2025-03-09 12:51:46
ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ 3 ᠰᠠᠷ᠎ᠠ᠎ᠶᠢᠨ 8᠎ᠤ᠋ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢᠳ᠎ᠦᠨ ᠠᠩᠬᠠᠳᠤᠭᠠᠷ ᠬᠤᠷᠠᠯ 8᠎ᠤ᠋ ᠦᠳᠡ᠎ᠶᠢᠨ ᠬᠣᠢᠨ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠤᠷᠠᠯᠳᠤᠪᠠ᠃ ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠵᠢᠨ ᠬᠣᠷᠢᠶᠠᠨ ᠳᠠᠷᠤᠭ᠎ᠠ ᠵᠤᠤ ᠯᠸ ᠵᠢᠢ ᠬᠤᠷᠠᠯ᠎ᠢ ᠡᠷᠬᠢᠯᠡᠪᠡ᠃
ᠬᠤᠷᠠᠯ᠎ᠡᠴᠡ ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ᠂ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠵᠢᠨ ᠨᠠᠷᠢᠨ ᠪᠢᠴᠢᠭ᠎ᠦᠨ ᠳᠠᠷᠤᠭ᠎ᠠ ᠯᠢᠦ ᠴᠢ᠎ᠶᠢᠨ ᠬᠢᠭᠰᠡᠨ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠬᠢᠨᠠᠨ ᠵᠥᠪᠯᠡᠭᠰᠡᠨ ᠪᠠ ᠵᠠᠰᠠᠪᠤᠷᠢ ᠣᠷᠣᠭᠤᠯᠤᠭᠰᠠᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠦᠨ ᠲᠤᠬᠠᠢ ᠰᠢᠢᠳᠪᠦᠷᠢ᠎ᠶᠢᠨ ᠲᠥᠰᠥᠯ᠎ᠦᠨ ᠣᠷᠣᠯᠠᠨ ᠲᠤᠭᠤᠷᠪᠢᠭ᠍ᠰᠠᠨ ᠨᠣᠣᠷᠠᠭ᠎ᠢ ᠬᠢᠨᠠᠨ ᠵᠥᠪᠯᠡᠪᠡ᠃
ᠬᠤᠷᠠᠯ᠎ᠡᠴᠡ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠵᠥᠪᠯᠡᠯ᠎ᠦᠨ ᠡᠷᠬᠢᠯᠡᠭᠴᠢ ᠭᠡᠰᠢᠭᠦᠨ ᠵᠥᠩ ᠱᠠᠨ᠎ᠤ ᠬᠢᠭᠰᠡᠨ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠵᠥᠪᠯᠡᠯ᠎ᠦᠨ 2024 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢ ᠬᠡᠷᠡᠭᠵᠢᠭᠦᠯᠦᠭᠰᠡᠨ ᠪᠠᠢᠳᠠᠯ ᠬᠢᠭᠡᠳ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢᠨ ᠲᠥᠰᠥᠯ᠎ᠢ ᠬᠢᠨᠠᠨ ᠪᠠᠢᠴᠠᠭᠠᠭᠰᠠᠨ ᠦᠷ᠎ᠡ ᠳ᠋ᠦᠩ᠎ᠦᠨ ᠮᠡᠳᠡᠭᠦᠯᠦᠯᠲᠡ᠎ᠶᠢᠨ ᠬᠣᠯᠪᠣᠭᠳᠠᠯ ᠪᠦᠬᠦᠢ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠬᠢᠨᠠᠨ ᠪᠠᠢᠴᠠᠭᠠᠭᠰᠠᠨ ᠦᠷ᠎ᠡ ᠳ᠋ᠦᠩ᠎ᠦᠨ ᠮᠡᠳᠡᠭᠦᠯᠦᠯᠲᠡ᠎ᠶᠢ ᠬᠢᠨᠠᠨ ᠵᠥᠪᠯᠡᠪᠡ᠃
ᠬᠤᠷᠠᠯ᠎ᠡᠴᠡ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠵᠥᠪᠯᠡᠯ᠎ᠦᠨ ᠳᠡᠳ᠋ ᠡᠷᠬᠢᠯᠡᠭᠴᠢ ᠭᠡᠰᠢᠭᠦᠨ ᠰᠢᠦᠢ ᠬᠣᠩ ᠼᠠᠢ᠎ᠶᠢᠨ ᠬᠢᠭᠰᠡᠨ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠵᠥᠪᠯᠡᠯ᠎ᠦᠨ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠥᠪ᠎ᠢ ᠭᠦᠢᠴᠡᠳᠬᠡᠭᠰᠡᠨ ᠪᠠᠢᠳᠠᠯ ᠬᠢᠭᠡᠳ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠥᠪ᠎ᠦᠨ ᠲᠥᠰᠥᠯ᠎ᠢ ᠬᠢᠨᠠᠨ ᠪᠠᠢᠴᠠᠭᠠᠭᠰᠠᠨ ᠦᠷ᠎ᠡ ᠳ᠋ᠦᠩ᠎ᠦᠨ ᠮᠡᠳᠡᠭᠦᠯᠦᠯᠲᠡ᠎ᠶᠢᠨ ᠬᠣᠯᠪᠣᠭᠳᠠᠯ ᠪᠦᠬᠦᠢ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠬᠢᠨᠠᠨ ᠪᠠᠢᠴᠠᠭᠠᠭᠰᠠᠨ ᠦᠷ᠎ᠡ ᠳ᠋ᠦᠩ᠎ᠦᠨ ᠮᠡᠳᠡᠭᠦᠯᠦᠯᠲᠡ᠎ᠶᠢ ᠬᠢᠨᠠᠨ ᠵᠥᠪᠯᠡᠪᠡ᠃
ᠬᠤᠷᠠᠯ᠎ᠡᠴᠡ ᠯᠢᠦ ᠴᠢ᠎ᠶᠢᠨ ᠬᠢᠭᠰᠡᠨ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ 2024 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢ ᠬᠡᠷᠡᠭᠵᠢᠭᠦᠯᠦᠭᠰᠡᠨ ᠪᠠᠢᠳᠠᠯ ᠬᠢᠭᠡᠳ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢᠨ ᠰᠢᠢᠳᠪᠦᠷᠢ᠎ᠶᠢᠨ ᠲᠥᠰᠥᠯ᠎ᠦᠨ ᠣᠷᠣᠯᠠᠨ ᠲᠤᠭᠤᠷᠪᠢᠭ᠍ᠰᠠᠨ ᠨᠣᠣᠷᠠᠭ᠂ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠥᠪ᠎ᠢ ᠭᠦᠢᠴᠡᠳᠭᠡᠭᠰᠡᠨ ᠪᠠᠢᠳᠠᠯ ᠬᠢᠭᠡᠳ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠥᠪ᠎ᠦᠨ ᠰᠢᠢᠳᠪᠦᠷᠢ᠎ᠶᠢᠨ ᠲᠥᠰᠥᠯ᠎ᠦᠨ ᠣᠷᠣᠯᠠᠨ ᠲᠤᠭᠤᠷᠪᠢᠭ᠍ᠰᠠᠨ ᠨᠣᠣᠷᠠᠭ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠬᠣᠶᠠᠷ ᠰᠢᠢᠳᠪᠦᠷᠢ᠎ᠶᠢᠨ ᠲᠥᠰᠥᠯ᠎ᠦᠨ ᠣᠷᠣᠯᠠᠨ ᠲᠤᠭᠤᠷᠪᠢᠭ᠍ᠰᠠᠨ ᠨᠣᠣᠷᠠᠭ᠎ᠢ ᠬᠢᠨᠠᠨ ᠵᠥᠪᠯᠡᠪᠡ᠃
ᠬᠤᠷᠠᠯ᠎ᠡᠴᠡ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠣᠯᠣᠨ ᠬᠠᠤᠯᠢ ᠴᠠᠭᠠᠵᠠ᠎ᠶᠢᠨ ᠵᠥᠪᠯᠡᠯ᠎ᠦᠨ ᠡᠷᠬᠢᠯᠡᠭᠴᠢ ᠭᠡᠰᠢᠭᠦᠨ ᠰᠢᠨ ᠴᠦᠨ ᠶᠢᠩ᠎ᠦᠨ ᠬᠢᠭᠰᠡᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠣᠯᠣᠨ ᠬᠠᠤᠯᠢ ᠴᠠᠭᠠᠵᠠ᠎ᠶᠢᠨ ᠵᠥᠪᠯᠡᠯ᠎ᠦᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠣᠯᠣᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠥᠯ᠎ᠢ ᠬᠢᠨᠠᠨ ᠵᠥᠪᠯᠡᠭᠰᠡᠨ ᠦᠷ᠎ᠡ ᠳ᠋ᠦᠩ᠎ᠦᠨ ᠲᠤᠬᠠᠢ ᠮᠡᠳᠡᠭᠦᠯᠦᠯᠲᠡ᠎ᠶᠢ ᠰᠣᠨᠣᠰᠴᠤ᠂ ᠲᠥᠯᠥᠭᠡᠯᠡᠭᠴᠢ᠎ᠶᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ᠎ᠤᠨ ᠲᠥᠰᠥᠯ᠎ᠢ ᠬᠢᠨᠠᠨ ᠵᠥᠪᠯᠡᠪᠡ᠃
ᠬᠤᠷᠠᠯ᠎ᠡᠴᠡ ᠳᠡᠭᠡᠷ᠎ᠡ ᠳᠤᠷᠠᠳᠤᠭᠰᠠᠨ ᠲᠥᠰᠥᠯ᠂ ᠮᠡᠳᠡᠭᠦᠯᠦᠯᠲᠡ ᠵᠡᠷᠭᠡ᠎ᠶᠢ ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ᠎ᠦᠨ ᠬᠣᠶᠠᠳᠤᠭᠠᠷ ᠬᠤᠷᠠᠯ᠎ᠳᠤ ᠳᠡᠪᠰᠢᠭᠦᠯᠦᠨ ᠬᠢᠨᠠᠨ ᠵᠥᠪᠯᠡᠭᠦᠯᠬᠦ᠎ᠶᠢ ᠵᠥᠪᠰᠢᠶᠡᠷᠡᠪᠡ᠃
ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠵᠢᠨ ᠳᠡᠳ᠋ ᠬᠣᠷᠢᠶᠠᠨ ᠳᠠᠷᠤᠭ᠎ᠠ ᠯᠢ ᠬᠣᠩ ᠵᠦᠩ᠂ ᠸᠠᠩ ᠳ᠋ᠦᠩ ᠮᠢᠩ᠂ ᠰᠢᠶᠣᠣ ᠵᠢᠶᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳᠠ ᠹᠸᠩ᠂ ᠾᠧ ᠸᠧᠢ᠂ ᠦ᠋ ᠸᠧᠢ ᠬᠤᠸᠠ᠂ ᠲᠢᠶᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠨᠭᠵᠠᠯᠰᠠᠨ᠂ ᠱᠢᠤᠸᠠᠢᠺᠸᠯᠠᠢ᠌ᠲ᠋ᠢ·ᠵᠠᠺᠸᠯ ᠬᠤᠷᠠᠯ᠎ᠳᠤ ᠣᠷᠣᠯᠴᠠᠪᠠ᠃
ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠤ᠋ᠨ ᠲᠡᠷᠢᠭᠦᠯᠡᠭ᠌ᠴᠢᠳ᠎ᠦᠨ ᠪᠦᠯᠬᠦᠮ 8 ᠤ᠋ ᠦᠳᠡ᠎ᠶ᠋ᠢᠨ ᠬᠣᠢᠨ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭᠠᠷ ᠤᠳᠠᠭ᠎ᠠ ᠵᠢᠨ ᠬᠤᠷᠠᠯ ᠬᠢᠪᠠ᠃ ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ ᠲᠥᠯᠥᠪᠯᠡᠭᠡ᠎ᠶ᠋ᠢᠨ ᠮᠡᠳᠡᠭᠦᠯᠦᠯᠲᠡ ᠪᠣᠯᠤᠨ ᠲᠥᠯᠥᠪᠯᠡᠭᠡ᠂ ᠲᠥᠰᠦᠪ᠎ᠦᠨ ᠮᠡᠳᠡᠭᠦᠯᠦᠯᠲᠡ ᠪᠣᠯᠤᠨ ᠲᠥᠰᠦᠪ᠎ᠦᠨ ᠲᠤᠬᠠᠢ ᠱᠢᠢᠳᠪᠦᠷᠢ᠎ᠶ᠋ᠢᠨ ᠲᠥᠰᠦᠯ ᠪᠣᠯᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠤᠨ ᠲᠥᠰᠦᠯ ᠵᠡᠷᠭᠡ᠎ᠶ᠋ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ ᠬᠤᠷᠠᠯ᠎ᠢ ᠡᠷᠬᠢᠯᠡᠪᠡ᠃
