠢᠭᠤᠯᠤᠯᠲᠠ᠎ᠶ᠋ᠢ ᠠᠬᠢᠭᠤᠯᠬᠤ ᠴᠢᠬᠤᠯᠠ ᠭᠠᠷᠳᠠᠴᠠ ᠪᠣᠯᠤᠨ᠎ᠠ᠃ ᠤᠯᠤᠰ᠎ᠤᠨ ᠣᠷᠣᠨ ᠪᠦᠰᠡ᠎ᠶ᠋ᠢᠨ ᠡᠮᠴᠢᠯᠡᠭᠡᠨ᠎ᠦ ᠲᠥᠪ᠎ᠦᠨ ᠪᠠᠢᠷᠢᠱᠢᠭᠤᠯᠤᠯᠲᠠ᠎ᠶ᠋ᠢ ᠴᠢᠩᠭᠠᠳᠭᠠᠵᠤ᠂ ᠬᠠᠩᠭᠠᠯᠭ᠎ᠠ᠎ᠶ᠋ᠢᠨ ᠲᠠᠯ᠎ᠠ᠎ᠡᠴᠡ ᠴᠢᠨᠠᠷ ᠰᠠᠢᠲᠠᠢ ᠡᠮᠴᠢᠯᠡᠭᠡᠨ᠎ᠦ ᠡᠬᠢ ᠪᠠᠶᠠᠯᠢᠭ᠎ᠤᠨ ᠲᠡᠩᠴᠡᠭᠦᠷᠢᠲᠡᠢ ᠪᠠᠢᠷᠢᠱᠢᠭᠤᠯᠤᠯᠲᠠ᠎ᠶ᠋ᠢ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨᠵᠢᠯᠡᠬᠦ᠌ ᠤᠬᠠᠭᠠᠨᠴᠢ ᠥᠨᠳᠥᠷ ᠪᠦᠲᠦᠮᠵᠢᠲᠡᠢ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠰᠤᠳᠤᠯᠤᠨ ᠲᠣᠭ᠍ᠲᠠᠭᠠᠵᠤ ᠂ ᠤᠯᠠᠨ ᠵᠦᠢᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠳᠤᠲᠠᠭᠤᠳᠠᠯ᠎ᠢ ᠨᠥᠬᠥᠪᠥᠷᠢᠯᠡᠵᠦ᠍ ᠂ ᠱᠢᠶᠠᠨ᠎ᠤ ᠬᠡᠪᠴᠢᠶᠡᠨ᠎ᠦ ᠡᠷᠡᠭᠦᠯ ᠮᠡᠨᠳᠦ᠍᠎ᠶ᠋ᠢᠨ ᠰᠡᠷᠭᠡᠢᠯᠡᠯᠲᠡ᠎ᠶ᠋ᠢᠨ ᠱᠤᠭᠤᠮ᠎ᠢ ᠬᠠᠮᠲᠤ᠎ᠪᠠᠷ ᠪᠡᠬᠢᠵᠢᠭᠦᠯᠵᠦ᠍᠂ ᠠᠷᠠᠳ ᠲᠦᠮᠡᠨ᠎ᠦ ᠡᠷᠡᠭᠦᠯ ᠮᠡᠨᠳᠦ᠍᠎ᠶ᠋ᠢᠨ ᠲᠦᠪᠱᠢᠨ᠎ᠢ ᠳᠡᠭᠡᠭ᠌ᠰᠢᠯᠡᠭᠦᠯᠪᠡᠯ ᠵᠤᠭᠢᠨ᠎ᠠ ᠭᠡᠵᠤ ᠰᠠᠨᠠᠭᠤᠯᠪᠠ᠃

ᠵᠢᠶᠣᠣ ᠬᠣᠩ ᠭᠡᠰᠢᠭᠦᠨ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠲᠥᠪ ᠬᠣᠷᠢᠶ᠎ᠠ᠎ᠶᠢ ᠲᠥᠯᠥᠭᠡᠯᠡᠨ ᠦᠭᠡ ᠬᠡᠯᠡᠬᠦ᠎ᠳᠡᠭᠡᠨ᠂ ᠬᠥᠮᠥᠨ ᠠᠮᠠ᠎ᠶᠢᠨ ᠬᠥᠭᠵᠢᠯᠲᠡ ᠨᠢ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠲᠠᠢ ᠬᠣᠯᠪᠣᠭᠳᠠᠨ᠎ᠠ᠃ ᠰᠤᠷᠭᠠᠨ ᠬᠥᠮᠦᠵᠢᠯ ᠡᠷᠡᠭᠦᠯ ᠬᠠᠮᠠᠭᠠᠯᠠᠯ᠎ᠤᠨ ᠦᠢᠯᠡᠰ᠎ᠦᠨ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠶᠢ ᠭᠦᠨᠵᠡᠭᠡᠢᠷᠡᠭᠦᠯᠵᠦ᠂ ᠦᠷᠡᠵᠢᠯ᠎ᠦᠨ ᠳᠡᠮᠵᠢᠯᠭᠡ᠎ᠶᠢᠨ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠤ ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠨᠡᠭᠡᠭᠡᠨ ᠠᠰᠢᠭ᠍ᠯᠠᠯᠲᠠ᠎ᠶᠢ ᠴᠢᠩᠭᠠᠳᠬᠠᠵᠤ᠂ ᠬᠠᠩᠭᠠᠯᠭ᠎ᠠ ᠬᠡᠷᠡᠭᠴᠡᠭᠡ᠎ᠶᠢᠨ ᠬᠣᠶᠠᠷ ᠲᠠᠯ᠎ᠠ᠎ᠪᠠᠷ ᠬᠦᠴᠦᠯᠡᠬᠦ᠂ ᠠᠵᠢᠯ ᠦᠢᠯᠡᠰ ᠠᠵᠤ ᠦᠢᠯᠡᠰ᠎ᠦᠨ ᠬᠣᠶᠠᠷ ᠬᠦᠷᠳᠦ᠎ᠪᠡᠷ ᠬᠥᠳᠡᠯᠭᠡᠭᠦᠷ ᠪᠣᠯᠭᠠᠬᠤ᠎ᠪᠠᠷ ᠳᠠᠮᠵᠢᠭᠤᠯᠤᠨ ᠬᠥᠮᠥᠨ ᠠᠮᠠ᠎ᠶᠢᠨ ᠨᠠᠰᠤᠵᠢᠯᠲᠠ᠎ᠶᠢ ᠢᠳᠡᠪᠬᠢᠲᠡᠢ ᠠᠷᠭᠠᠴᠠᠭᠠᠵᠤ᠂ ᠬᠥᠮᠥᠨ ᠠᠮᠠ᠎ᠶᠢᠨ ᠪᠦᠲᠦᠴᠡ ᠪᠠ ᠶᠠᠰᠤ ᠴᠢᠨᠠᠷ᠎ᠤᠨ ᠬᠤᠪᠢᠷᠠᠯᠲᠠ᠎ᠶᠢ ᠨᠢᠭᠡᠳᠦᠯᠲᠡᠢ ᠲᠥᠯᠥᠪᠯᠡᠵᠤ᠂ ᠬᠥᠮᠥᠨ ᠠᠮᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠪᠡᠯ ᠵᠤᠬᠢᠨ᠎ᠠ ᠭᠡᠵᠦ ᠰᠠᠨᠠᠭᠤᠯᠪᠠ᠃

ᠦ᠋ ᠠᠢ ᠴᠢᠶᠦ᠋ᠨ ᠭᠡᠰᠢᠭᠦᠨ ᠦᠭᠡ ᠬᠡᠯᠡᠬᠦ᠎ᠳᠡᠭᠡᠨ᠂ ᠬᠡᠲᠦ ᠲᠣᠮᠣ᠌ ᠣᠨᠴᠠ ᠲᠣᠮᠣ᠌ ᠬᠣᠲᠠ ᠨᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠳᠤᠮᠳᠠ ᠮᠠᠰᠢ ᠴᠢᠬᠤᠯᠠ ᠪᠠᠢᠷᠢ ᠰᠠᠭᠤᠷᠢ ᠪᠠ ᠦᠢᠯᠡᠳᠦᠯ᠎ᠲᠠᠢ ᠶᠤᠮ᠃ ᠬᠡᠲᠦ ᠲᠣᠮᠣ᠌ ᠣᠨᠴᠠ ᠲᠤᠮᠤ ᠬᠣᠲᠠ᠎ᠶᠢᠨ ᠣᠯᠠᠨ ᠨᠡᠶ᠋ᠢᠲᠡ᠎ᠶᠢᠨ ᠠᠮᠤᠷ ᠲᠦᠪᠰᠢᠨ᠎ᠢ ᠡᠷᠡᠰ ᠬᠠᠮᠠᠭᠠᠯᠠᠵᠤ᠂ ᠬᠥᠮᠥᠨ ᠠᠮᠠ᠎ᠶᠢᠨ ᠬᠠᠮᠢᠶᠠᠷᠤᠯᠲᠠ᠎ᠶᠢᠨ ᠲᠥᠷᠥ᠎ᠶᠢᠨ ᠪᠣᠳᠣᠯᠭ᠎ᠠ᠎ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠵᠠᠮ ᠬᠠᠷᠢᠯᠴᠠᠭᠠᠨ᠎ᠤ ᠲᠦᠭᠵᠢᠷᠡᠯ᠎ᠦᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠨᠠᠷᠢᠯᠢᠭ᠍ᠵᠢᠭᠤᠯᠤᠨ ᠵᠠᠰᠠᠬᠤ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠲᠣᠭᠠᠵᠢᠭᠤᠯᠤᠭᠰᠠᠨ᠂ ᠣᠶᠤᠨᠴᠢᠯᠠᠭᠰᠠᠨ᠂ ᠣᠶᠤᠨᠲᠦ ᠬᠡᠷᠡᠭᠯᠡᠭᠡ᠎ᠶᠢ ᠴᠢᠩᠭᠠᠳᠬᠠᠵᠤ ᠂ ᠬᠡᠲᠦ ᠲᠣᠮᠣ᠌ ᠣᠨᠴᠠ ᠲᠤᠮᠤ ᠬᠣᠲᠠ᠎ᠶᠢᠨ ᠣᠳᠣᠬᠢᠴᠢᠯᠠᠭᠰᠠᠨ ᠵᠠᠰᠠᠯᠲᠠ᠎ᠶᠢᠨ ᠬᠢᠷᠢ ᠲᠦᠪᠰᠢᠨ᠎ᠢ ᠲᠡᠭᠡᠭᠰᠢᠯᠡᠭᠦᠯᠪᠡᠯ ᠵᠤᠬᠢᠨ᠎ᠠ ᠭᠡᠵᠤ ᠰᠠᠨᠠᠭᠤᠯᠪᠠ᠃

ᠶᠠᠩ ᠳ᠋ᠠᠨ ᠭᠡᠰᠢᠭᠦᠨ 《9·3》 ᠤ᠋ ᠡᠷᠳᠡᠮ ᠰᠢᠨᠵᠢᠯᠡᠭᠡᠨ᠎ᠦ ᠨᠡᠢᠭᠡᠮᠯᠢᠭ᠎ᠦᠨ ᠲᠥᠪ ᠬᠣᠷᠢᠶ᠎ᠠ᠎ᠶᠢ ᠲᠥᠯᠥᠭᠡᠯᠡᠨ ᠦᠭᠡ ᠬᠡᠯᠡᠬᠦ᠎ᠳᠡᠭᠡᠨ᠂ ᠰᠢᠨᠵᠢᠯᠡᠭᠡᠨ᠎ᠦ ᠰᠠᠯᠠᠭ᠎ᠠ᠎ᠶᠢ ᠰᠣᠯᠪᠢᠴᠠᠭᠤᠯᠤᠨ ᠠᠭᠤᠰᠤᠯᠴᠠᠭᠤᠯᠬᠤ᠎ᠶᠢ ᠶᠡᠬᠡ ᠪᠡᠷ ᠠᠬᠢᠭᠤᠯᠵᠤ᠂ ᠰᠢᠨ᠎ᠡ᠎ᠶᠢ ᠡᠭᠦᠳᠬᠦ ᠣᠷᠣᠢᠯᠠᠭᠰᠠᠨ ᠴᠢᠳᠠᠪᠤᠷᠢᠲᠠᠨ᠎ᠢ ᠬᠥᠮᠥᠵᠢᠭᠦᠯᠬᠦ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠵᠡᠷᠭᠡ ᠪᠡᠷ ᠠᠬᠢᠭᠤᠯᠬᠤ᠎ᠶᠢ ᠪᠡᠶᠡᠯᠡᠭᠦᠯᠪᠡᠯ ᠵᠤᠬᠢᠨ᠎ᠠ;ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠠᠵᠤ ᠦᠢᠯᠡᠰ᠎ᠦᠨ ᠬᠠᠮᠲᠤᠷᠠᠯᠴᠠᠭᠠᠨ᠎ᠤ ᠲᠣᠭᠲᠠᠴᠠ᠎ᠶᠢ ᠬᠦᠴᠦᠯᠡᠨ ᠭᠦᠨᠵᠡᠭᠡᠢᠷᠡᠭᠦᠯᠵᠦ᠂ ᠤᠯᠠᠨ ᠭᠣᠣᠯ ᠴᠣᠭᠴᠠ ᠬᠠᠮᠵᠢᠯᠴᠠᠭᠰᠠᠨ ᠰᠢᠨ᠎ᠡ᠎ᠶᠢ ᠡᠭᠦᠳᠬᠦ ᠣᠷᠣᠢᠯᠠᠭᠰᠠᠨ ᠴᠢᠳᠠᠪᠤᠷᠢᠲᠠᠨ᠎ᠢ ᠬᠥᠮᠥᠵᠢᠭᠦᠯᠬᠦ ᠠᠮᠢ ᠠᠬᠤᠢ᠎ᠶᠢ ᠪᠠᠢᠭᠤᠯᠪᠡᠯ ᠵᠤᠬᠢᠨ᠎ᠠ;ᠨᠡᠭᠡᠭᠡᠯᠲᠡ᠎ᠲᠠᠢ ᠰᠣᠯᠢᠯᠴᠠᠭ᠎ᠠ ᠬᠠᠮᠲᠤᠷᠠᠯᠴᠠᠭ᠎ᠠ᠎ᠶᠢ ᠪᠠᠷᠢᠮᠲᠠᠯᠠᠵᠤ᠂ ᠴᠢᠳᠠᠪᠤᠷᠢᠲᠠᠨ᠎ᠢ ᠬᠥᠮᠥᠵᠢᠭᠦᠯᠬᠦ ᠳᠡᠯᠡᠬᠡᠢᠵᠢᠯᠲᠡ᠎ᠶᠢᠨ ᠲᠦᠪᠰᠢᠨ᠎ᠢ ᠲᠦᠷᠭᠡᠨ ᠳᠡᠭᠡᠭᠰᠢᠯᠡᠭᠦᠯᠵᠦ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠬᠦᠴᠦᠲᠡᠢ ᠲᠤᠯᠭᠠᠭᠤᠷᠢᠯᠠᠯ ᠬᠠᠨᠭᠭᠠᠪᠠᠯ ᠵᠤᠬᠢᠨ᠎ᠠ ᠭᠡᠵᠤ ᠰᠠᠨᠠᠭᠤᠯᠪᠠ᠃

ᠬᠤᠷᠠᠯ᠎ᠢ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠸᠠᠩ ᠶᠦᠩ ᠡᠷᠭᠢᠯᠡᠪᠡ᠃

ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠣᠪᠴᠢᠶ᠎ᠡ ᠵᠢᠨ ᠭᠡᠰᠢᠭᠦᠨ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠱᠢ᠎ᠲᠠᠢ ᠹᠸᠩ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠬ᠍ᠤ ᠴᠦᠨ ᠬᠤᠸᠠ᠂ ᠱᠸᠨ ᠶᠤᠸᠠᠢ ᠶᠤᠸᠠᠢ᠂ ᠵᠧᠦ ᠴᠢᠶᠠᠩ᠂ ᠡᡁᠸ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠦ᠍ ᠬᠤᠢ᠂ ᠱᠤᠤ ᠬᠣᠩ᠂ ᠭᠤᠤ ᠶᠦᠨ ᠯᠦᠩ᠂ ᠴᠧᠨ ᠦ᠋᠂ ᠮᠦ᠍ ᠬᠣᠩ᠂ ᠰᠢᠶᠠᠨ ᠬᠤᠢ᠂ ᠸᠠᠩ ᠳ᠋ᠦᠩ ᠹᠸᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠡᡁᠸ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ᠍ ᠶᠦᠩ ᠰᠢᠨ᠂ ᠶᠠᠩ ᠵᠧᠨ ᠬᠤᠷᠠᠯ᠎ᠳᠤ ᠣᠷᠣᠯᠴᠠᠵᠠᠢ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面