ᠬᠤᠷᠠᠯ᠎ᠳᠤ ᠤᠷᠤᠯᠴᠠᠬᠤ ᠶᠤᠰᠤᠳᠠᠢ ᠬᠦᠮᠦᠨ 176 ᠪᠠᠢᠵᠤ᠂ 172 ᠬᠥᠮᠦᠨ ᠣᠷᠣᠯᠴᠠᠵᠤ᠂ 4 ᠬᠥᠮᠦᠨ ᠣᠷᠣᠯᠴᠠᠭ᠍ᠰᠠᠨ ᠦᠭᠡᠢ᠂ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃
3 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ ᠪᠣᠯᠤᠨ 6 ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠲᠥᠯᠥᠭᠡᠯᠡᠭ᠌ᠴᠢᠳ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠲᠤᠬᠢᠷᠠᠭᠤᠯᠤᠯᠳᠠ᠎ᠶ᠋ᠢ ᠨᠡᠢᠳᠡᠮ᠎ᠳᠡᠭᠡᠨ ᠵᠥᠪᠱᠢᠶᠡᠷᠡᠪᠡ᠃ ᠬᠢᠨᠠᠨ ᠵᠥᠪᠯᠡᠬᠦ᠌ ᠳᠤᠮᠳᠠ᠂ ᠲᠥᠯᠥᠭᠡᠯᠡᠭ᠌ᠴᠢᠳ ᠪᠠᠰᠠ ᠵᠠᠷᠢᠮ ᠰᠠᠨᠠᠯ ᠪᠠ ᠰᠠᠨᠠᠭᠤᠯᠭ᠎ᠠ ᠳᠤᠷᠠᠳᠴᠠᠢ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠲᠥᠯᠥᠭᠡᠯᠡᠭ᠌ᠴᠢᠳ᠎ᠦᠨ ᠬᠢᠨᠠᠨ ᠵᠦᠪᠯᠡᠭᠰᠡᠨ ᠰᠠᠨᠠᠯ ᠪᠠ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ᠎ᠦ ᠰᠠᠨᠠᠯ᠎ᠢ ᠦᠨᠳᠦᠰᠦᠯᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠵᠠᠰᠠᠪᠤᠷᠢ ᠣᠷᠣᠭᠤᠯᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠲᠥᠯᠥᠭᠡᠯᠡᠭ᠌ᠴᠢᠳ᠎ᠦᠨ ᠬᠢᠨᠠᠨ ᠵᠥᠪᠯᠡᠭ᠌ᠰᠡᠨ ᠰᠠᠨᠠᠯ ᠪᠣᠯᠤᠨ ᠮᠡᠳᠡᠭᠦᠯᠦᠯᠲᠡ᠎ᠳᠦ ᠵᠠᠰᠠᠪᠤᠷᠢ ᠣᠷᠣᠭᠤᠯᠤᠭ᠍ᠰᠠᠨ ᠪᠠᠢᠳᠠᠯ᠎ᠢ ᠦᠨᠳᠦᠰᠦᠯᠡᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠵᠥᠪᠱᠢᠶᠡᠷᠡᠬᠦ᠌᠎ᠶ᠋ᠢ ᠰᠠᠨᠠᠭᠤᠯᠤᠭ᠍ᠰᠠᠨ ᠪᠥᠭᠡᠳ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠱᠢᠢᠳᠪᠦᠷᠢ᠎ᠶ᠋ᠢᠨ ᠲᠥᠰᠦᠯ᠎ᠢ ᠣᠷᠣᠯᠠᠨ ᠲᠤᠭᠤᠷᠪᠢᠪᠠ᠃ ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠱᠢᠢᠳᠪᠦᠷᠢ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠵᠦᠩ ᠱᠠᠨ ᠬᠤᠷᠠᠯ ᠳᠡᠭᠡᠷ᠎ᠠ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ 2024 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠪᠣᠯᠤᠨ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠢ ᠮᠡᠳᠡᠭᠦᠯᠦᠯᠲᠡ ᠬᠢᠪᠡ᠃ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠦᠵᠡᠬᠦ᠌᠎ᠪᠡᠷ᠂ 2024 ᠣᠨ᠎ᠤ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠶᠡᠷᠦᠩᠬᠡᠶ᠎ᠳᠡᠭᠡᠨ ᠨᠡᠯᠢᠶᠡᠳ ᠰᠠᠢᠨ ᠪᠠᠢᠨ᠎ᠠ᠃ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠳᠤᠷᠠᠳᠤᠭ᠍ᠰᠠᠨ 2025 ᠣᠨ᠎ᠤ ᠲᠥᠯᠥᠪᠯᠡᠭᠡ᠎ᠶ᠋ᠢᠨ ᠲᠣᠬᠢᠷᠠᠭᠤᠯᠤᠯᠲᠠ᠎ᠨᠢ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠲᠠᠶ ᠨᠡᠢᠴᠡᠵᠦ᠍᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ ᠲᠠᠶ ᠨᠡᠢᠴᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠱᠠᠭᠠᠷᠳᠠᠯᠭ᠎ᠠ᠎ᠲᠠᠶ ᠨᠡᠢᠴᠡᠵᠦ᠍᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠣᠳᠠᠲᠤ ᠪᠠᠢᠳᠠᠯ ᠲᠠᠢ ᠨᠡᠢᠴᠡᠵᠤ᠂ ᠶᠡᠷᠦᠩᠬᠡᠶ ᠱᠠᠭᠠᠷᠳᠠᠯᠭ᠎ᠠ᠂ ᠭᠤᠤᠯ ᠬᠠᠷᠠᠯᠲᠠ ᠡᠭᠦᠷᠭᠡ᠂ ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ ᠪᠠ ᠪᠣᠳᠠᠲᠠᠶ ᠠᠷᠭ᠎ᠠ ᠬᠡᠮᠵᠢᠶ᠎ᠡ ᠨᠢ ᠦᠨᠳᠦᠰᠦᠨ᠎ᠳᠡᠭᠡᠨ ᠵᠤᠬᠢᠴᠠᠩᠭᠤᠢ ᠪᠠᠢᠵᠤ᠂ ᠶᠡᠷᠦᠩᠬᠡᠶ᠎ᠳᠡᠭᠡᠨ ᠬᠡᠷᠡᠭ᠌ᠵᠢᠭᠦᠯᠦᠬᠦᠰᠢᠳᠠᠢ ᠪᠠᠢᠨ᠎ᠠ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠤᠷᠠᠳᠤᠭ᠍ᠰᠠᠨ 《2024 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭᠵᠢᠭᠦᠯᠦᠭᠰᠡᠨ ᠪᠠᠢᠳᠠᠯ ᠬᠢᠭᠡᠳ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠲᠤᠬᠠᠢ ᠮᠡᠳᠡᠭᠦᠯᠦᠯᠳᠡ》 ᠵᠢ ᠵᠥᠪᠱᠢᠶᠡᠷᠡᠵᠦ᠍᠂ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠵᠥᠪᠱᠢᠶᠡᠷᠡᠬᠦ᠌᠎ᠶ᠋ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠳᠤ ᠰᠠᠨᠠᠭᠤᠯᠪᠠ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠱᠢᠤᠢ ᠬᠣᠩ ᠼᠠᠢ ᠬᠤᠷᠠᠯ ᠳᠡᠭᠡᠷ᠎ᠠ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠵᠢᠴᠢ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠢ ᠮᠡᠳᠡᠭᠦᠯᠦᠯᠲᠡ ᠬᠢᠪᠡ᠃ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠦᠵᠡᠬᠦ᠌᠎ᠪᠡᠷ᠂ 2024 ᠣᠨ᠎ᠤ ᠲᠥᠰᠦᠪ᠎ᠢ ᠭᠦᠢᠴᠡᠳᠭᠡᠭ᠌ᠰᠡᠨ ᠪᠠᠢᠳᠠᠯ ᠶᠡᠷᠦᠩᠬᠡᠢ᠎ᠳᠡᠭᠡᠨ ᠨᠡᠯᠢᠶᠡᠳ ᠰᠠᠢ᠌ᠨ ᠪᠠᠢᠨ᠎ᠠ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠤᠷᠠᠳᠤᠭ᠍ᠰᠠᠨ 2025 ᠣᠨ᠎ᠤ ᠲᠥᠰᠦᠪ᠎ᠦᠨ ᠮᠡᠳᠡᠭᠦᠯᠦᠯᠲᠡ᠂ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ ᠨᠢ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠲᠠᠶ ᠨᠡᠢᠴᠡᠵᠦ᠍᠂ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ᠎ᠲᠠᠶ ᠨᠡᠢᠴᠡᠵᠦ᠍᠂ ᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠱ᠌ᠢᠭ᠌ᠰᠡᠨ ᠬᠠᠷᠠᠯᠲᠠ ᠪᠣᠯᠤᠨ ᠬᠣᠷᠸ᠎ᠠ ᠡᠵᠡᠮᠱᠢᠯ ᠲᠤᠬᠢᠷᠠᠭᠤᠯᠭ᠎ᠠ᠎ᠶ᠋ᠢᠨ ᠶᠡᠷᠦᠩᠬᠡᠢ ᠱᠠᠭᠠᠷᠳᠠᠯᠭ᠎ᠠ᠎ᠲᠠᠶ ᠵᠣᠬᠢᠴᠠᠵᠤ᠂ ᠭᠣᠣᠯ ᠣᠷᠣᠯᠭ᠎ᠠ ᠵᠠᠷᠤᠯᠭ᠎ᠠ᠎ᠶ᠋ᠢᠨ ᠲᠦᠷᠦ᠍᠎ᠶ᠋ᠢᠨ ᠪᠤᠳᠤᠯᠭᠠᠦᠨᠳᠦᠰᠦᠨᠳᠡᠭᠡᠨ ᠵᠣᠬᠢᠴᠠᠨᠭᠭᠤᠢ ᠪᠠᠢᠵᠤ᠂ ᠣᠷᠣᠱᠢᠵᠤ ᠪᠠᠢᠭ᠎ᠠ ᠬᠦᠴᠢᠷᠳᠡᠯ ᠪᠣᠯᠤᠨ ᠥᠷᠢᠰᠥᠯᠳᠦᠭᠡᠨ᠎ᠳᠦ ᠨᠠᠷᠢᠨ ᠬᠢᠨᠠᠮᠠᠭᠠᠢ ᠵᠠᠳᠠᠯᠤᠯᠲᠠ ᠬᠢᠵᠦ᠍᠂ ᠠᠵᠢᠯ᠎ᠢᠶᠠᠨ ᠰᠠᠢᠲᠤᠷ ᠬᠢᠬᠦ᠌᠎ᠳᠦ ᠵᠣᠬᠢᠰᠲᠠᠢ ᠲᠤᠬᠢᠷᠠᠭᠤᠯᠤᠯᠳᠠ ᠬᠢᠵᠦ᠍᠂ ᠲᠥᠰᠦᠪ᠎ᠦᠨ ᠬᠠᠤᠯᠢ᠎ᠶ᠋ᠢᠨ ᠲᠣᠭ᠍ᠲᠠᠭᠠᠯ᠎ᠲᠠᠶ ᠨᠡᠢᠴᠡᠵᠦ᠍᠂ ᠶᠡᠷᠦᠩᠬᠡᠢ᠎ᠳᠡᠭᠡᠨ ᠬᠡᠷᠡᠭ᠌ᠵᠢᠭᠦᠯᠵᠦ᠍ ᠪᠣᠯᠤᠨ᠎ᠠ᠃ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠳᠤᠷᠠᠳᠤᠭ᠍ᠰᠠᠨ 《2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠬᠢᠭᠡᠳ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠲᠤᠬᠠᠶ ᠮᠡᠳᠡᠬᠦᠯᠦᠯᠳᠠ》 ᠵᠢ ᠵᠥᠪᠱᠢᠶᠡᠷᠡᠵᠦ᠍᠂ 2025 ᠣᠨ᠎ᠤ ᠲᠥᠪ᠎ᠦᠨ ᠲᠥᠰᠦᠪ᠎ᠦᠨ ᠲᠥᠰᠦᠯ᠎ᠢ ᠵᠥᠪᠱᠢᠶᠡᠷᠡᠬᠦ᠌᠎ᠶ᠋ᠢᠨ ᠬᠠᠮᠲᠤ 2025 ᠣᠨ᠎ᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠡᠩ᠎ᠦᠨ ᠦᠷᠢ ᠥᠭ᠌ᠴᠡᠭᠡᠨ᠎ᠦ ᠬᠢᠵᠠᠭᠠᠷ ᠲᠣᠭ᠎ᠠ ᠪᠠ ᠲᠤᠰᠭᠠᠶ ᠵᠦᠢᠯ ᠤ᠋ᠨ ᠦᠷᠢ ᠥᠭ᠌ᠴᠡᠭᠡᠨ᠎ᠦ ᠬᠢᠵᠠᠭᠠᠷ ᠲᠣᠭ᠎ᠠ᠎ᠶ᠋ᠢ ᠵᠥᠪᠱᠢᠶᠡᠷᠡᠬᠦ᠌᠎ᠶ᠋ᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠳᠤ ᠰᠠᠨᠠᠭᠤᠯᠪᠠ᠃
ᠬᠤᠷᠠᠯ᠎ᠡᠴᠡ ᠪᠠᠳᠤᠯᠠᠯᠳᠠ ᠬᠢᠬᠦ ᠪᠡᠷ ᠲᠠᠮᠵᠢᠨ᠂ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠬᠢᠨᠠᠨ ᠪᠠᠢᠴᠠᠭᠠᠭ᠍ᠰᠠᠨ ᠬᠣᠶᠠᠷ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠪᠠᠲᠤᠯᠠᠪᠠ᠃
3 ᠰᠠᠷ᠎ᠠ᠎ᠶ᠋ᠢᠨ 6 ᠤ᠋ ᠦᠳᠡ᠎ᠶ᠋ᠢᠨ ᠬᠣᠢᠨ᠎ᠠ ᠪᠣᠯᠤᠨ 7 ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠲᠥᠯᠥᠪᠯᠡᠭᠡ ᠶ᠋ᠢᠨ ᠮᠡᠳᠡᠭᠦᠯᠦᠯᠲᠡ ᠪᠠ ᠲᠥᠯᠥᠪᠯᠡᠭᠡ᠎ᠶ᠋ᠢᠨ ᠲᠥᠰᠦᠯ᠂ ᠲᠥᠰᠦᠪ᠎ᠦᠨ ᠮᠡᠳᠡᠭᠦᠯᠦᠯᠲᠡ ᠪᠠ ᠲᠥᠰᠦᠪ᠎ᠦᠨ ᠲᠥᠰᠦᠯ᠎ᠢ ᠨᠠᠷᠢᠨ ᠬᠢᠨᠠᠮᠠᠭᠠᠢ ᠬᠢᠨᠠᠨ ᠪᠠᠢᠴᠠᠭᠠᠪᠠ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠡᠴᠡ ᠲᠥᠯᠥᠭᠡᠯᠡᠭ᠌ᠴᠢᠳ᠎ᠦᠨ ᠬᠢᠨᠠᠨ ᠪᠠᠢᠴᠠᠭᠠᠭ᠍ᠰᠠᠨ ᠰᠠᠨᠠᠯ᠎ᠢ ᠦᠨᠳᠦᠰᠦᠯᠡᠨ᠂ ᠲᠥᠯᠥᠪᠯᠡᠭᠡ᠎ᠶ᠋ᠢᠨ ᠮᠡᠳᠡᠭᠦᠯᠦᠯᠲᠡ ᠪᠠ ᠲᠥᠯᠥᠪᠯᠡᠭᠡ᠎ᠶ᠋ᠢᠨ ᠲᠥᠰᠦᠯ᠂ ᠲᠥᠰᠦᠪ᠎ᠦᠨ ᠮᠡᠳᠡᠭᠦᠯᠦᠯᠲᠡ᠎ᠳᠦ ᠲᠤᠰ ᠲᠤᠰ ᠵᠠᠰᠠᠪᠤᠷᠢ ᠣᠷᠣᠭᠤᠯᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠲᠥᠯᠥᠭᠡᠯᠡᠭ᠌ᠴᠢᠳ᠎ᠦᠨ ᠬᠢᠨᠠᠨ ᠪᠠᠢᠴᠠᠭᠠᠭ᠍ᠰᠠᠨ ᠰᠠᠨᠠᠯ᠂ ᠮᠡᠳᠡᠭᠦᠯᠦᠯᠲᠡ ᠪᠣᠯᠤᠨ ᠲᠥᠰᠦᠯ᠎ᠳᠦ ᠵᠠᠰᠠᠪᠤᠷᠢ ᠣᠷᠣᠭᠤᠯᠤᠭ᠍ᠰᠠᠨ ᠪᠠᠢᠳᠠᠯ ᠪᠣᠯᠤᠨ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠦᠨᠳᠦᠰᠦᠯᠡᠵᠦ᠍᠂ ᠲᠥᠯᠥᠪᠯᠡᠭᠡ᠎ᠶ᠋ᠢᠨ ᠮᠡᠳᠡᠭᠦᠯᠦᠯᠲᠡ ᠪᠠ ᠲᠥᠯᠥᠪᠯᠡᠭᠡ᠎ᠶ᠋ᠢᠨ ᠲᠥᠰᠦᠯ᠂ ᠲᠥᠰᠦᠪ᠎ᠦᠨ ᠮᠡᠳᠡᠭᠦᠯᠦᠯᠲᠡ ᠪᠠ ᠲᠥᠪ᠎ᠦᠨ ᠲᠥᠰᠦᠪ᠎ᠦᠨ ᠲᠥᠰᠦᠯ᠎ᠢ ᠵᠥᠪᠱᠢᠶᠡᠷᠡᠬᠦ᠌᠎ᠶ᠋ᠢ ᠰᠠᠨᠠᠭᠤᠯᠤᠭ᠍ᠰᠠᠨ ᠪᠥᠭᠡᠳ ᠲᠥᠯᠥᠪᠯᠡᠭᠡ᠎ᠶ᠋ᠢᠨ ᠮᠡᠳᠡᠭᠦᠯᠦᠯᠲᠡ ᠪᠠ ᠲᠥᠯᠥᠪᠯᠡᠭᠡ᠂ ᠲᠥᠰᠦᠪ᠎ᠦᠨ ᠮᠡᠳᠡᠭᠦᠯᠦᠯᠲᠡ ᠪᠠ ᠲᠥᠰᠦᠪ᠎ᠦᠨ ᠲᠤᠬᠠᠢ ᠬᠣᠶᠠᠷ ᠱᠢᠢᠳᠪᠦᠷᠢ᠎ᠶ᠋ᠢᠨ ᠲᠥᠰᠦᠯ᠎ᠢ ᠣᠷᠣᠯᠠᠨ ᠲᠤᠭᠤᠷᠪᠢᠪᠠ᠃ ᠬᠤᠷᠠᠯ᠎ᠡᠴᠡ ᠪᠠᠲᠤᠯᠠᠯᠲᠠ ᠬᠢᠬᠦ᠌ ᠪᠡᠷ ᠲᠠᠮᠵᠢᠨ 2024 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠬᠠᠢ ᠱᠢᠢᠳᠪᠦᠷᠢ᠎ᠶ᠋ᠢᠨ ᠲᠥᠰᠦᠯ᠂ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠤᠬᠠᠢ ᠱᠢᠢᠳᠪᠦᠷᠢ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
3 ᠰᠠᠷ᠎ᠠ᠎ᠶ᠋ᠢᠨ 7 ᠤ᠋ ᠦᠳᠡ᠎ᠶ᠋ᠢᠨ ᠬᠣᠢᠨ᠎ᠠ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ ᠡᠴᠡ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ᠎ᠢ ᠦᠨᠳᠦᠰᠦᠯᠡᠨ᠂ ᠵᠠᠰᠠᠪᠤᠷᠢ ᠣᠷᠣᠭᠤᠯᠬᠤ ᠲᠥᠰᠦᠯ᠎ᠢ ᠬᠢᠨᠠᠨ ᠵᠥᠪᠯᠡᠵᠦ᠍᠂ ᠲᠥᠯᠥᠭᠡᠯᠡᠭ᠌ᠴᠢ᠎ᠶ᠋ᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠤᠨ ᠲᠥᠰᠦᠯ᠎ᠢ ᠳᠤᠷᠠᠳᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ ᠡᠴᠡ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠱᠢᠨ ᠴᠦᠨ ᠶᠢᠩ᠎ᠦᠨ ᠬᠢᠭ᠌ᠰᠡᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠲᠥᠯᠥᠭᠡᠯᠡᠭ᠌ᠴᠢ᠎ᠶ᠋ᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠲᠤᠬᠠᠢ ᠮᠡᠳᠡᠭᠦᠯᠦᠯᠲᠡ᠎ᠶ᠋ᠢ ᠰᠣᠨᠣᠰᠪᠠ᠃ ᠬᠤᠷᠠᠯ᠎ᠡᠴᠡ ᠪᠠᠳᠤᠯᠠᠯᠳᠠ ᠬᠢᠬᠦ ᠪᠡᠷ ᠲᠠᠮᠵᠢᠨ᠂ ᠡᠨᠡ ᠬᠦ᠌ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠮᠡᠳᠡᠭᠦᠯᠦᠯᠲᠡ ᠵᠢᠴᠢ ᠲᠥᠯᠥᠭᠡᠯᠡᠭ᠌ᠴᠢ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠤᠨ ᠲᠥᠰᠦᠯ᠎ᠢ ᠪᠠᠲᠤᠯᠠᠵᠤ᠂ ᠲᠥᠯᠥᠭᠡᠯᠡᠭ᠌ᠴᠢ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠤᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠬᠣᠩ ᠵᠦᠩ᠂ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠨᠭᠵᠠᠯᠰᠠᠨ᠂ ᠱᠢᠤᠸᠠᠢᠺᠸᠯᠠᠢ᠌ᠲ᠋ᠢ·ᠵᠠᠺᠸᠯ᠂ ᠯᠢᠦ ᠴᠢ ᠬᠤᠷᠠᠯ᠎ᠳᠤ ᠣᠷᠣᠯᠴᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